ᠮᠠᠨ ᠤ ᠣᠷᠣᠨ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ 10 ᠰᠢᠨ᠎ᠡ ᠵᠠᠭᠪᠤᠷ ᠢ ᠪᠦᠷᠢᠯᠳᠦᠭᠦᠯᠪᠡ
ᠨᠡᠶᠢᠲᠡᠯᠡᠭᠰᠡᠨ ᠴᠠᠭ᠄
2024/3/20
   ᠣᠶᠢᠷ᠎ᠠ ᠶᠢᠨ ᠵᠢᠯ ᠳᠤ ᠪᠦᠭᠦ ᠣᠷᠣᠨ ᠤ ᠡᠯ᠎ᠡ ᠭᠠᠵᠠᠷ ᠤᠨ ᠬᠢᠨ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠭᠡᠯᠪᠠᠷᠢ ᠶᠢ ᠬᠤᠪᠢᠷᠠᠭᠤᠯᠬᠤ ᠶᠢ ᠴᠢᠬᠤᠯᠠᠴᠢᠯᠠᠨ᠂ ︽ᠮᠠᠯ ᠪᠡᠯᠴᠢᠭᠡᠷ ᠤᠨ ᠵᠥᠷᠢᠴᠡᠯ ᠪᠣᠯᠣᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠰᠢᠢᠳᠪᠦᠷᠢᠯᠡᠬᠦ︾ ᠲᠣᠭᠤᠷᠢᠨ ᠳᠤ ᠠᠮᠢ ᠠᠬᠤᠢ ᠪᠠ ᠦᠢᠯᠡᠳᠪᠦᠷᠢᠯᠡᠯ ᠠᠮᠢᠳᠤᠷᠠᠯ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠡᠬᠢ ᠪᠠᠶᠠᠯᠢᠭ ᠤᠨ ᠨᠥᠬᠦᠴᠡᠯ ᠪᠣᠯᠣᠨ ᠠᠵᠤ ᠦᠢᠯᠡᠰ ᠤᠨ ᠰᠠᠭᠤᠷᠢ ᠪᠠᠨ ᠦᠨᠳᠦᠰᠦᠯᠡᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠰᠢᠢᠳᠪᠦᠷᠢᠯᠡᠬᠦ ᠣᠷᠣᠨ ᠨᠤᠲᠤᠭ ᠤᠨ ᠣᠨᠴᠠᠯᠢᠭ ᠪᠦᠬᠦᠢ ᠬᠥᠭᠵᠢᠯᠲᠡ ᠶᠢᠨ ᠰᠢᠨ᠎ᠡ ᠵᠠᠭᠪᠤᠷ ᠤᠳ ᠢ ᠬᠠᠶᠢᠨ ᠪᠦᠷᠢᠯᠳᠦᠭᠦᠯᠦᠭᠰᠡᠨ ᠪᠠᠶᠢᠨ᠎ᠠ᠃ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠠᠴᠠ ᠡᠳᠡᠭᠡᠷ ᠵᠠᠭᠪᠤᠷ ᠢ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ 10 ᠰᠢᠨ᠎ᠡ ᠵᠠᠭᠪᠤᠷ ᠪᠣᠯᠭᠠᠨ ᠠᠩᠬ᠎ᠠ ᠠᠯᠬᠤᠮ ᠳ᠋ᠦᠩᠨᠡᠨ ᠬᠤᠷᠢᠶᠠᠩᠭᠤᠶᠢᠯᠠᠪᠠ᠃    ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠲᠤᠬᠠᠢ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ  ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠲᠥᠰᠥᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠪᠡ᠃ ᠡᠭᠦᠨ ᠳᠤ ᠮᠠᠯᠵᠢᠬᠤ ᠣᠷᠣᠨ ᠤ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ ᠶᠢ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠰᠢᠢᠳᠪᠦᠷᠢᠯᠡᠬᠦ ᠭᠤᠣᠯ ᠠᠷᠭ᠎ᠠ ᠵᠠᠮ ᠪᠣᠯᠭᠠᠨ᠂ ᠬᠠᠰᠢᠶ᠎ᠠ ᠰᠠᠷᠠᠪᠴᠢ ᠶᠢ ᠰᠢᠨ᠎ᠡ ᠪᠠᠷ ᠪᠦᠲᠦᠭᠡᠨ ᠪᠠᠶᠢᠭᠤᠯᠬᠤ᠂ ᠮᠠᠯᠵᠢᠬᠤ ᠣᠷᠣᠨ ᠤ ︽ᠡᠬᠢ ᠪᠠᠶᠠᠯᠢᠭ ᠢ ᠥᠪ ᠬᠥᠷᠥᠩᠭᠡ ᠪᠤᠯᠭᠠᠬᠤ᠂ ᠪᠡᠯᠡ ᠮᠥᠩᠭᠦ ᠶᠢ ᠬᠤᠪᠢ ᠣᠷᠣᠭᠤᠯᠤᠯᠳᠠ ᠶᠢᠨ ᠮᠥᠩᠭᠦ ᠪᠤᠯᠭᠠᠬᠤ᠂ ᠮᠠᠯᠴᠢᠳ ᠢ ᠬᠤᠪᠢ ᠣᠷᠣᠭᠤᠯᠤᠭᠴᠢ ᠪᠤᠯᠭᠠᠬᠤ︾ ᠥᠭᠡᠷᠡᠴᠢᠯᠡᠯᠲᠡ ᠶᠢ ᠠᠬᠢᠭᠤᠯᠬᠤ᠂ ᠣᠷᠣᠨ ᠨᠤᠲᠤᠭ ᠤᠨ ᠪᠣᠳᠠᠲᠤ ᠪᠠᠶᠢᠳᠠᠯ ᠢ ᠦᠨᠳᠦᠰᠦᠯᠡᠨ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ 10 ᠰᠢᠨ᠎ᠡ ᠵᠠᠭᠪᠤᠷ ᠢ ᠳᠡᠯᠭᠡᠷᠡᠭᠦᠯᠬᠦ ᠪᠠᠷ ᠲᠠᠮᠵᠢᠨ ᠲᠥᠬᠦᠭᠡᠷᠦᠮᠵᠢᠲᠦ ᠮᠠᠯ ᠠᠵᠤ ᠠᠬᠤᠢ ᠶᠢᠨ ᠲᠡᠵᠢᠭᠡᠪᠦᠷᠢ ᠶᠢᠨ ᠬᠡᠪᠴᠢᠶ᠎ᠡ ᠶᠢ ᠥᠷᠭᠡᠳᠬᠡᠵᠦ᠂ ᠪᠡᠯᠴᠢᠭᠡᠷ ᠲᠤ ᠭᠠᠷᠭᠠᠬᠤ ᠮᠠᠯ ᠤᠨᠤᠭ᠎ᠠ ᠶᠢ ᠦᠨᠡᠨ ᠬᠦ ᠴᠥᠭᠡᠳᠬᠡᠬᠦ ᠪᠠᠷ ᠲᠣᠭᠲᠠᠵᠠᠢ᠃    ᠣᠶᠢᠯᠠᠭᠠᠭᠰᠠᠨ ᠢᠶᠠᠷ᠂ ᠮᠠᠨ ᠤ ᠣᠷᠣᠨ ᠨᠢᠭᠡᠨᠲᠡ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠣᠷᠣᠨ ᠪᠦᠰᠡ ᠶᠢᠨ ᠳᠣᠲᠣᠷᠠᠬᠢ ᠲᠡᠵᠢᠭᠡᠪᠦᠷᠢ ᠶᠢᠨ ᠲᠠᠯᠠᠪᠠᠶ ︵ᠡᠷᠦᠭᠡ︶ ᠨᠢ ᠬᠥᠬᠡ ᠳᠠᠷᠤᠰᠢ ᠶᠢᠨ ᠡᠷᠳᠡᠨᠢ ᠰᠢᠰᠢ ᠪᠠᠷ ᠭᠤᠣᠯ ᠪᠤᠯᠭᠠᠬᠰᠠᠨ ᠲᠠᠷᠢᠮᠠᠯ ᠡᠪᠡᠰᠦ ᠳᠠᠷᠢᠵᠤ᠂ ᠣᠷᠣᠨ ᠪᠦᠰᠡ ᠶᠢᠨ ᠳᠣᠲᠣᠷᠠᠬᠢ ᠮᠠᠯ ᠤᠨᠤᠭ᠎ᠠ ᠶᠢ ᠪᠦᠭᠦᠨ ᠢ ᠬᠠᠰᠢᠶᠠᠯᠠᠨ ᠲᠡᠵᠢᠭᠡᠬᠦ ᠵᠢᠯ ᠲᠤᠵᠢ ᠪᠠᠷ ᠪᠡᠯᠴᠢᠭᠡᠷᠯᠡᠭᠦᠯᠬᠦ ᠶᠢ ᠴᠠᠭᠠᠵᠠᠯᠠᠵᠤ ᠬᠠᠰᠢᠶᠠᠯᠠᠨ ᠲᠡᠵᠢᠭᠡᠬᠦ ᠵᠠᠬᠪᠤᠷ᠃  ᠪᠡᠯᠴᠢᠭᠡᠷ ᠤᠨ ᠳᠠᠭᠠᠭᠠᠴᠠ ᠶᠢ ᠦᠨᠳᠦᠰᠦᠯᠡᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠡᠪᠡᠰᠦ ᠪᠡᠯᠴᠢᠭᠡᠷ ᠬᠥᠬᠡᠷᠡᠬᠦ ᠬᠤᠭᠤᠴᠠᠭᠠᠨ ᠳᠤ ᠪᠡᠯᠴᠢᠭᠡᠷᠯᠡᠭᠦᠯᠵᠦ᠂ ᠡᠪᠡᠰᠦ ᠪᠡᠯᠴᠢᠭᠡᠷ ᠨᠣᠭᠤᠭᠠᠷᠠᠬᠤ ᠪᠠ ᠬᠤᠪᠠᠭ᠋ᠠᠶᠢᠷᠠᠬᠤ ᠬᠤᠭᠤᠴᠠᠭᠠᠨ ᠳᠤ ᠬᠠᠰᠢᠶᠠᠯᠠᠨ ᠲᠡᠵᠢᠭᠡᠬᠦ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠵᠠᠬᠪᠤᠷ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠭᠰᠠᠨ ᠨᠥᠬᠦᠴᠡᠯ ᠳᠣᠣᠷ᠎ᠠ ᠵᠢᠯ ᠤᠨ ᠳᠥᠷᠪᠡᠨ ᠤᠯᠠᠷᠢᠯ ᠢᠶᠠᠷ ᠪᠡᠯᠴᠢᠭᠡᠷᠯᠡᠭᠦᠯᠵᠦ᠂ ᠡᠪᠦᠯ ᠬᠠᠪᠤᠷ ᠤᠨ ᠡᠪᠡᠰᠦ ᠪᠡᠯᠴᠢᠭᠡᠷ ᠬᠤᠪᠠᠭ᠋ᠠᠶᠢᠷᠠᠭᠰᠠᠨ ᠬᠤᠭᠤᠴᠠᠭᠠᠨ ᠳᠤ ᠵᠣᠬᠢᠬᠤ ᠬᠡᠮᠵᠢᠶ᠎ᠡ  ᠪᠠᠷ ᠲᠡᠵᠢᠭᠡᠯ ᠨᠥᠬᠦᠪᠦᠷᠢᠯᠡᠨ᠂ ᠡᠪᠦᠯ ᠤᠨ ᠲᠥᠯ ᠪᠠ ᠬᠠᠪᠤᠷ ᠡᠷᠲᠡ ᠶᠢᠨ ᠲᠥᠯ ᠲᠤᠰᠬᠤ ᠬᠠᠷᠢᠴᠠᠯ ᠢ ᠨᠡᠮᠡᠭᠳᠡᠭᠦᠯᠵᠦ ᠂ ᠬᠤᠷᠠᠭ᠎ᠠ ᠪᠠᠨ ᠡᠷᠲᠡᠬᠡᠨ ᠬᠤᠳᠠᠯᠳᠤᠬᠤ ︽ᠪᠡᠯᠴᠢᠭᠡᠷᠯᠡᠭᠦᠯᠬᠦ + ᠲᠡᠵᠢᠭᠡᠯ ᠨᠥᠬᠦᠪᠦᠷᠢᠯᠡᠬᠦ︾ ᠵᠠᠬᠪᠤᠷ᠃ ᠭᠡᠷ ᠪᠦᠯᠢ  ᠶᠢᠨ ᠡᠵᠡᠩᠨᠡᠯᠲᠡ ᠪᠠᠷ ᠰᠠᠭᠤᠷᠢ ᠪᠣᠯᠭᠠᠨ ᠬᠡᠪᠴᠢᠶᠡᠵᠢᠭᠦᠯᠦᠨ ᠲᠡᠵᠢᠭᠡᠬᠦ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠡᠷᠴᠢᠮᠵᠢᠭᠦᠯᠦᠨ ᠡᠵᠡᠩᠨᠡᠬᠦ ᠶᠢ ᠬᠡᠷᠡᠭᠵᠢᠭᠦᠯᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠬᠢᠭᠡᠳ ᠨᠤᠲᠤᠭ ᠪᠡᠯᠴᠢᠭᠡᠷ  ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠤᠣᠰ ᠠᠰᠢᠭ ᠢ ᠭᠦᠷᠳᠡᠭᠦ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠵᠠᠬᠪᠤᠷ᠃ ᠭᠠᠴᠠᠭ᠎ᠠ ᠪᠠᠷ ᠨᠢᠭᠡᠴᠢ ᠪᠣᠯᠭᠠᠨ ᠬᠠᠮᠲᠤ ᠶᠢᠨ ᠠᠵᠤ ᠠᠬᠤᠢ ᠳᠤ ᠲᠦᠰᠢᠭᠯᠡᠵᠦ᠂ ᠰᠠᠶᠢᠨ ᠳᠤᠷ᠎ᠠ ᠶᠢᠨ ᠵᠠᠷᠴᠢᠮ ᠶᠣᠰᠣᠭᠠᠷ ᠮᠠᠯᠵᠢᠬᠤ ᠡᠷᠦᠭᠡ ᠨᠢ ᠳᠠᠭᠠᠭᠠᠴᠢᠯᠠᠨ ᠡᠵᠡᠩᠨᠡᠭᠰᠡᠨ ᠪᠦᠭᠦ ᠨᠤᠲᠤᠭ ᠪᠡᠯᠴᠢᠭᠡᠷ ᠵᠢᠴᠢ ᠮᠠᠯ ᠤᠨᠤᠭ᠎ᠠ ᠪᠠᠨ ᠬᠤᠪᠢ ᠣᠷᠣᠭᠤᠯᠵᠤ ᠪᠠᠶᠢᠭᠠᠳ ᠬᠤᠪᠢ ᠣᠷᠣᠭᠤᠯᠤᠭᠰᠠᠨ ᠲᠤᠰᠬᠠᠢ ᠬᠤᠷᠰᠢᠶ᠎ᠠ ᠪᠠᠶᠢᠭᠤᠯᠵᠤ᠂ ᠲᠤᠰᠬᠠᠢ ᠬᠤᠷᠰᠢᠶ᠎ᠠ ᠨᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢᠶᠠᠷ ᠪᠡᠯᠴᠢᠭᠡᠷ ᠢᠶᠠᠨ ᠬᠡᠰᠡᠭᠯᠡᠨ ᠰᠡᠯᠭᠦᠨ ᠮᠠᠯᠵᠢᠵᠤ ᠪᠦᠬᠦᠯᠢ ᠴᠣᠭᠴᠠ ᠪᠠᠷ ᠨᠢ ᠡᠵᠡᠩᠨᠡᠬᠦ ︽ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ + ᠲᠤᠰᠬᠠᠢ ᠬᠤᠷᠰᠢᠶ᠎ᠠ︾ ᠶᠢᠨ ᠵᠠᠬᠪᠤᠷ᠃ ᠠᠵᠤ ᠠᠬᠤᠶᠢᠯᠠᠯ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠤᠶᠤ ᠲᠤᠰᠬᠠᠢ ᠬᠤᠷᠰᠢᠶ᠎ᠠ ᠠᠴᠠ ᠮᠠᠯᠵᠢᠬᠤ ᠲᠠᠷᠢᠶᠠᠯᠠᠬᠤ ᠡᠷᠦᠭᠡ ᠯᠦᠭᠡ ᠨᠠᠶᠢᠳᠠᠨ ᠲᠡᠵᠢᠭᠡᠯᠭᠡᠬᠦ ᠭᠡᠷ᠎ᠡ ᠲᠣᠭᠲᠠᠵᠤ᠂ ᠮᠠᠯᠵᠢᠬᠤ ᠲᠠᠷᠢᠶᠠᠯᠠᠬᠤ ᠡᠷᠦᠭᠡ ᠶᠢᠨ ᠮᠠᠯ ᠤᠨᠤᠭᠠᠨ ᠤ ᠦᠷ᠎ᠡ ᠶᠢᠨ ᠢᠷᠡᠯᠲᠡ ᠶᠢᠨ ᠬᠠᠮᠢᠶᠠᠷᠤᠯᠲᠠ᠂ ᠡᠪᠡᠰᠦ ᠪᠣᠷᠳᠣᠭᠠᠨ ᠤ ᠬᠠᠩᠭᠠᠯᠭ᠎ᠠ᠂ ᠮᠡᠷᠭᠡᠵᠢᠯ ᠤᠨ ᠦᠢᠯᠡᠴᠢᠯᠡᠭᠡ᠂ ᠪᠣᠷᠤᠯᠠᠭᠤᠯᠭ᠎ᠠ ᠶᠢᠨ ᠠᠷᠭ᠎ᠠ ᠵᠠᠮ ᠢ ᠨᠢᠭᠡᠳᠦᠯᠲᠡᠢ ᠪᠤᠯᠭᠠᠬᠤ ᠨᠠᠶᠢᠳᠠᠨ ᠲᠡᠵᠢᠭᠡᠯᠭᠡᠬᠦ ᠠᠰᠢᠭ ᠲᠤᠰᠠ ᠶᠢᠨ ᠬᠤᠯᠪᠣᠭᠠᠨ ᠤ ᠵᠠᠬᠪᠤᠷ᠃ ᠡᠰᠢ ᠰᠦᠷᠡᠯ  ᠢᠶᠠᠷ ᠡᠯᠪᠡᠭ ᠪᠠᠶᠢᠭ᠎ᠠ ᠮᠠᠯ ᠠᠵᠤ ᠠᠬᠤᠢ ᠲᠠᠷᠢᠶᠠᠯᠠᠩ ᠰᠣᠯᠪᠢᠴᠠᠭᠰᠠᠨ ᠣᠷᠣᠨ ᠪᠠ ᠲᠠᠷᠢᠶᠠᠯᠠᠬᠤ ᠣᠷᠣᠨ ᠳᠤ ᠮᠠᠯᠵᠢᠬᠤ ᠣᠷᠣᠨ ᠬᠢᠭᠡᠳ ᠲᠠᠷᠢᠶᠠᠯᠠᠬᠤ ᠣᠷᠣᠨ ᠢ ᠵᠣᠯᠭᠠᠭᠤᠯᠵᠤ᠂ ᠭᠠᠴᠠᠭ᠎ᠠ ᠪᠠ ᠲᠣᠰᠬᠤᠨ᠂ ᠮᠠᠯᠵᠢᠬᠤ ᠡᠷᠦᠭᠡ ᠪᠠ ᠲᠠᠷᠢᠶᠠᠯᠠᠬᠤ ᠡᠷᠦᠭᠡ ᠶᠢᠨ ᠬᠠᠷᠢᠯᠴᠠᠨ ᠬᠠᠮᠲᠤᠷᠠᠯᠴᠠᠵᠤ ᠬᠠᠷᠢᠯᠴᠠᠨ ᠨᠥᠬᠦᠪᠦᠷᠢᠯᠡᠬᠦ ᠠᠷᠭ᠎ᠠ ᠭᠡᠯᠪᠡᠷᠢ ᠪᠠᠷ ᠲᠠᠷᠢᠶᠠᠯᠠᠬᠤ ᠣᠷᠣᠨ ᠤ ᠨᠠᠮᠤᠷ ᠤᠨ ᠬᠤᠷᠢᠶᠠᠯᠲᠠ ᠶᠢᠨ ᠳᠠᠷᠠᠭᠠᠬᠢ ᠲᠠᠷᠢᠶᠠᠨ ᠭᠠᠵᠠᠷ ᠢ ᠲᠦᠷᠢᠶᠡᠰᠦᠯᠡᠨ ᠮᠠᠯ ᠢᠶᠠᠨ ᠪᠡᠯᠴᠢᠭᠡᠷᠯᠡᠭᠦᠯᠵᠦ᠂ ᠣᠨᠳᠣᠣ ᠭᠠᠵᠠᠷ ᠲᠤ ᠣᠲᠣᠷᠯᠠᠨ ᠡᠪᠦᠯᠵᠢᠬᠦ ᠬᠦᠢᠲᠡᠨ ᠤᠯᠠᠷᠢᠯ ᠳᠤ ᠣᠨᠳᠣᠣ ᠭᠠᠵᠠᠷ ᠲᠤ ᠲᠡᠵᠢᠭᠡᠨ ᠦᠷᠡᠵᠢᠭᠦᠯᠬᠦ ᠵᠠᠬᠪᠤᠷ᠃ ᠪᠣᠳᠠᠰ ᠤᠨ ᠰᠦᠯᠵᠢᠶ᠎ᠡ᠂ ᠲᠣᠮᠣ ᠳ᠋ᠠᠶᠢᠲ᠋ᠠ ᠶᠢᠨ ᠮᠡᠷᠭᠡᠵᠢᠯ ᠤᠨ ᠣᠶᠤᠨᠴᠢ ᠪᠦᠷᠢᠳᠬᠡᠨ ᠵᠠᠳᠠᠯᠬᠤ ᠵᠥᠭᠡᠯᠡᠨ ᠲᠣᠨᠤᠭ ᠤᠨ ᠦᠵᠦᠭᠦᠷᠯᠢᠭ ᠲᠤ ᠰᠠᠭᠤᠷᠢᠯᠠᠨ ᠲᠡᠵᠢᠭᠡᠵᠦ ᠠᠷᠠᠴᠢᠯᠠᠬᠤ᠂ ᠭᠡᠮ ᠬᠢᠵᠢᠭ ᠢ ᠰᠡᠷᠭᠡᠶᠢᠯᠡᠬᠦ᠂ ᠢᠯᠭᠠᠳᠠᠰᠤ ᠶᠢᠨ ᠪᠣᠬᠢᠷᠳᠤᠯ ᠢ ᠰᠢᠢᠳᠪᠦᠷᠢᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠤᠨᠤᠭ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠲᠤᠭᠠᠴᠢᠯᠠᠯᠳᠠ ᠪᠠ ᠣᠶᠤᠨᠴᠢᠯᠠᠯᠲᠠ ᠶᠢ ᠪᠡᠶᠡᠯᠡᠭᠦᠯᠬᠦ ᠣᠶᠤᠨᠴᠢ ᠮᠠᠯᠵᠢᠯ ᠤᠨ ᠲᠠᠯᠠᠪᠠᠶ ᠶᠢᠨ ᠵᠠᠬᠪᠤᠷ᠃ ᠮᠠᠯᠵᠢᠬᠤ ᠡᠷᠦᠭᠡ ᠪᠤᠶᠤ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠨᠢ ᠰᠠᠭᠠᠯᠢ ᠶᠢᠨ ᠦᠨᠢᠶ᠎ᠡ᠂ ᠮᠢᠬᠠᠨ ᠤ ᠦᠬᠡᠷ᠂ ᠮᠢᠬᠠᠨ ᠤ ᠬᠤᠨᠢ ᠳᠠᠭᠠᠨ ᠲᠦᠰᠢᠭᠯᠡᠨ ᠮᠠᠯ ᠤᠨ ᠠᠰᠢᠭ ᠰᠢᠮ᠎ᠡ ᠶᠢᠨ ᠪᠣᠯᠪᠠᠰᠤᠷᠠᠭᠤᠯᠤᠯᠲᠠ ᠬᠢᠵᠦ᠂ ᠦᠬᠡᠷ ᠬᠤᠨᠢ ᠲᠡᠵᠢᠭᠡᠬᠦ ᠦᠢᠯᠡᠰ ᠢᠶᠠᠨ ᠠᠩᠬ᠎ᠠ ᠪᠤᠯᠪᠠᠰᠤᠷᠠᠭᠤᠯᠬᠤ ᠪᠠ ᠭᠦᠢᠯᠭᠡᠭᠡᠨ ᠤ ᠬᠦᠷᠢᠶ᠎ᠡ ᠴᠠᠷᠠᠭ᠎ᠠ ᠲᠡᠶᠢᠰᠢ ᠥᠷᠭᠡᠳᠬᠡᠬᠦ ᠶᠢ ᠠᠬᠢᠭᠤᠯᠵᠤ᠂ ᠳᠠᠭᠢᠨ ᠰᠢᠭᠤᠳ ᠪᠣᠷᠣᠯᠠᠭᠤᠯᠬᠤ ᠪᠤᠶᠤ ᠡᠯᠧᠺᠲᠷᠣᠨ ᠬᠤᠳᠠᠯᠳᠤᠭ᠎ᠠ ᠪᠠᠷ ᠪᠣᠷᠣᠯᠠᠭᠤᠯᠵᠤ᠂ ᠪᠦᠭᠦ ᠬᠡᠯᠬᠢᠶ᠎ᠡ ᠶᠢᠨ ᠠᠰᠢᠭ ᠬᠤᠨᠵᠢᠪᠤᠷᠢ ᠶᠢ ᠣᠯᠬᠤ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠵᠠᠬᠪᠤᠷ᠃ ᠮᠠᠯᠵᠢᠬᠤ ᠣᠷᠣᠨ ᠤ ᠠᠵᠤ ᠦᠢᠯᠡᠰ ᠢᠶᠠᠷ ᠰᠠᠭᠤᠷᠢ ᠪᠣᠯᠭᠠᠨ ᠮᠠᠯ ᠮᠠᠯᠵᠢᠬᠤ ᠶᠢᠨ ᠬᠠᠮᠲᠤ ᠮᠠᠯᠵᠢᠬᠤ ᠣᠷᠣᠨ ᠤ ᠵᠢᠭᠤᠯᠴᠢᠯᠠᠯ ᠢ ᠬᠥᠭᠵᠢᠭᠦᠯᠵᠦ᠂ ᠦᠢᠯᠡᠳᠪᠦᠷᠢᠯᠡᠯ᠂ ᠪᠣᠯᠪᠠᠰᠤᠷᠠᠭᠤᠯᠤᠯᠲᠠ ᠪᠠ ᠦᠢᠯᠡᠴᠢᠯᠡᠭᠡ ᠭᠤᠷᠪᠠᠨ ᠭᠤᠭᠴᠤᠭ᠎ᠠ ᠶᠢ ᠳᠠᠶᠢᠴᠢᠯᠠᠨ ᠬᠤᠯᠪᠣᠭᠠᠯᠠᠵᠤ ᠣᠷᠣᠯᠭ᠎ᠠ ᠪᠠᠨ ᠨᠡᠮᠡᠭᠳᠡᠭᠦᠯᠬᠦ ᠮᠠᠯ ᠠᠵᠤ ᠠᠬᠤᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠠᠭᠪᠤᠷ ᠵᠡᠷᠭᠡ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ 10 ᠰᠢᠨ᠎ᠡ ᠵᠠᠭᠪᠤᠷ ᠢ ᠪᠦᠷᠢᠯᠳᠦᠭᠦᠯᠪᠡ᠃    ︽ᠪᠦᠭᠦ ᠣᠷᠣᠨ ᠤ ᠡᠯ᠎ᠡ ᠭᠠᠵᠠᠷ ᠤᠨ ᠬᠢᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ ᠠᠮᠠᠷᠠᠭᠤᠯᠬᠤ ᠶᠢ ᠢᠮᠠᠭᠲᠠ ᠭᠤᠣᠯᠳᠠᠯᠭ᠎ᠠ ᠲᠠᠢ ᠠᠵᠢᠯ ᠪᠣᠯᠭᠠᠨ ᠰᠤᠯᠠᠷᠠᠰᠢ ᠦᠭᠡᠢ ᠠᠳᠬᠤᠵᠤ ᠢᠯᠡᠳᠲᠡ ᠦᠷ᠎ᠡ ᠪᠦᠲᠦᠮᠵᠢ ᠣᠯᠪᠠ᠃ ᠭᠡᠪᠡᠴᠦ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ ᠳᠡᠶᠢᠯᠦᠭᠡᠳᠦᠢ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ ᠠᠮᠠᠷᠠᠭᠤᠯᠬᠤ ᠠᠵᠢᠯ ᠳᠤ ᠪᠠᠰᠠ ᠬᠦᠷᠦᠯᠴᠡᠬᠦ ᠦᠭᠡᠢ ᠲᠠᠯ᠎ᠠ ᠪᠠ ᠳᠤᠲᠠᠭᠳᠠᠯ ᠲᠠᠢ ᠪᠠᠶᠢᠵᠤ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠵᠠᠮ ᠪᠣᠯᠣᠨ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠰᠢᠲᠠᠢ ᠵᠠᠭᠪᠤᠷ ᠢ ᠬᠠᠶᠢᠨ ᠰᠦᠪᠡᠭᠴᠢᠯᠡᠬᠦ ᠲᠠᠯ᠎ᠠ ᠪᠠᠷ ᠮᠥᠨ ᠬᠦ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠲᠤᠯᠭᠠᠮ ᠱᠠᠭᠠᠷᠳᠠᠵᠤ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠸᠠᠩ ᠵᠤᠤ ᠱᠧᠩ ᠪᠦᠭᠦ ᠣᠷᠣᠨ ᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠤᠨ ᠡᠭᠢᠯᠡᠯᠲᠡ ᠶᠢᠨ ᠬᠤᠷᠠᠯ ᠳᠡᠭᠡᠷ᠎ᠡ ᠶᠠᠷᠢᠵᠤ ᠪᠠᠶᠢᠯ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号