ᠮᠠᠨ ᠤ ᠤᠷᠤᠨ ᠤ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠪᠤᠬᠢᠷᠳᠦᠯ ᠦᠭᠡᠢ ᠬᠦᠭᠵᠢᠯᠳᠡ ᠰᠢᠨ᠎ᠠ ᠠᠬᠢᠯᠳᠠ ᠲᠠᠢ ᠪᠤᠯᠵᠠᠢ
ᠨᠡᠶᠢᠲᠡᠯᠡᠭᠰᠡᠨ ᠴᠠᠭ᠄
2024/3/20
   ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠭᠤᠶᠢᠪᠢᠰᠢ ᠦᠭᠡᠢ ᠪᠠᠷᠢᠮᠲᠠᠯᠠᠨ᠂ ᠬᠠᠮ ᠠᠷᠭ᠎ᠠ ᠪᠣᠳᠣᠯᠭ᠎ᠠ ᠪᠠᠷ ᠦᠢᠯᠡᠳᠬᠦ ᠦᠢᠯᠡᠰ  ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠡᠷᠴᠢᠮᠲᠡᠢ ᠠᠬᠢᠭᠤᠯᠤᠭᠰᠠᠨ ᠢᠶᠠᠷ ᠪᠦᠭᠦ ᠣᠷᠣᠨ  ᠤ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠳᠤᠯ ᠦᠭᠡᠢ ᠬᠥᠭᠵᠢᠯᠲᠡ ᠰᠢᠨ᠎ᠡ ᠠᠬᠢᠯᠲᠠ ᠲᠠᠢ ᠪᠣᠯᠵᠠᠢ᠃    ᠮᠠᠨ ᠤ ᠣᠷᠣᠨ ᠭᠤᠣᠯᠳᠠᠭᠤ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠠᠵᠤ ᠦᠢᠯᠡᠰ  ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ᠂ ᠬᠢᠵᠠᠭᠠᠷᠯᠠᠬᠤ ᠴᠢᠨᠠᠷᠲᠠᠢ ᠦᠢᠯᠡᠳᠪᠦᠷᠢᠯᠡᠯ ᠤᠨ ᠴᠢᠳᠠᠪᠤᠷᠢ ᠶᠢ ᠡᠮᠬᠢ ᠵᠢᠷᠤᠮ ᠲᠠᠢ ᠰᠢᠭᠰᠢᠭᠳᠡᠭᠦᠯᠬᠦ᠂ ᠡᠨᠧᠷᠭᠢ ᠠᠷᠪᠢᠯᠠᠬᠤ ᠪᠠᠭ᠎ᠠ ᠨᠡᠭᠦᠷᠡᠰᠦᠲᠥ᠋ᠷᠥᠭᠴᠢᠲᠦ ᠮᠡᠷᠭᠡᠵᠢᠯ ᠢ ᠳᠡᠯᠭᠡᠷᠡᠭᠦᠯᠬᠦ᠂ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠬᠦ᠂ ᠪᠣᠬᠢᠷᠳᠤᠯ ᠦᠭᠡᠢ ᠦᠢᠯᠡᠳᠬᠡᠯ ᠢ ᠪᠦᠭᠦ ᠲᠠᠯ᠎ᠠ ᠪᠠᠷ ᠠᠬᠢᠭᠤᠯᠬᠤ ᠵᠡᠷᠭᠡ ᠵᠢᠷᠭᠤᠭᠠᠨ ᠲᠠᠯ᠎ᠠ ᠠᠴᠠ ᠪᠦᠭᠦ ᠣᠷᠣᠨ ᠤ ᠰᠢᠨ᠎ᠡ ᠭᠡᠯᠪᠡᠷᠢ  ᠶᠢᠨ ᠠᠵᠤ ᠦᠢᠯᠡᠳᠪᠦᠷᠢᠵᠢᠯᠲᠡ ᠶᠢᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠠᠢ᠃ ᠡᠭᠦᠨ ᠳᠤ ᠰᠢᠨ᠎ᠡ ᠭᠡᠯᠪᠡᠷᠢ  ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ︽1+7︾ ᠲᠦᠷᠦ ᠶᠢᠨ ᠪᠣᠳᠣᠯᠭ᠎ᠠ ᠶᠢᠨ ᠰᠢᠰᠲ᠋ᠧᠮ ᠵᠢᠴᠢ ᠭᠤᠣᠯᠳᠠᠯᠭ᠎ᠠ ᠲᠠᠢ ᠬᠦᠷᠢᠶᠡᠨ ᠤ ᠴᠢᠨᠠᠷ ᠰᠠᠶᠢᠲᠠᠢ ᠬᠥᠭᠵᠢᠯᠲᠡ ᠶᠢᠨ ᠲᠦᠷᠦ ᠶᠢᠨ ᠪᠣᠳᠣᠯᠭ᠎ᠠ ᠵᠡᠷᠭᠡ ᠨᠢ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ︽ᠨᠢᠷᠤᠭᠤ ᠲᠤᠯᠭᠠᠭᠤᠷᠢ︾ ᠶᠢ ᠪᠤᠰᠬᠠᠪᠠ᠃ ᠠᠵᠤ ᠦᠢᠯᠡᠰ ᠤᠨ ᠪᠦᠲᠦᠴᠡ ᠶᠢᠨ ᠬᠤᠪᠢ ᠳᠤ ᠪᠦᠭᠦ ᠣᠷᠣᠨ ᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠰᠢᠨ᠎ᠡ ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠵᠤ᠂ 2023 ᠣᠨ ᠳᠤ ᠪᠦᠭᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠨᠡᠮᠡᠭᠳᠡᠯ ᠦᠷᠳᠡᠭ ᠲᠤᠰ ᠲᠤᠰ 11.4% ᠪᠠ 13.5% ᠪᠠᠷ ᠨᠡᠮᠡᠭᠳᠡᠵᠦ᠂ ᠲᠤᠰᠪᠤᠷᠢ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 4 ᠬᠤᠪᠢ ᠪᠠ 6.1 ᠬᠤᠪᠢ ᠳᠠᠪᠠᠵᠠᠢ᠃ ᠪᠦᠭᠦ ᠣᠷᠣᠨ ᠢᠶᠠᠷ ᠢᠶᠠᠨ 260 ᠲᠦᠮᠡᠨ ᠳᠤᠨ ᠤ ᠲᠡᠮᠦᠷ ᠪᠤᠯᠪᠠᠰᠤᠷᠠᠭᠤᠯᠬᠤ᠂ 150 ᠲᠦᠮᠡᠨ ᠳᠤᠨ ᠤ ᠪᠣᠯᠣᠳ ᠪᠤᠯᠪᠠᠰᠤᠷᠠᠭᠤᠯᠬᠤ᠂ 371 ᠲᠦᠮᠡᠨ ᠳᠤᠨ ᠤ ᠲᠡᠮᠦᠷ ᠤᠨ ᠬᠠᠶᠢᠯᠤᠰᠢ ᠦᠢᠯᠡᠳᠪᠦᠷᠢᠯᠡᠬᠦ᠂ 390 ᠲᠦᠮᠡᠨ ᠳᠤᠨ ᠤ ᠴᠠᠬᠢᠯᠠᠭᠤᠷ ᠴᠢᠯᠠᠭᠤ ᠦᠢᠯᠡᠳᠪᠦᠷᠢᠯᠡᠬᠦ᠂ 1209 ᠲᠦᠮᠡᠨ ᠳᠤᠨ ᠤ ᠬᠡᠦᠷᠡᠰᠦ ᠪᠤᠯᠪᠠᠰᠤᠷᠠᠭᠤᠯᠬᠤ ᠦᠢᠯᠡᠳᠪᠦᠷᠢᠯᠡᠯ ᠤᠨ ᠴᠢᠳᠠᠪᠤᠷᠢ ᠶᠢ ᠵᠣᠭᠰᠣᠭᠠᠭᠰᠠᠨ ᠪᠤᠶᠤ ᠰᠢᠭᠰᠢᠭᠳᠡᠭᠦᠯᠵᠦ᠂ 2600 ᠲᠦᠮᠡᠨ ᠳᠤᠨ ᠨᠡᠭᠦᠷᠡᠰᠦᠳᠦ᠋ᠷᠦᠭᠴᠢ ᠳᠤᠲᠠᠭᠤ ᠭᠠᠳᠠᠬᠰᠢᠯᠠᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠨ ᠳᠤ ᠳᠡᠯᠭᠡᠷᠡᠭᠦᠯᠬᠦ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠷᠢᠭᠦᠨ ᠤ ᠮᠡᠷᠭᠡᠵᠢᠯ ᠤᠳ ︵2023︶︾ ᠢ ᠨᠠᠶᠢᠷᠠᠭᠤᠯᠤᠨ ᠲᠤᠭᠤᠷᠪᠢᠵᠤ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠳᠡᠮᠵᠢᠵᠡᠢ᠃ 2023 ᠣᠨ ᠳᠤ ᠪᠦᠭᠦ ᠣᠷᠣᠨ ᠢᠶᠠᠷ ᠢᠶᠠᠨ ᠡᠨᠧᠷᠭᠢ ᠠᠷᠪᠢᠯᠠᠬᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 208 ᠲᠦᠷᠦᠯ ᠵᠦᠢᠯ ᠢ ᠬᠡᠷᠡᠭᠵᠢᠭᠦᠯᠵᠦ᠂ 107 ᠲᠦᠮᠡᠨ ᠳᠤᠨ ᠪᠠᠷᠢᠮᠵᠢᠶ᠎ᠠ ᠨᠡᠭᠦᠷᠡᠰᠦ᠂ 1252 ᠲᠦᠮᠡᠨ ᠳᠤᠨ ᠤᠰᠤ ᠠᠷᠪᠢᠯᠠᠪᠠ᠃ ᠤᠳᠤ ᠪᠦᠭᠦ ᠣᠷᠣᠨ ᠳᠤ 298 ᠪᠣᠬᠢᠷᠳᠤᠯ ᠦᠭᠡᠢ ᠦᠢᠯᠡᠳᠪᠦᠷᠢ᠂ 24 ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ 92 ᠪᠣᠬᠢᠷᠳᠤᠯ ᠦᠭᠡᠢ ᠲᠥᠰᠥᠪᠯᠡᠯ ᠤᠨ ᠦᠢᠯᠡᠳᠬᠦᠨ᠂ 26 ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶ᠎ᠡ ᠲᠠᠢ ᠪᠣᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号