ᠭᠠᠩᠰᠠᠷᠠᠬᠤ ᠭᠡᠮ ᠢ ᠵᠠᠰᠠᠬᠤ ᠳᠤ ᠶᠠᠮᠠᠷ ᠲᠠᠮᠢᠷ ᠤᠨ ᠬᠥᠳᠡᠯᠭᠡᠭᠡᠨ ᠬᠠᠮᠤᠭ ᠠᠴᠠ ᠲᠤᠰᠠᠲᠠᠢ ᠪᠤᠢ︖
ᠨᠡᠶᠢᠲᠡᠯᠡᠭᠰᠡᠨ ᠴᠠᠭ᠄
2024/3/19
   ᠭᠠᠩᠰᠠᠷᠠᠬᠤ ᠭᠡᠮ ᠢ ᠵᠠᠰᠠᠬᠤ ᠤᠯᠠᠨ ᠵᠦᠢᠯ ᠤᠨ ᠠᠷᠭ᠎ᠠ ᠵᠠᠮ ᠤᠨ ᠳᠤᠮᠳᠠ᠂ ᠲᠠᠮᠢᠷ ᠤᠨ ᠬᠥᠳᠡᠯᠭᠡᠭᠡᠨ ᠦᠷᠭᠦᠯᠵᠢ ᠳᠤᠷᠠᠳᠤᠭᠳᠠᠳᠠᠭ ᠨᠢᠭᠡᠨ ᠪᠠᠶᠢᠵᠤ᠂ ᠲᠡᠭᠦᠨ ᠤ ᠠᠴᠢ ᠲᠤᠰᠠ ᠨᠢ ᠮᠠᠰᠢ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠢᠶᠠᠷ ᠭᠡᠷᠡᠴᠢᠯᠡᠭᠳᠡᠭᠰᠡᠨ ᠪᠠᠶᠢᠳᠠᠭ᠃    ᠭᠡᠪᠡᠴᠦ ᠠᠳᠠᠯᠢ ᠪᠤᠰᠤ ᠬᠥᠮᠥᠰ ᠲᠤ ᠵᠣᠷᠢᠭᠤᠯᠤᠨ ᠠᠯᠢ ᠵᠦᠢᠯ ᠤᠨ ᠲᠠᠮᠢᠷ ᠤᠨ ᠬᠥᠳᠡᠯᠭᠡᠭᠡᠨ ᠢ ᠰᠣᠩᠭᠤᠪᠠᠯ ᠬᠠᠮᠤᠭ ᠠᠴᠠ ᠢᠯᠡᠭᠦᠦ ᠲᠤᠰᠠ ᠲᠠᠢ ᠪᠠᠶᠢᠳᠠᠭ ᠪᠣᠯ︖    ᠣᠶᠢᠷ᠎ᠠ ᠳᠤ ︽ᠠᠩᠭ᠍ᠯᠢ ᠶᠢᠨ ᠠᠨᠠᠭᠠᠬᠤ ᠤᠬᠠᠭᠠᠨ ᠤ ᠰᠡᠳᠬᠦᠯ︾ ᠳᠤ ᠨᠡᠶᠢᠲᠡᠯᠡᠭᠳᠡᠭᠰᠡᠨ ᠨᠢᠭᠡᠨ  ᠴᠢᠬᠤᠯᠠ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠠᠯᠬᠤᠬᠤ᠂ ᠶᠤᠭ᠎ᠠ᠂ ᠠᠭᠠᠵᠢᠮ ᠭᠦᠶᠦᠬᠦ ᠪᠠ ᠬᠦᠴᠦᠨ ᠤ ᠪᠣᠯᠪᠠᠰᠤᠷᠠᠯ ᠬᠢᠬᠦ ᠵᠡᠷᠭᠡ ᠲᠠᠮᠢᠷ ᠤᠨ ᠬᠥᠳᠡᠯᠭᠡᠭᠡᠨ ᠤ ᠠᠷᠭ᠎ᠠ ᠮᠠᠶ᠋ᠢᠭ ᠨᠢ ᠭᠠᠩᠰᠠᠷᠠᠬᠤ ᠭᠡᠮ ᠢ ᠵᠠᠰᠠᠬᠤ ᠲᠠᠯ᠎ᠠ ᠪᠠᠷ ᠰᠡᠳᠬᠢᠴᠡ ᠶᠢᠨ ᠡᠮᠴᠢᠯᠡᠭᠡ ᠲᠠᠢ ᠠᠳᠠᠯᠢᠬᠠᠨ ᠦᠷ᠎ᠡ ᠠᠰᠢᠭ ᠲᠠᠢ ᠭᠡᠵᠡᠢ᠃    ᠡᠭᠦᠨ ᠤ ᠲᠤᠬᠠᠢ ︽ᠠᠮᠢ ᠨᠠᠰᠤ ᠴᠠᠭ ᠤᠨ ᠰᠣᠨᠢᠨ︾ ᠤ ᠰᠤᠷᠪᠤᠯᠵᠢᠯᠠᠬᠴᠢ ᠠᠴᠠ ᠪᠡᠭᠡᠵᠢᠩ ᠤᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠮᠥᠨ ᠤ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠲᠤᠰᠬᠠᠢ ᠮᠡᠷᠭᠡᠵᠢᠯᠲᠡᠨ ᠰᠦ᠋ ᠬᠤᠤ ᠶᠢ ᠰᠤᠷᠪᠤᠯᠵᠢᠯᠠᠵᠤ᠂ ᠠᠳᠠᠯᠢ ᠪᠤᠰᠤ ᠪᠦᠯᠦᠭ ᠤᠨ ᠬᠥᠮᠥᠰ ᠲᠤ ᠲᠣᠬᠢᠷᠠᠬᠤ ᠭᠠᠩᠰᠠᠷᠠᠬᠤ ᠭᠡᠮ ᠢ ᠵᠠᠰᠠᠬᠤ ᠬᠠᠮᠤᠭ ᠤᠨ ᠰᠠᠶᠢᠨ ᠲᠠᠮᠢᠷ ᠤᠨ ᠬᠥᠳᠡᠯᠭᠡᠭᠡᠨ ᠢ ᠬᠡᠯᠡᠵᠦ ᠥᠭᠴᠡᠢ᠃    ᠡᠨᠡ ᠬᠦ ᠲᠣᠮᠣ ᠭᠡᠯᠪᠡᠷᠢ ᠶᠢᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠬᠦᠴᠦᠨ ᠤ ᠪᠣᠯᠪᠠᠰᠤᠷᠠᠯ ᠨᠢ ᠡᠮᠡᠭᠲᠡᠶᠢᠴᠦᠳ ᠤᠨ ᠭᠠᠩᠰᠠᠷᠠᠬᠤ ᠭᠡᠮ ᠢ ᠨᠠᠮᠳᠠᠭᠠᠬᠤ ᠳᠤ ᠨᠠᠩ ᠲᠤᠰᠠᠲᠠᠢ᠂ ᠶᠤᠭ᠎ᠠ᠂ ᠠᠮᠢᠰᠬᠤᠯ ᠤᠨ ᠲᠠᠮᠢᠷ ᠨᠢ ᠡᠷᠡᠭᠲᠡᠶᠢᠴᠦᠳ ᠲᠤ ᠨᠠᠩ ᠲᠤᠰᠠᠲᠠᠶ᠃ ᠶᠤᠭ᠎ᠠ ᠨᠢ ᠨᠠᠰᠤᠲᠠᠶᠢᠴᠤᠳ ᠤᠨ ᠳᠤᠮᠳᠠ ᠨᠡᠩ ᠢᠯᠡᠭᠦᠦ ᠦᠢᠯᠡᠳᠦᠯ ᠲᠠᠢ᠂ ᠬᠦᠴᠦᠨ ᠤ ᠪᠣᠯᠪᠠᠰᠤᠷᠠᠯ ᠨᠢ ᠵᠠᠯᠠᠭᠤᠴᠤᠳ ᠤᠨ ᠳᠤᠮᠳᠠ ᠨᠡᠩ ᠢᠯᠡᠭᠦᠦ ᠦᠢᠯᠡᠳᠦᠯ ᠲᠠᠢ᠃ ᠬᠤᠪᠢ ᠬᠥᠮᠥᠨ ᠪᠠ ᠪᠦᠯᠭᠦᠮ ᠤᠨ ᠬᠥᠳᠡᠯᠭᠡᠭᠡᠨ ᠤ ᠦᠷ᠎ᠡ ᠳ᠋ᠦᠩ ᠨᠢ ᠠᠳᠠᠯᠢᠪᠲᠤᠷ᠃ ᠣᠨᠴᠠᠭᠠᠶᠢᠯᠠᠨ ᠡᠳᠡᠭᠡᠷ ᠲᠠᠮᠢᠷ ᠤᠨ ᠬᠥᠳᠡᠯᠭᠡᠭᠡᠨ  ᠨᠢ ᠨᠡᠯᠢᠶᠡᠳ ᠥᠨᠳᠥᠷ ᠬᠦᠴᠦᠯᠡᠴᠡ ᠪᠠᠷ ᠶᠠᠪᠤᠭᠳᠠᠬᠤ ᠦᠶ᠎ᠡ ᠳᠤ ᠦᠷ᠎ᠡ ᠳ᠋ᠦᠩ ᠨᠢ ᠨᠡᠩ ᠢᠯᠡᠷᠬᠡᠢ ᠪᠠᠶᠢᠳᠠᠭ ᠭᠡᠵᠡᠢ᠃    ᠳᠡᠭᠡᠷᠡᠬᠢ ᠰᠤᠳᠤᠯᠭᠠᠨ ᠤ ᠦᠷ᠎ᠡ ᠳ᠋ᠦᠩ ᠲᠠᠢ ᠤᠶᠠᠯᠳᠤᠭᠤᠯᠤᠨ᠂ ᠰᠦ᠋ ᠬᠤᠤ ᠫᠷᠤᠹᠧᠰᠰᠤᠷ ᠠᠴᠠ ᠳᠣᠣᠷᠠᠬᠢ ᠵᠥᠪᠯᠡᠯᠭᠡ ᠶᠢ ᠭᠠᠷᠭᠠᠵᠠᠢ᠄    ᠪᠦᠰᠡᠭᠦᠶᠢᠴᠦᠳ᠄ ᠶᠤᠭ᠎ᠠ᠂ ᠬᠦᠴᠦᠨ ᠤ ᠪᠣᠯᠪᠠᠰᠤᠷᠠᠯ    ᠠᠯᠪᠠᠨ ᠠᠵᠢᠯ ᠲᠠᠢ ᠪᠦᠰᠡᠭᠦᠶᠢᠴᠦᠳ ᠲᠤ ᠠᠪᠴᠤ ᠬᠡᠯᠡᠪᠡᠯ᠂ ᠪᠠᠴᠢᠮ ᠶᠠᠭᠠᠷᠠᠯᠲᠠᠢ ᠠᠵᠢᠯ ᠤᠨ ᠠᠶᠢᠵᠠᠮ ᠨᠢ ᠤᠳᠠᠭᠠᠨ ᠰᠠᠭᠤᠬᠤ᠂ ᠤᠷᠲᠦ ᠬᠤᠭᠤᠴᠠᠭ᠎ᠠ ᠪᠠᠷ ᠶᠠᠳᠠᠷᠠᠬᠤ᠂ ᠴᠤᠭ ᠰᠦᠯᠳᠡ ᠦᠭᠡᠢ ᠪᠤᠯᠬᠤ᠂ ᠣᠷᠳᠣ ᠬᠤᠭᠤᠴᠠᠭ᠎ᠠ ᠪᠠᠷ ᠨᠣᠶᠢᠷ ᠬᠤᠯᠵᠢᠬᠤ᠂ ᠴᠠᠭ ᠨᠡᠮᠡᠵᠦ ᠠᠵᠢᠯᠯᠠᠬᠤ᠂ ᠰᠥᠨᠢᠵᠢᠨ ᠰᠠᠭᠤᠬᠤ ᠵᠡᠷᠭᠡ ᠪᠠᠶᠢᠳᠠᠯ ᠢ ᠠᠮᠠᠷᠬᠠᠨ ᠪᠤᠶ ᠪᠣᠯᠭᠠᠳᠠᠭ ᠠᠴᠠ᠂ ᠭᠠᠩᠰᠠᠷᠠᠬᠤ ᠭᠡᠮ ᠢ ᠨᠠᠩ ᠬᠦᠨᠳᠦᠷᠡᠭᠦᠯᠳᠡᠭ᠃    ᠪᠦᠰᠡᠭᠦᠶᠢᠴᠦᠳ ᠣᠶᠤᠨ ᠰᠠᠨᠠᠭᠠᠨ ᠤ ᠳᠠᠷᠤᠯᠲᠠ ᠶᠡᠭᠡ ᠪᠠᠶᠢᠬᠤ ᠦᠶ᠎ᠡ ᠳᠤ ᠶᠤᠭ᠎ᠠ ᠶᠢ ᠲᠤᠷᠰᠢᠵᠤ ᠪᠣᠯᠣᠨ᠎ᠠ᠂ ᠶᠤᠭ᠎ᠠ ᠨᠢ ᠪᠤᠯᠴᠢᠩ ᠮᠢᠬ᠎ᠠ ᠪᠠᠨ ᠰᠤᠩᠭᠠᠬᠤ ᠪᠠ ᠠᠮᠢᠰᠬᠤᠯ ᠤᠨ ᠬᠠᠮᠵᠢᠯᠴᠠᠭ᠎ᠠ ᠪᠠᠷ ᠳᠡᠮᠵᠢᠨ᠂ ᠥᠪᠡᠷ ᠢ ᠪᠠᠨ ᠠᠳᠬᠤᠷᠠᠭᠰᠠᠨ ᠪᠠᠶᠢᠳᠠᠯ ᠠᠴᠠ ᠴᠢᠯᠦᠭᠡᠯᠡᠵᠦ᠂ ᠪᠡᠶ᠎ᠡ ᠰᠡᠳᠬᠢᠯ ᠢᠶᠠᠨ ᠠᠮᠠᠷᠠᠭᠠᠵᠤ ᠠᠭᠤᠵᠢᠷᠠᠭᠤᠯᠤᠨ᠎ᠠ᠃ᠨᠥᠬᠦᠴᠡᠯ ᠪᠣᠯᠣᠯᠴᠠᠭ᠎ᠠ ᠲᠠᠢ ᠪᠦᠰᠡᠭᠦᠶᠢᠴᠦᠳ ᠪᠡᠶ᠎ᠡ ᠪᠤᠯᠪᠠᠰᠤᠷᠠᠭᠤᠯᠬᠤ ᠭᠠᠵᠠᠷ ᠲᠤ ᠬᠦᠷᠴᠦ ᠲᠡᠮᠡᠴᠡᠭᠡᠨ᠂ ᠲᠤᠶᠢᠪᠠᠩ ᠡᠷᠭᠦᠬᠦ ᠵᠡᠷᠭᠡ ᠬᠦᠴᠦᠨ ᠤ ᠪᠣᠯᠪᠠᠰᠤᠷᠠᠯ ᠢ ᠰᠤᠷᠬᠤ ᠪᠤᠶᠤ ᠭᠡᠷ ᠲᠡᠭᠡᠨ ᠣᠴᠣᠶᠢᠬᠤ᠂ ᠠᠯᠬᠤᠬᠤ᠂ ᠡᠯᠢᠭᠡᠳᠡᠵᠦ ᠲᠤᠯᠬᠤ ᠵᠡᠷᠭᠡ ᠬᠥᠳᠡᠯᠭᠡᠭᠡᠨ ᠬᠢᠵᠦ ᠪᠣᠯᠪᠠᠰᠤᠷᠠᠨ᠎ᠠ᠃    ᠪᠠᠰᠠ ᠠᠵᠢᠯ ᠠᠮᠢᠳᠤᠷᠠᠯ ᠳᠤᠮᠳᠠ ᠪᠠᠨ ᠲᠠᠮᠢᠷ ᠤᠨ ᠬᠥᠳᠡᠯᠭᠡᠭᠡᠨ ᠢ ᠠᠭᠤᠰᠬᠠᠨ ᠣᠷᠣᠭᠤᠯᠵᠤ ᠪᠣᠯᠣᠨ᠎ᠠ᠂ ᠵᠢᠱᠢᠶᠡᠯᠡᠪᠡᠯ ᠨᠢᠭᠡ ᠴᠠᠭ ᠠᠵᠢᠯᠯᠠᠭᠠᠳ ᠪᠣᠰᠴᠤ 5 ᠮᠢᠨᠦ᠋ᠲ ᠬᠥᠳᠡᠯᠭᠡᠭᠡᠨ ᠬᠢᠬᠦ᠂ ᠣᠴᠣᠶᠢᠵᠤ ᠠᠯᠬᠤᠬᠤ᠂ ᠡᠯᠢᠭᠡᠳᠡᠵᠦ ᠭᠠᠷ ᠲᠤᠯᠬᠤ᠂ ᠷᠠᠳᠢᠣ᠋ ᠪᠡᠶ᠎ᠡ ᠲᠠᠮᠢᠷ ᠵᠡᠷᠭᠡ ᠨᠢ ᠪᠦᠷ ᠬᠡᠵᠢᠶ᠎ᠡ ᠬᠠᠮᠢᠭ᠎ᠠ ᠴᠤ ᠬᠢᠵᠦ ᠪᠤᠯᠬᠤ ᠲᠠᠮᠢᠷ ᠤᠨ ᠬᠥᠳᠡᠯᠭᠡᠭᠡᠨ ᠶᠤᠮ᠂ ᠡᠳᠡᠭᠡᠷ ᠲᠠᠮᠢᠷ ᠤᠨ ᠬᠥᠳᠡᠯᠭᠡᠭᠡᠨ ᠨᠢ ᠬᠥᠰᠢᠭᠰᠡᠨ ᠪᠤᠯᠴᠢᠩ ᠢ ᠲᠠᠶᠢᠪᠤᠰᠢᠷᠠᠭᠤᠯᠵᠤ᠂ ᠨᠢᠷᠤᠭᠤ ᠱᠠᠷᠬᠢᠷᠠᠵᠤ ᠡᠪᠡᠳᠬᠦ ᠶᠢ ᠨᠠᠮᠳᠠᠭᠠᠬᠤ ᠪᠠᠷ ᠪᠠᠷᠠᠬᠤ ᠦᠭᠡᠢ ᠪᠠᠰᠠ ᠲᠠᠷᠢᠬᠢ ᠶᠢ ᠠᠮᠠᠷᠠᠭᠠᠵᠤ᠂ ᠴᠤᠭ ᠵᠢᠪᠬᠤᠭ᠎ᠠ ᠲᠠᠢ ᠪᠤᠯᠭᠠᠵᠤ ᠴᠢᠳᠠᠨ᠎ᠠ᠃    ᠵᠠᠯᠠᠭᠤᠴᠤᠳ᠄ ᠠᠭᠠᠵᠢᠮ ᠭᠦᠶᠦᠬᠦ᠂ ᠬᠦᠴᠦᠨ ᠤ ᠪᠣᠯᠪᠠᠰᠤᠷᠠᠯ᠂ ᠰᠡᠯᠭᠦᠭᠡ ᠪᠣᠯᠪᠠᠰᠤᠷᠠᠯ    ᠵᠠᠯᠠᠭᠤᠴᠤᠳ ᠤᠨ ᠭᠠᠩᠰᠠᠷᠠᠬᠤ ᠭᠡᠮ ᠢ ᠣᠯᠵᠤ ᠮᠡᠳᠡᠬᠦ ᠳᠤ ᠪᠡᠷᠬᠡᠲᠡᠢ ᠪᠠᠶᠢᠳᠠᠭ᠂ ᠣᠯᠠᠩᠬᠢ ᠡᠷᠡᠭᠲᠡᠶᠢᠴᠦᠳ ᠪᠠᠭ᠎ᠠ ᠠᠴᠠ ᠪᠠᠨ ︽ᠡᠷ᠎ᠡ ᠬᠥᠮᠥᠨ ᠴᠢᠰᠤ ᠤᠷᠤᠰᠬᠠᠬᠤ ᠠᠴᠠ ᠪᠢᠰᠢ ᠨᠢᠯᠪᠤᠰᠤ ᠤᠨᠠᠭᠠᠬᠤ ᠦᠭᠡᠢ︾ ᠭᠡᠬᠦ ᠬᠥᠮᠦᠵᠢᠯ ᠳᠤ ᠬᠥᠲᠥᠯᠥᠭᠳᠡᠨ᠂ ᠪᠠᠰᠠ ᠨᠢᠭᠤᠷᠰᠠᠭ ᠰᠡᠳᠬᠢᠯᠭᠡ ᠠᠴᠠ ᠪᠣᠯᠵᠤ ᠭᠠᠩᠰᠠᠷᠠᠬᠤ ᠭᠡᠮ ᠲᠠᠢ ᠪᠣᠯᠪᠠᠯ ᠲᠡᠳᠡ ᠶᠡᠷᠦ ᠳᠡᠭᠡᠨ ᠦᠭᠡᠶᠢᠰᠭᠡᠭᠦ ᠪᠤᠶᠤ ᠨᠢᠭᠤᠨ ᠳᠠᠯᠳᠠᠯᠠᠳᠠᠭ᠃    ᠵᠠᠯᠠᠭᠤᠴᠤᠳ ᠲᠤ ᠠᠪᠴᠤ ᠬᠡᠯᠡᠪᠡᠯ᠂ ᠭᠠᠭᠴᠠᠭᠠᠷ ᠢᠶᠠᠨ ᠬᠥᠳᠡᠯᠭᠡᠭᠡᠨ ᠬᠢᠬᠦ ᠨᠢ ᠲᠡᠳᠡᠨ ᠳᠤ ᠨᠡᠩ ᠲᠣᠬᠢᠷᠠᠮᠵᠢᠲᠠᠢ᠃ ᠪᠠᠴᠢᠮᠳᠠᠨ ᠰᠠᠨᠳᠤᠷᠬᠤ᠂ ᠭᠤᠨᠢᠵᠤ ᠭᠤᠲᠤᠷᠠᠬᠤ᠂ ᠪᠤᠬᠢᠨᠢᠳᠤᠬᠤ ᠦᠶ᠎ᠡ ᠳᠤ ᠵᠠᠯᠠᠭᠤᠴᠤᠳ ᠭᠠᠷᠴᠤ ᠭᠦᠶᠦᠬᠦ ᠪᠤᠶᠤ ᠳᠤᠭᠤᠢ ᠤᠨᠤᠵᠤ ᠶᠠᠪᠤᠵᠤ ᠪᠣᠯᠣᠨ᠎ᠠ᠂ ᠢᠩᠭᠢᠪᠡᠯ ᠪᠠᠴᠢᠮᠳᠠᠵᠤ ᠰᠠᠨᠳᠤᠷᠬᠤ ᠶᠢ ᠨᠠᠮᠳᠠᠭᠠᠵᠤ᠂ ᠨᠡᠷᠡᠨ ᠳᠤ ᠭᠠᠷᠤᠭᠰᠠᠨ  ᠠᠴᠠ ᠪᠤᠬᠢᠨᠢᠳᠤᠬᠤ ᠲᠦᠭᠰᠢᠭᠦᠷᠢ ᠶᠢ ᠪᠠᠭᠠᠰᠬᠠᠵᠤ᠂ ᠭᠠᠳᠠᠨᠠᠬᠢ ᠥᠩᠭᠡ ᠦᠵᠡᠮᠵᠢ ᠶᠢ ᠰᠣᠨᠢᠷᠬᠠᠬᠤ ᠪᠠᠷ ᠳᠠᠮᠵᠢᠭᠤᠯᠤᠨ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠵᠤ ᠳᠡᠶᠢᠯᠳᠡᠭ᠃    ᠡᠭᠦᠨ ᠠᠴᠠ ᠭᠠᠳᠠᠨ᠎ᠠ᠂ ᠬᠦᠴᠦᠨ ᠤ ᠪᠣᠯᠪᠠᠰᠤᠷᠠᠯ ᠨᠢ ᠪᠤᠯᠴᠢᠩ ᠮᠢᠬ᠎ᠠ ᠶᠢ ᠤᠯᠠᠮ ᠴᠢᠭᠢᠷᠠᠭᠵᠢᠭᠤᠯᠵᠤ᠂ ᠪᠡᠶ᠎ᠡ ᠳᠡᠭᠡᠨ ᠢᠲᠡᠭᠡᠯ ᠲᠠᠢ ᠪᠣᠯᠭᠠᠳᠠᠭ᠃ ᠵᠠᠯᠠᠭᠤᠴᠤᠳ ᠨᠠᠭᠠᠲᠤ ᠵᠠᠬ᠎ᠠ ᠳᠠᠭᠠᠨ ᠭᠠᠷᠠᠭ ᠪᠦᠷᠢ 150 ᠮᠢᠨᠦ᠋ᠲ ᠤᠨ ᠳᠤᠮᠳᠠ ᠶᠢᠨ ᠬᠦᠴᠦᠯᠡᠴᠡ ᠲᠠᠢ ᠬᠦᠴᠢᠯᠲᠥ᠋ᠷᠥᠭᠴᠢᠲᠦ ᠲᠠᠮᠢᠷ ᠪᠤᠶᠤ 75 ᠮᠢᠨᠦ᠋ᠲ ᠤᠨ ᠥᠨᠳᠥᠷ ᠬᠦᠴᠦᠯᠡᠴᠡ ᠲᠠᠢ ᠬᠦᠴᠢᠯᠲᠥ᠋ᠷᠥᠭᠴᠢᠲᠦ ᠲᠠᠮᠢᠷ ᠵᠢᠴᠢ 2 ᠡᠳᠦᠷ ᠠᠴᠠ ᠳᠡᠭᠡᠭᠰᠢ ᠪᠦᠭᠦ ᠪᠡᠶ᠎ᠡ ᠶᠢᠨ ᠪᠤᠯᠴᠢᠩ ᠢ ᠴᠢᠩᠭᠠᠷᠠᠭᠤᠯᠬᠤ ᠬᠦᠴᠦᠨ ᠤ ᠪᠣᠯᠪᠠᠰᠤᠷᠠᠯ ᠢ ᠪᠠᠲᠤᠯᠠᠪᠠᠯ ᠰᠠᠶᠢᠨ᠃    ᠨᠣᠶᠢᠷ ᠢᠶᠠᠨ ᠰᠠᠶᠢᠵᠢᠷᠠᠭᠤᠯᠤᠶ᠎ᠠ ᠭᠡᠪᠡᠯ᠂ ᠵᠠᠯᠠᠭᠤᠴᠤᠳ ᠥᠨᠳᠥᠷ ᠬᠦᠴᠦᠯᠡᠴᠡ ᠲᠠᠢ ᠰᠡᠯᠭᠦᠭᠡ ᠪᠣᠯᠪᠠᠰᠤᠷᠠᠯ ᠪᠤᠶᠤ ᠰᠠᠭᠰᠤᠨ ᠪᠥᠮᠪᠦᠭᠡ᠂ ᠥᠳᠥᠨ ᠪᠥᠮᠪᠦᠭᠡ ᠵᠡᠷᠭᠡ ᠥᠨᠳᠥᠷ ᠬᠦᠴᠦᠯᠡᠴᠡ ᠲᠠᠢ ᠲᠠᠮᠢᠷ ᠤᠨ ᠬᠥᠳᠡᠯᠭᠡᠭᠡᠨ ᠢ ᠰᠣᠩᠭᠤᠵᠤ ᠪᠣᠯᠣᠨ᠎ᠠ᠃    ᠪᠠᠭᠠᠴᠤᠳ᠄ ᠪᠡᠶ᠎ᠡ ᠶᠢᠨ ᠲᠠᠮᠢᠷ᠂ ᠪᠥᠮᠪᠥᠭᠡᠨ ᠤ ᠲᠦᠷᠦᠯ᠂ ᠳᠤᠭᠤᠢ ᠤᠨᠤᠬᠤ    ᠬᠡᠦᠬᠡᠳ ᠪᠠᠭᠠᠴᠤᠳ ᠦᠰᠦᠨ ᠪᠤᠶᠢᠵᠢᠯᠲᠠ ᠶᠢᠨ ᠴᠢᠬᠤᠯᠠ ᠱᠠᠲᠤᠨ ᠳᠤ ᠪᠠᠶᠢᠬᠤ ᠪᠤᠯᠪᠠᠴᠤ ᠨᠣᠶᠢᠷ ᠬᠤᠯᠵᠢᠬᠤ᠂ ᠪᠤᠬᠢᠨᠢᠳᠤᠬᠤ᠂ ᠵᠣᠪᠠᠨᠢᠬᠤ᠂ ᠨᠡᠶᠢᠭᠡᠮ ᠤᠨ ᠬᠠᠷᠢᠯᠴᠠᠭᠠᠨ ᠤ ᠬᠠᠷᠰᠢ ᠰᠠᠭᠠᠳ ᠵᠡᠷᠭᠡ ᠣᠶᠣᠨ ᠰᠠᠨᠠᠭᠠᠨ ᠤ ᠰᠡᠳᠬᠢᠴᠡ ᠶᠢᠨ ᠠᠰᠠᠭᠤᠳᠠᠯ ᠨᠢ ᠴᠥᠭᠡᠨ ᠪᠤᠰᠤ ᠵᠠᠯᠠᠭᠤᠴᠤᠳ ᠪᠠᠭᠠᠴᠤᠳ ᠢ ᠵᠣᠪᠠᠭᠠᠵᠤ ᠪᠠᠶᠢᠳᠠᠭ ᠠᠴᠠ ᠲᠠᠮᠢᠷ ᠤᠨ ᠬᠥᠳᠡᠯᠭᠡᠭᠡᠨ ᠳᠤ ᠣᠷᠤᠯᠴᠠᠬᠤ ᠨᠢ ᠲᠡᠳᠡᠨ ᠤ ᠡᠷᠡᠭᠦᠯ ᠪᠤᠰᠤ ᠤᠷᠮ᠎ᠠ ᠰᠡᠳᠬᠢᠯᠭᠡ ᠶᠢ ᠨᠠᠮᠳᠠᠭᠠᠵᠤ᠂ ᠤᠷᠢ ᠵᠠᠯᠠᠭᠤ ᠨᠠᠰᠤᠨ ᠤ ᠤᠷᠮ᠎ᠠ ᠵᠣᠷᠢᠭ ᠢ ᠨᠢ ᠬᠥᠭᠵᠢᠭᠡᠬᠦ ᠳᠤ ᠲᠤᠰᠠᠯᠠᠳᠠᠭ᠃    ᠬᠡᠦᠬᠡᠳ ᠪᠠᠭᠠᠴᠤᠳ ᠡᠳᠦᠷ ᠲᠤ ᠨᠠᠭᠠᠲᠤ ᠵᠠᠬ᠎ᠠ ᠳᠠᠭᠠᠨ 1 ᠴᠠᠭ ᠤᠨ ᠪᠣᠯᠪᠠᠰᠤᠷᠠᠯ ᠳᠤ ᠣᠷᠤᠯᠴᠠᠬᠤ ᠶᠢ ᠰᠠᠨᠠᠭᠤᠯᠵᠤ ᠪᠠᠶᠢᠨ᠎ᠠ᠂ ᠵᠢᠱᠢᠶᠡᠯᠡᠪᠡᠯ ᠪᠡᠶ᠎ᠡ ᠶᠢᠨ ᠲᠠᠮᠢᠷ ᠬᠢᠬᠦ᠂ ᠳᠤᠭᠤᠢ ᠤᠨᠤᠬᠤ ᠵᠡᠷᠭᠡ ᠨᠢ ᠪᠡᠶ᠎ᠡ ᠮᠠᠬᠠᠪᠤᠳ ᠤᠨ ᠤᠶᠠᠨ ᠬᠠᠳᠠᠨ ᠴᠢᠨᠠᠷ ᠢ ᠰᠠᠶᠢᠵᠢᠷᠠᠭᠤᠯᠵᠤ᠂ ᠪᠡᠶ᠎ᠡ ᠮᠠᠬᠠᠪᠤᠳ ᠤᠨ ᠡᠯ᠎ᠡ ᠲᠠᠯ᠎ᠠ ᠶᠢᠨ ᠪᠤᠶᠢᠵᠢᠯᠲᠠ ᠶᠢ ᠠᠬᠢᠭᠤᠯᠬᠤ ᠳᠤ ᠲᠤᠰᠠᠲᠠᠢ᠃    ᠡᠭᠦᠨ ᠠᠴᠠ ᠭᠠᠳᠠᠨ᠎ᠠ ᠪᠠᠰᠠ ᠬᠥᠯ ᠪᠥᠮᠪᠦᠭᠡ᠂ ᠰᠠᠭᠰᠤᠨ ᠪᠥᠮᠪᠦᠭᠡ᠂ ᠥᠳᠥᠨ ᠪᠥᠮᠪᠦᠭᠡ ᠮᠡᠲᠦ ᠶᠢᠨ ᠥᠷᠢᠰᠦᠯᠳᠦᠭᠡᠨᠲᠦ ᠴᠢᠨᠠᠷᠲᠠᠢ ᠪᠤᠶᠤ ᠲᠡᠮᠡᠴᠡᠭᠡᠨᠲᠦ ᠴᠢᠨᠠᠷᠲᠠᠢ ᠲᠠᠮᠢᠷ ᠤᠨ ᠬᠥᠳᠡᠯᠭᠡᠭᠡᠨ ᠳᠤ ᠢᠯᠡᠭᠦᠦ ᠤᠷᠤᠯᠴᠠᠵᠤ᠂ ᠮᠡᠳᠡᠷᠡᠮᠵᠢ ᠶᠢᠨ ᠴᠢᠳᠠᠪᠤᠷᠢ ᠪᠠᠨ ᠨᠡᠮᠡᠭᠳᠡᠭᠦᠯᠦᠨ᠂ ᠴᠤᠭ ᠵᠢᠪᠬᠤᠭ᠎ᠠ ᠪᠠᠨ ᠳᠡᠭᠡᠭᠰᠢᠯᠡᠭᠦᠯᠵᠤ᠂ ᠬᠥᠳᠡᠯᠭᠡᠭᠡᠨ ᠳᠠᠭᠤᠰᠤᠭᠰᠠᠨ ᠤ ᠳᠠᠷᠠᠭ᠎ᠠ ᠵᠣᠬᠢᠬᠤ ᠬᠡᠮᠵᠢᠶᠡᠨ ᠤ ᠶᠠᠳᠠᠷᠠᠬᠤ ᠲᠥᠷᠥᠭᠳᠡᠯ ᠲᠠᠢ ᠪᠣᠯᠪᠠᠯ᠂ ᠨᠠᠩ ᠠᠮᠠᠷᠬᠠᠨ ᠢᠶᠠᠷ ᠭᠦᠨ ᠨᠣᠶᠢᠷᠰᠤᠳᠠᠭ᠃    ᠳᠡᠭᠡᠷ᠎ᠡ ᠳᠤᠷᠠᠳᠤᠭᠰᠠᠨ ᠵᠦᠢᠯ ᠤᠳ ᠨᠢ ᠪᠠᠰᠠ ᠬᠥᠳᠡᠯᠭᠡᠭᠡᠨ ᠤ ᠶᠠᠪᠤᠴᠠ ᠳᠤ ᠨᠡᠶᠢᠭᠡᠮ ᠤᠨ ᠬᠠᠷᠢᠯᠴᠠᠭ᠎ᠠ ᠶᠢ ᠠᠬᠢᠭᠤᠯᠵᠤ᠂ ᠨᠥᠬᠦᠷᠯᠡᠯ ᠢ ᠵᠤᠵᠠᠭᠠᠳᠬᠠᠵᠤ᠂ ᠨᠡᠶᠢᠭᠡᠮ ᠤᠨ ᠬᠠᠷᠢᠯᠴᠠᠭᠠᠨ ᠤ ᠬᠠᠷᠰᠢ ᠰᠠᠭᠠᠳ ᠢ ᠪᠠᠭᠠᠰᠬᠠᠬᠤ ᠳᠤ ᠲᠤᠰᠠᠲᠠᠢ ᠶᠤᠮ᠃    ᠨᠠᠰᠤᠲᠠᠶᠢᠴᠤᠳ᠄ ᠬᠠᠷᠰᠢᠯᠠᠯ ᠤᠨ ᠡᠰᠡᠷᠭᠦ ᠬᠥᠳᠡᠯᠭᠡᠭᠡᠨ᠂ ᠪᠥᠵᠢᠭ᠂ ᠠᠮᠢᠰᠬᠤᠯ ᠤᠨ ᠲᠠᠮᠢᠷ᠂ ᠨᠡᠷᠡᠬᠦᠢ ᠨᠢᠳᠤᠷᠭ᠎ᠠ    ᠨᠠᠰᠤᠲᠠᠶᠢᠴᠤᠳ ᠬᠡᠷᠪᠡ ᠤᠷᠲᠤ ᠬᠤᠭᠤᠴᠠᠭ᠎ᠠ ᠪᠠᠷ ᠪᠠᠴᠢᠮᠳᠠᠬᠤ᠂ ᠰᠡᠵᠢᠭ ᠶᠡᠬᠡᠲᠡᠢ᠂ ᠪᠤᠬᠢᠨᠢᠳᠤᠬᠤ ᠵᠡᠷᠭᠡ ᠤᠷᠮ᠎ᠠ ᠰᠡᠳᠬᠢᠯᠭᠡ ᠶᠢᠨ ᠪᠠᠶᠢᠳᠠᠯ ᠳᠤ ᠣᠷᠣᠰᠢᠵᠤ᠂ ᠨᠣᠶᠢᠷ ᠬᠤᠯᠵᠢᠬᠤ᠂ ᠢᠳᠡᠭᠡᠨ ᠤ ᠳᠤᠷᠠᠰᠢᠯ ᠮᠠᠭᠤᠲᠠᠬᠤ ᠵᠡᠷᠭᠡ ᠪᠡᠶ᠎ᠡ ᠮᠠᠬᠠᠪᠤᠳ ᠤᠨ ᠡᠪᠡᠳᠴᠢᠨ ᠤ ᠢᠯᠡᠷᠡᠯ ᠤᠷᠲᠤ ᠬᠤᠭᠤᠴᠠᠭ᠎ᠠ ᠦᠷᠭᠦᠯᠵᠢᠯᠡᠪᠡᠯ ᠳᠠᠷᠤᠢ ᠭᠠᠩᠰᠠᠷᠠᠬᠤ ᠭᠡᠮ ᠢ ᠡᠭᠦᠰᠬᠡᠳᠡᠭ᠃    ᠲᠡᠷᠡ ᠮᠥᠷᠲᠡᠭᠡᠨ ᠨᠠᠰᠤᠲᠠᠶᠢᠴᠤᠳ ᠤᠨ ᠪᠤᠯᠴᠢᠩ ᠰᠢᠷᠪᠦᠰᠦ ᠠᠪᠴᠢᠬᠤ᠂ ᠤᠳᠠᠭᠠᠨ ᠴᠢᠨᠠᠷᠲᠠᠢ ᠡᠪᠡᠳᠴᠢᠨ ᠪᠠ ᠴᠢᠳᠠᠪᠬᠢ ᠪᠠᠨ ᠠᠯᠳᠠᠬᠤ ᠠᠰᠠᠭᠤᠳᠠᠯ ᠣᠯᠠᠨ ᠡᠭᠦᠰᠬᠦ ᠶᠢ ᠳᠠᠭᠠᠯᠳᠤᠨ ᠭᠠᠩᠰᠠᠷᠠᠬᠤ ᠭᠡᠮ ᠢ ᠬᠦᠨᠳᠦᠷᠡᠭᠦᠯᠳᠡᠭ᠃    ᠡᠶᠢᠮᠦ ᠠᠴᠠ ᠨᠠᠰᠤᠲᠠᠶᠢᠴᠤᠳ ᠤᠨ ᠭᠠᠩᠰᠠᠷᠠᠬᠤ ᠭᠡᠮ ᠢ ᠵᠠᠰᠠᠬᠤ ᠲᠠᠮᠢᠷ ᠤᠨ ᠬᠥᠳᠡᠯᠭᠡᠭᠡᠨ ᠤ ᠵᠣᠷ ᠢ ᠪᠡᠶ᠎ᠡ ᠰᠡᠳᠬᠢᠯ ᠤᠨ ᠬᠤᠶᠠᠷ ᠲᠠᠯ᠎ᠠ ᠠᠴᠠ ᠪᠣᠳᠣᠯᠬᠢᠯᠠᠵᠤ᠂ ᠨᠡᠶᠢᠭᠡᠮ ᠤᠨ ᠬᠠᠷᠢᠯᠴᠠᠭᠠᠨ ᠤ ᠴᠢᠨᠠᠷ ᠪᠠ ᠪᠡᠶ᠎ᠡ ᠴᠢᠭᠢᠷᠠᠭᠵᠢᠭᠤᠯᠤᠯ ᠤᠨ ᠴᠢᠨᠠᠷ ᠢ ᠬᠠᠪᠰᠤᠷᠭᠠᠬᠤ ᠬᠡᠷᠡᠭᠲᠡᠢ᠃    ◆ᠨᠠᠰᠤᠲᠠᠶᠢᠴᠤᠳ ᠴᠡᠴᠡᠷᠯᠢᠭ ᠪᠤᠶᠤ ᠠᠭᠤᠳᠠᠮ ᠲᠠᠯᠠᠪᠠᠶ ᠳᠤ ᠬᠦᠷᠴᠦ᠂ ᠨᠠᠶᠢᠵᠠ ᠨᠠᠷ ᠢᠶᠠᠨ ᠤᠷᠢᠵᠤ ᠲᠠᠯᠠᠪᠠᠶ ᠶᠢᠨ ᠪᠥᠵᠢᠭ ᠪᠥᠵᠢᠭᠯᠡᠵᠦ᠂ ᠠᠮᠢᠰᠬᠤᠯ ᠤᠨ ᠲᠠᠮᠢᠷ᠂ ᠨᠡᠷᠡᠬᠦᠢ ᠨᠢᠳᠤᠷᠭ᠎ᠠ ᠵᠡᠷᠭᠡ ᠬᠦᠴᠢᠯᠲᠥ᠋ᠷᠥᠭᠴᠢᠲᠦ ᠲᠠᠮᠢᠷ ᠤᠨ ᠪᠣᠯᠪᠠᠰᠤᠷᠠᠯ ᠬᠢᠪᠡᠯ ᠵᠦᠭᠡᠷ    ◆ᠣᠶᠢᠴᠢᠬᠤ ᠵᠡᠷᠭᠡ ᠰᠠᠨᠠᠭᠠᠨ ᠳᠤ ᠦᠭᠡᠢ ᠪᠠᠶᠢᠳᠠᠯ ᠭᠠᠷᠬᠤ ᠶᠢ ᠰᠡᠷᠭᠡᠶᠢᠯᠡᠬᠦ ᠳᠤ ᠬᠦᠴᠦᠨ ᠤ ᠪᠣᠯᠪᠠᠰᠤᠷᠠᠯ ᠢ ᠴᠢᠩᠭᠠᠳᠬᠠᠬᠤ ᠴᠢᠬᠤᠯᠠ ᠲᠠᠢ᠂ ᠵᠢᠱᠢᠶᠡᠯᠡᠪᠡᠯ ᠲᠤᠶᠢᠪᠠᠩ ᠪᠤᠶᠤ ᠬᠠᠷᠢᠮᠠᠬᠠᠢ ᠪᠦᠰᠡ ᠶᠢ ᠥᠷᠥᠭᠡᠰᠦᠨ ᠭᠠᠷ ᠢᠶᠠᠷ ᠲᠦᠯᠬᠢᠬᠦ᠂ ᠬᠤᠶᠠᠷ ᠭᠠᠷ ᠢᠶᠠᠷ ᠢᠶᠠᠨ ᠤᠷᠤᠭᠰᠢ ᠲᠦᠯᠬᠢᠬᠦ ᠵᠡᠷᠭᠡ ᠳᠡᠭᠡᠳᠦ ᠮᠥᠴᠢ ᠶᠢᠨ ᠬᠦᠴᠦᠨ ᠤ ᠪᠣᠯᠪᠠᠰᠤᠷᠠᠯ ᠬᠢᠨ᠎ᠡ    ◆ᠳᠣᠣᠷ᠎ᠠ ᠮᠥᠴᠢ ᠶᠢᠨ ᠬᠦᠴᠦ ᠶᠢ ᠪᠤᠯᠪᠠᠰᠤᠷᠠᠭᠤᠯᠬᠤ ᠳᠤ ᠬᠠᠭᠠᠰ ᠣᠴᠣᠶᠢᠬᠤ᠂ ᠥᠯᠮᠡᠢ ᠪᠠᠷ ᠢᠶᠠᠨ ᠵᠤᠬᠰᠤᠬᠤ᠂ ᠬᠤᠶᠠᠷ ᠬᠥᠯ ᠢᠶᠠᠷ ᠢᠶᠠᠨ ᠥᠭᠡᠵᠡᠭ ᠢᠶᠠᠨ ᠡᠷᠭᠦᠬᠦ ᠵᠡᠷᠭᠡ ᠬᠥᠳᠡᠯᠭᠡᠭᠡᠨ ᠢ ᠬᠢᠨ᠎ᠡ    ᠳᠡᠭᠡᠷᠡᠬᠢ ᠬᠥᠳᠡᠯᠭᠡᠭᠡᠨ ᠢ 8-12 ᠤᠳᠠᠭ᠎ᠠ ᠳᠠᠪᠲᠠᠨ ᠬᠢᠵᠦ᠂ ᠡᠳᠦᠷ ᠲᠤ ᠭᠤᠷᠪᠠ ᠤᠳᠠᠭ᠎ᠠ ᠳᠠᠪᠲᠠᠨ ᠬᠢᠵᠦ᠂ ᠭᠠᠷᠠᠭ ᠪᠦᠷᠢ 2-3 ᠡᠳᠦᠷ ᠳᠠᠪᠲᠠᠨ ᠪᠣᠯᠪᠠᠰᠤᠷᠠᠪᠠᠯ ᠰᠠᠶᠢᠨ᠂ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠵᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号