ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2024 ᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠠᠷᠯᠢᠭ ᠪᠠᠭᠤᠯᠭᠠᠪᠠ
ᠨᠡᠶᠢᠲᠡᠯᠡᠭᠰᠡᠨ ᠴᠠᠭ᠄
2024/3/19
   3 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2024 ᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠬᠠᠢ ᠵᠠᠷᠯᠢᠭ ᠨᠡᠶᠢᠲᠡᠯᠡᠵᠡᠢ᠃ ᠵᠠᠷᠯᠢᠭ  ᠲᠤ 2024 ᠣᠨ ᠤ ᠪᠦᠭᠦ ᠣᠷᠣᠨ ᠤ ᠲᠦᠢᠮᠡᠷ ᠢ ᠰᠡᠷᠭᠡᠶᠢᠯᠡᠨ ᠤᠨᠲᠠᠷᠠᠭᠠᠬᠤ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ ᠪᠣᠯ ᠬᠠᠪᠤᠷ ᠤᠨ ᠤᠯᠠᠷᠢᠯ ᠤᠨ 4 ᠰᠠᠷ᠎ᠠ ᠶᠢᠨ 1 ᠠᠴᠠ 5 ᠰᠠᠷ᠎ᠠ ᠶᠢᠨ 31 ᠤ ᠡᠳᠦᠷ᠂ ᠨᠠᠮᠤᠷ ᠤᠨ ᠤᠯᠠᠷᠢᠯ ᠤᠨ 10 ᠰᠠᠷ᠎ᠠ ᠶᠢᠨ 1 ᠠᠴᠠ 10 ᠰᠠᠷ᠎ᠠ ᠶᠢᠨ 31 ᠤ ᠡᠳᠦᠷ ᠪᠤᠯᠳᠠᠯ᠎ᠠ ᠭᠡᠵᠦ ᠨᠡᠶᠢᠲᠡᠯᠡᠪᠡ᠃    2024 ᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠠᠷᠯᠢᠭ ᠲᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠡᠷᠡᠭ ᠤᠨ ᠡᠮᠦᠨ᠎ᠡ ᠬᠦᠴᠦᠯᠡᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶᠠᠷᠤᠯᠲᠠ ᠪᠠᠨ ᠤᠷᠤᠭᠰᠢ ᠰᠢᠯᠵᠢᠭᠦᠯᠬᠦ᠂ ᠠᠵᠢᠯ ᠤᠨ ᠭᠤᠣᠯᠳᠠᠯᠭ᠎ᠠ ᠪᠠᠨ ᠦᠨᠳᠦᠰᠦᠨ ᠱᠠᠲᠤᠨ  ᠳᠤ ᠲᠠᠯᠪᠢᠬᠤ ᠶᠢ ᠠᠬᠢᠭᠤᠯᠵᠤ᠂ ᠲᠤᠰᠠᠭᠠᠷᠯᠠᠬᠤ ᠪᠦᠰᠡ ᠶᠢᠨ ᠪᠦᠲᠦᠭᠡᠨ ᠪᠠᠶᠢᠭᠤᠯᠤᠯᠲᠠ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠣᠶ ᠳᠣᠲᠣᠷᠠᠬᠢ ᠰᠢᠲᠠᠮᠠᠬᠠᠢ ᠪᠣᠳᠠᠰ ᠢ ᠴᠡᠪᠡᠷᠯᠡᠬᠦ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠨ᠂ ᠭᠠᠯ ᠤᠨ ᠭᠠᠮᠰᠢᠭ ᠤᠨ ᠳᠠᠯᠳᠠ ᠭᠡᠮ ᠢ ᠬᠥᠳᠡᠯᠦᠩᠭᠦᠢ ᠪᠠᠷ ᠠᠷᠢᠯᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠠᠷᠢᠶᠠᠯᠠᠩ ᠤᠨ ᠶᠠᠪᠤᠳᠠᠯ᠂ ᠣᠶ ᠰᠢᠭᠤᠢ ᠶᠢᠨ ᠶᠠᠪᠤᠳᠠᠯ᠂ ᠪᠠᠷᠢᠯᠭ᠎ᠠ ᠶᠢᠨ ᠠᠵᠢᠯ᠂ ᠦᠢᠯᠡᠳᠪᠦᠷᠢᠯᠡᠯ ᠲᠡᠭᠡᠭᠡᠪᠦᠷᠢ᠂ ᠵᠢᠭᠤᠯᠴᠢᠯᠠᠯ᠂ ᠲᠠᠭᠢᠯᠭ᠎ᠠ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠴᠢᠩᠭ᠎ᠠ ᠬᠠᠮᠢᠶᠠᠷᠴᠤ᠂ ᠡᠬᠢ ᠡᠭᠦᠰᠦᠯ  ᠠᠴᠠ ᠨᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠣᠯᠣᠨ ᠲᠦᠢᠮᠡᠷ ᠤᠨ ᠭᠠᠮᠰᠢᠭ ᠤᠨ ᠰᠡᠷᠡᠮᠵᠢ ᠶᠢᠨ ᠳᠣᠬᠢᠶ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠳᠠᠭᠠᠭᠤᠯᠢ ᠣᠳᠣᠨ ᠤ ᠠᠯᠤᠰ ᠰᠡᠷᠡᠯ᠂ ᠴᠠᠮᠬᠠᠭ ᠠᠴᠠ ᠪᠠᠷᠠᠯᠠᠬᠤ᠂ ᠴᠠᠭᠳᠠᠨ ᠲᠣᠭᠤᠷᠢᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠢᠯᠢ ᠶᠢᠨ ᠭᠠᠳᠠᠨᠠᠬᠢ ᠭᠠᠯ ᠲᠦᠢᠮᠡᠷ᠂ ᠠᠶᠤᠩᠭ᠎ᠠ ᠠᠴᠠ ᠡᠭᠦᠰᠦᠭᠰᠡᠨ ᠭᠠᠯ ᠲᠦᠢᠮᠡᠷ ᠪᠣᠯᠣᠨ ᠬᠢᠯᠢ ᠶᠢᠨ ᠳᠣᠲᠣᠷᠠᠬᠢ ᠡᠯ᠎ᠡ ᠲᠥᠷᠥᠯ ᠤᠨ ᠭᠠᠯ ᠲᠦᠢᠮᠡᠷ ᠤᠨ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠬᠦ ᠬᠡᠷᠡᠭᠲᠡᠢ ᠭᠡᠵᠦ ᠱᠠᠭᠠᠷᠳᠠᠪᠠ᠃    ᠭᠠᠯ ᠲᠦᠢᠮᠡᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠭᠡᠨᠡᠳᠲᠡ ᠶᠢᠨ ᠭᠠᠯ ᠲᠦᠢᠮᠡᠷ ᠤᠨ ᠪᠠᠶᠢᠳᠠᠯ ᠳᠤ ᠳᠠᠷᠤᠢ ᠲᠦᠷᠭᠡᠨ ᠬᠥᠳᠡᠯᠦᠯᠴᠡᠵᠦ᠂ ᠥᠨᠳᠥᠷ ᠦᠷ᠎ᠡ ᠪᠦᠲᠦᠮᠵᠢᠲᠡᠶ  ᠪᠠᠷ ᠰᠢᠢᠳᠪᠦᠷᠢᠯᠡᠨ᠂ ︽ᠡᠷᠲᠡ ᠠᠴᠠ ᠤᠨᠲᠠᠷᠠᠭᠠᠬᠤ᠂ ᠪᠠᠭᠠᠰᠬᠠᠵᠤ ᠤᠨᠲᠠᠷᠠᠭᠠᠬᠤ᠂ ᠪᠦᠷᠢᠮᠦᠰᠦᠨ ᠤᠨᠲᠠᠷᠠᠭᠠᠬᠤ︾ ᠶᠢ ᠦᠨᠡᠨ ᠬᠦ ᠪᠠᠲᠤᠯᠠᠬᠤ ᠬᠡᠷᠡᠭᠲᠡᠢ᠃ ᠲᠦᠢᠮᠡᠷ ᠢ ᠰᠡᠷᠭᠡᠶᠢᠯᠡᠨ ᠤᠨᠲᠠᠷᠠᠭᠠᠬᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠣᠨᠤᠭ ᠲᠥᠬᠦᠭᠡᠷᠦᠮᠵᠢ ᠡᠳ᠋ ᠪᠠᠷᠠᠭ᠎ᠠ ᠶᠢᠨ ᠲᠣᠬᠢᠷᠠᠭᠤᠯᠤᠯᠲᠠ ᠪᠠ ᠳᠦᠷᠢᠮ ᠲᠣᠭᠲᠠᠴᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠢ  ᠪᠠ  ᠨᠤᠲᠤᠭ  ᠪᠡᠯᠴᠢᠭᠡᠷ ᠤᠨ ᠲᠦᠢᠮᠡᠷ ᠤᠨ ᠪᠠᠶᠢᠳᠠᠯ ᠢ ᠪᠠᠴᠢᠮ ᠠᠷᠭᠠᠴᠠᠭᠠᠵᠤ ᠰᠢᠢᠳᠪᠦᠷᠢᠯᠡᠬᠦ ᠶᠡᠷᠦᠩᠬᠡᠶᠢᠯᠡᠭᠰᠡᠨ ᠴᠢᠳᠠᠪᠤᠷᠢ ᠪᠠ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠵᠤ᠂ ᠲᠦᠢᠮᠡᠷ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠨᠠᠶᠢᠳᠠᠪᠤᠷᠢᠵᠢᠭᠤᠯᠤᠭᠰᠠᠨ ᠨᠢ ᠭᠦᠢᠴᠡᠳ ᠦᠭᠡᠢ ᠠᠴᠠ ᠪᠣᠯᠵᠤ᠂ ᠬᠦᠨᠳᠦ ᠣᠨᠴᠠ ᠶᠡᠭᠡ ᠭᠠᠯ ᠤᠨ ᠠᠶᠤᠯ ᠪᠤᠶᠤ ᠬᠥᠮᠥᠨ ᠦᠬᠦᠵᠦ ᠰᠢᠷᠬᠠᠲᠤᠭᠰᠠᠨ ᠡᠡ᠊ᠨᠳᠡᠯ ᠭᠠᠷᠭᠠᠭᠰᠠᠨ ᠭᠠᠵᠠᠷ ᠣᠷᠣᠨ᠂ ᠨᠢᠭᠡᠴᠢ ᠪᠠ ᠬᠠᠷᠢᠭᠤᠴᠠᠯᠭᠠᠲᠠᠨ ᠠᠴᠠ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠬᠠᠷᠢᠭᠤᠴᠠᠯᠭ᠎ᠠ ᠴᠢᠩᠭ᠎ᠠ ᠨᠡᠬᠡᠮᠵᠢᠯᠡᠨ᠎ᠡ ᠭᠡᠵᠦ ᠨᠡᠶᠢᠲᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号