ᠮᠠᠯ ᠤᠨ ᠡᠭᠦᠯᠳᠡᠷ ᠰᠠᠶᠢᠵᠢᠷᠠᠭᠤᠯᠬᠤ ᠲᠣᠪᠴᠢ
ᠨᠡᠶᠢᠲᠡᠯᠡᠭᠰᠡᠨ ᠴᠠᠭ᠄
2024/3/20
   ᠮᠠᠯ ᠤᠨ ᠡᠭᠦᠯᠳᠡᠷ ᠰᠠᠶᠢᠵᠢᠷᠠᠭᠤᠯᠬᠤ ᠭᠡᠳᠡᠭ ᠪᠣᠯ ᠡᠭᠦᠯᠳᠡᠷ ᠪᠤᠶᠢᠵᠢᠭᠤᠯᠬᠤ᠂ ᠦᠷᠡᠵᠢᠭᠦᠯᠬᠦ ᠪᠠ ᠠᠷᠠᠴᠢᠯᠠᠭ᠎ᠠ ᠮᠠᠯᠵᠢᠯᠭ᠎ᠠ ᠶᠢᠨ ᠬᠠᠮᠢᠶᠠᠷᠤᠯᠲᠠ ᠵᠡᠷᠭᠡ ᠣᠳᠣ ᠦᠶ᠎ᠡ ᠶᠢᠨ ᠮᠡᠷᠭᠡᠵᠢᠯ ᠤᠨ ᠠᠷᠭ᠎ᠠ ᠪᠠᠷ ᠳᠠᠮᠵᠢᠨ᠂ ᠮᠠᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠯᠢᠳᠡᠭ ᠮᠠᠯ ᠤᠨ ᠲᠤᠭ᠎ᠠ ᠨᠣᠷᠮ᠎ᠠ ᠶᠢ ᠥᠷᠭᠡᠳᠬᠡᠵᠦ᠂ ᠦᠢᠯᠡᠳᠪᠦᠷᠢᠯᠡᠯ ᠤᠨ ᠴᠢᠳᠠᠯ ᠴᠢᠳᠠᠪᠤᠷᠢ ᠶᠢ ᠨᠢ ᠨᠡᠩ ᠶᠡᠬᠡᠪᠡᠷ ᠪᠠᠳᠠᠷᠠᠭᠤᠯᠵᠤ᠂ ᠨᠡᠩ ᠣᠯᠠᠨ᠂ ᠨᠡᠩ ᠰᠠᠶᠢᠨ ᠮᠠᠯ ᠤᠨ ᠠᠰᠢᠭ ᠰᠢᠮ᠎ᠡ ᠦᠢᠯᠡᠳᠪᠦᠷᠢᠯᠡᠨ ᠭᠠᠷᠭᠠᠵᠤ᠂ ᠨᠡᠶᠢᠭᠡᠮ ᠪᠠ ᠠᠷᠠᠳ ᠤᠨ ᠠᠮᠢᠳᠤᠷᠠᠯ ᠤᠨ ᠡᠳᠦᠷ ᠢᠷᠡᠬᠦᠶ᠎ᠡ ᠳᠡᠭᠡᠭᠰᠢᠯᠡᠵᠦ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠬᠡᠯᠡᠨ᠎ᠡ᠃    ᠨᠢᠭᠡ᠂ ᠡᠭᠦᠯᠳᠡᠷ ᠪᠤᠶᠢᠵᠢᠭᠤᠯᠬᠤ    ᠣᠳᠣᠬᠠᠨ ᠳᠤ ᠮᠠᠨ ᠤ ᠠᠶᠢᠮᠠᠭ ᠤᠨ ᠪᠤᠶᠢᠵᠢᠭᠤᠯᠵᠤ ᠪᠠᠶᠢᠭ᠎ᠠ ᠡᠭᠦᠯᠳᠡᠷ ᠲᠤ ᠥᠪᠥᠷ ᠮᠣᠩᠭᠤᠯ ᠤᠨ ᠨᠠᠷᠢᠨ ᠨᠣᠣᠰᠣᠳᠣ ᠬᠤᠨᠢ᠂ ᠲᠠᠯ᠎ᠠ ᠨᠤᠲᠤᠭ ᠤᠨ ᠤᠯᠠᠭᠠᠨ ᠦᠬᠡᠷ᠂ ᠰᠢᠯᠢ ᠶᠢᠨ ᠭᠤᠣᠯ ᠠᠳᠤᠭᠤ᠂ ᠰᠣᠩᠭᠤᠨ ᠪᠤᠶᠢᠵᠢᠭᠤᠯᠵᠤ ᠪᠠᠶᠢᠭ᠎ᠠ ᠡᠭᠦᠯᠳᠡᠷ ᠲᠤ ᠦᠵᠦᠮᠦᠴᠢᠨ ᠬᠤᠨᠢ᠂ ᠦᠵᠦᠮᠦᠴᠢᠨ ᠨᠣᠯᠣᠣᠷ ᠤᠨ ᠴᠠᠭᠠᠨ ᠢᠮᠠᠭ᠎ᠠ᠂ ᠰᠥᠨᠢᠳ ᠬᠤᠨᠢ᠂ ᠤᠷᠢᠶᠠᠩᠬᠠᠨ ᠬᠤᠨᠢ ᠪᠤᠢ᠃ ᠣᠳᠣᠬᠠᠨ ᠪᠠ ᠬᠤᠶᠢᠰᠢᠳᠠ ᠣᠷᠣᠨ ᠨᠤᠲᠤᠭ ᠤᠨ ᠰᠠᠶᠢᠨ ᠡᠭᠦᠯᠳᠡᠷ ᠤᠨ ᠦᠷ᠎ᠡ ᠶᠢᠨ ᠮᠠᠯ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠱᠠᠯᠠᠪᠳᠠᠨ ᠪᠠᠶᠢᠭᠤᠯᠵᠤ᠂ ᠦᠵᠦᠮᠦᠴᠢᠨ ᠬᠤᠨᠢᠨ ᠤ ᠣᠭ ᠡᠭᠦᠯᠳᠡᠷ ᠤᠨ ᠲᠠᠯᠠᠪᠠᠢ᠂ ᠦᠵᠦᠮᠦᠴᠢᠨ ᠨᠣᠯᠣᠣᠷ ᠤᠨ ᠴᠠᠭᠠᠨ ᠢᠮᠠᠭᠠᠨ ᠤ ᠣᠭ ᠡᠭᠦᠯᠳᠡᠷ ᠤᠨ ᠲᠠᠯᠠᠪᠠᠢ᠂ ᠰᠥᠨᠢᠳ ᠬᠤᠨᠢᠨ ᠤ ᠣᠭ ᠡᠭᠦᠯᠳᠡᠷ ᠤᠨ ᠲᠠᠯᠠᠪᠠᠢ ᠪᠠᠷ ᠲᠣᠯᠣᠭᠠᠶᠢᠯᠠᠭᠤᠯᠤᠭᠰᠠᠨ᠂ ᠡᠭᠦᠯᠳᠡᠷ ᠤᠨ ᠮᠠᠯ ᠤᠨ ᠲᠤᠰᠬᠠᠢ ᠡᠷᠦᠬᠡ ᠪᠠᠷ ᠨᠥᠬᠦᠪᠥᠷᠢ ᠪᠣᠯᠭᠠᠭᠰᠠᠨ ᠡᠭᠦᠯᠳᠡᠷ ᠤᠨ ᠮᠠᠯ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠢ ᠱᠠᠯᠠᠪᠳᠠᠨ ᠪᠠᠶᠢᠭᠤᠯᠵᠤ᠂ ᠡᠭᠦᠯᠳᠡᠷ ᠤᠨ ᠮᠠᠯ ᠤᠨ ᠵᠠᠬ᠎ᠠ ᠳᠡᠯᠭᠡᠭᠦᠷ ᠢ ᠵᠢᠷᠤᠮᠵᠢᠭᠤᠯᠵᠤ᠂ ᠵᠢᠱᠢᠭᠰᠡᠨ ᠦᠷ᠎ᠡ ᠪᠦᠲᠦᠮᠵᠢ ᠪᠠᠨ ᠣᠯᠬᠤ ᠬᠡᠷᠡᠭᠲᠡᠢ᠃    ᠬᠤᠶᠠᠷ᠂ ᠭᠠᠷ ᠬᠡᠭᠡᠯᠲᠦᠭᠦᠯᠭᠡ ᠬᠢᠬᠦ    ᠭᠠᠷ ᠬᠡᠭᠡᠯᠲᠦᠭᠦᠯᠭᠡ ᠬᠢᠬᠦ ᠭᠡᠳᠡᠭ ᠪᠣᠯ᠂ ᠵᠣᠬᠢᠶᠠᠮᠠᠯ ᠠᠷᠭ᠎ᠠ ᠪᠠᠷ ︵ᠭᠠᠷ ᠢᠶᠠᠷ ᠪᠤᠶᠤ ᠮᠠᠰᠢᠨ ᠢᠶᠠᠷ︶ ᠠᠶᠠᠨᠳᠠᠭᠠᠨ ᠤ ᠬᠡᠭᠡᠯᠲᠦᠭᠦᠯᠭᠡ ᠶᠢ ᠣᠷᠣᠯᠠᠭᠤᠯᠤᠨ ᠡᠬᠡ ᠮᠠᠯ ᠳᠤ ᠦᠷ᠎ᠡ ᠲᠣᠭᠲᠠᠭᠠᠨ ᠬᠡᠭᠡᠯᠲᠦᠭᠦᠯᠵᠦ ᠦᠷᠡᠵᠢᠭᠦᠯᠬᠦ ᠨᠢᠭᠡᠨ ᠵᠦᠢᠯ ᠤᠨ ᠮᠡᠷᠭᠡᠵᠢᠯ ᠪᠣᠯᠤᠨ᠎ᠠ᠃ ᠭᠤᠣᠯᠳᠠᠭᠤ ᠦᠷ᠎ᠡ ᠠᠪᠬᠤ᠂ ᠦᠷ᠎ᠡ ᠶᠢ ᠪᠠᠶᠢᠴᠠᠭᠠᠬᠤ᠂ ᠰᠢᠩᠭᠡᠷᠡᠭᠦᠯᠬᠦ᠂ ᠬᠠᠳᠠᠭᠠᠯᠠᠬᠤ᠂ ᠵᠥᠭᠡᠭᠡᠪᠦᠷᠢᠯᠡᠬᠦ ᠪᠠ ᠦᠷ᠎ᠡ ᠳᠠᠮᠵᠢᠭᠤᠯᠬᠤ ᠵᠡᠷᠭᠡ ᠮᠡᠷᠭᠡᠵᠢᠯ ᠤᠨ ᠭᠤᠣᠯ ᠭᠤᠭᠴᠤᠭ᠎ᠠ ᠪᠤᠢ᠃ ᠲᠡᠷᠡ ᠪᠣᠯ ᠠᠶᠠᠨᠳᠠᠭᠠᠨ ᠤ ᠬᠡᠭᠡᠯᠲᠦᠭᠦᠯᠭᠡ ᠶᠢᠨ ᠰᠠᠭᠤᠷᠢᠨ ᠳᠡᠭᠡᠷ᠎ᠡ ᠬᠥᠭᠵᠢᠭᠰᠡᠨ ᠨᠢᠭᠡᠨ ᠵᠦᠢᠯ ᠤᠨ ᠰᠢᠨ᠎ᠡ ᠮᠡᠷᠭᠡᠵᠢᠯ ᠪᠠᠶᠢᠵᠤ᠂ ᠲᠡᠭᠦᠨ ᠢ ᠬᠥᠭᠵᠢᠭᠦᠯᠵᠦ᠂ ᠳᠡᠯᠭᠡᠷᠡᠭᠦᠯᠵᠦ ᠬᠡᠷᠡᠭᠯᠡᠬᠦ ᠨᠢ ᠮᠠᠯ ᠥᠰᠬᠡᠵᠦ ᠦᠷᠡᠵᠢᠭᠦᠯᠬᠦ ᠮᠡᠷᠭᠡᠵᠢᠯ ᠤᠨ ᠲᠠᠯ᠎ᠠ ᠪᠠᠷ ᠬᠢ ᠴᠢᠬᠤᠯᠠ ᠶᠡᠭᠡ ᠥᠭᠡᠷᠡᠴᠢᠯᠡᠯᠲᠡ ᠪᠣᠯᠵᠤ ᠪᠠᠶᠢᠨ᠎ᠠ᠃ ᠡᠨᠡᠬᠦ ᠮᠡᠷᠭᠡᠵᠢᠯ ᠤᠨ ᠬᠡᠷᠡᠭᠯᠡᠯᠲᠡ ᠨᠢ ᠮᠠᠯ ᠤᠨ ᠬᠡᠭᠡᠯᠲᠦᠭᠦᠯᠭᠡ ᠶᠢᠨ ᠶᠠᠪᠤᠴᠠ ᠶᠢ ᠪᠦᠲᠦᠮᠵᠢᠲᠡᠢ ᠥᠭᠡᠷᠡᠴᠢᠯᠡᠭᠰᠡᠨ ᠮᠥᠷᠲᠡᠭᠡᠨ ᠡᠷ᠎ᠡ ᠮᠠᠯ ᠤᠨ ᠬᠡᠭᠡᠯᠲᠦᠭᠦᠯᠭᠡ ᠶᠢᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠡᠢ᠃ ᠢᠯᠠᠩᠭᠤᠶ᠎ᠠ ᠢᠴᠡᠭᠡᠯ ᠦᠷ᠎ᠡ ᠶᠢᠨ ᠬᠡᠭᠡᠯᠲᠦᠭᠦᠯᠭᠡ ᠶᠢ ᠬᠡᠷᠡᠭᠯᠡᠭᠰᠡᠨ ᠠᠴᠠ ᠨᠢᠭᠡ ᠰᠢᠯᠢᠳᠡᠭ ᠪᠤᠬ᠎ᠠ ᠵᠢᠯ ᠳᠤ ᠬᠠᠮᠤᠭ ᠥᠨᠳᠥᠷ ᠲᠡᠭᠡᠨ ᠨᠢᠭᠡ ᠲᠦᠮᠡ ᠭᠠᠷᠤᠢ ᠦᠨᠢᠶᠡᠨ ᠳᠤ ᠬᠡᠬᠡᠯ ᠠᠪᠤᠭᠤᠯᠵᠤ᠂ ᠡᠭᠦᠨ ᠢᠶᠠᠷ ᠳᠠᠮᠵᠢᠨ ᠦᠷ᠎ᠡ ᠶᠢᠨ ᠮᠠᠯ ᠲᠡᠵᠢᠭᠡᠬᠦ ᠲᠤᠭ᠎ᠠ ᠶᠢ ᠪᠠᠭᠠᠰᠬᠠᠵᠤ᠂ ᠦᠢᠯᠡᠳᠪᠦᠷᠢᠯᠡᠯ ᠤᠨ ᠵᠠᠷᠤᠳᠠᠯ ᠢ ᠠᠷᠪᠢᠯᠠᠵᠤ ᠴᠢᠳᠠᠵᠠᠢ᠃ ᠮᠠᠨ ᠤ ᠠᠶᠢᠮᠠᠭ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠪᠠ ᠬᠤᠨᠢᠨ ᠤ ᠭᠠᠷ ᠬᠡᠭᠡᠯᠲᠦᠭᠦᠯᠭᠡ ᠶᠢᠨ ᠲᠠᠯ᠎ᠠ ᠪᠠᠷ ᠢᠯᠡᠳᠲᠡ ᠠᠮᠵᠢᠯᠲᠠ ᠣᠯᠪᠠ᠃ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠮᠠᠨ ᠤ ᠠᠶᠢᠮᠠᠭ ᠲᠤ ᠨᠢᠭᠡᠨᠲᠡ 30 ᠵᠢᠯ ᠤᠨ ᠬᠥᠭᠵᠢᠯᠲᠡ ᠶᠢᠨ ᠲᠡᠦᠬᠡ ᠲᠠᠢ ᠪᠣᠯᠵᠤ᠂ ᠳᠡᠯᠭᠡᠷᠡᠭᠦᠯᠦᠨ ᠬᠡᠷᠡᠭᠯᠡᠵᠦ ᠪᠠᠶᠢᠭ᠎ᠠ ᠬᠡᠪᠴᠢᠶ᠎ᠡ ᠤᠯᠠᠮ ᠢᠶᠠᠷ ᠥᠷᠭᠡᠵᠢᠵᠦ᠂ ᠵᠢᠯ ᠪᠦᠷᠢ 8 ᠲᠦᠮᠡᠨ ᠦᠨᠢᠶ᠎ᠡ ᠬᠡᠭᠡᠯᠲᠦᠭᠦᠯᠵᠦ ᠪᠣᠢ᠃ ᠡᠭᠦᠯᠳᠡᠷ ᠰᠠᠶᠢᠵᠢᠷᠠᠭᠤᠯᠤᠭᠰᠠᠨ ᠦᠬᠡᠷ ᠤᠨ ᠪᠡᠶ᠎ᠡ ᠶᠢᠨ ᠬᠦᠨᠳᠦ᠂ ᠪᠡᠶ᠎ᠡ ᠪᠢᠯᠳᠠᠷ ᠢᠯᠡᠳᠲᠡ ᠳᠡᠭᠡᠭᠰᠢᠯᠡᠨ ᠲᠣᠮᠣᠷᠠᠵᠤ᠂ 18 ᠰᠠᠷ᠎ᠠ ᠲᠠᠢ ᠯᠢᠮᠣᠽᠠᠠ ᠮᠣᠩᠭᠤᠯ ︵F1︶ ᠡᠷ᠎ᠡ ᠦᠬᠡᠷ ᠪᠠ ᠦᠨᠢᠶ᠎ᠡ ᠶᠢᠨ ᠪᠡᠶ᠎ᠡ ᠶᠢᠨ ᠬᠦᠨᠳᠦ ᠨᠢ ᠲᠤᠰ ᠪᠦᠷᠢ 289 ᠺᠢᠯᠣᠭ᠍ᠷᠠᠮ᠂ 276 ᠺᠢᠯᠣᠭ᠍ᠷᠠᠮ ᠬᠦᠷᠴᠦ︔ ᠠᠩᠬᠢᠰ ᠮᠣᠩᠭᠤᠯ ︵F1︶ ᠡᠷ᠎ᠡ ᠦᠬᠡᠷ ᠪᠠ ᠦᠨᠢᠶᠡᠨ ᠤ ᠪᠡᠶ᠎ᠡ ᠶᠢᠨ ᠬᠦᠨᠳᠦ ᠨᠢ ᠲᠤᠰ ᠪᠦᠷᠢ 273 ᠺᠢᠯᠣᠭ᠍ᠷᠠᠮ᠂ 262 ᠺᠢᠯᠣᠭ᠍ᠷᠠᠮ ᠬᠦᠷᠴᠦ᠂ ᠠᠳᠠᠯᠢ ᠨᠠᠰᠤᠨ ᠤ ᠮᠣᠩᠭᠤᠯ ᠦᠬᠡᠷ ᠲᠠᠢ ᠠᠳᠠᠯᠢᠳᠬᠠᠪᠠᠯ ᠲᠤᠰ ᠪᠦᠷᠢ 33.16%᠂ 29.69%᠂ 25.91%᠂ 25.14% ᠳᠡᠭᠡᠭᠰᠢᠯᠡᠵᠡᠢ᠃ ᠦᠨ᠎ᠡ ᠬᠠᠩᠰᠢ ᠨᠢ ᠴᠣ᠋ ᠮᠣᠩᠭᠤᠯ ᠦᠬᠡᠷ ᠲᠠᠢ ᠬᠠᠷᠢᠴᠠᠭᠤᠯᠪᠠᠯ 800-900 ᠲᠥᠭᠦᠷᠢᠭ ᠥᠨᠳᠥᠷ ᠪᠠᠶᠢᠳᠠᠭ᠃ ᠬᠤᠨᠢᠨ ᠤ ᠭᠠᠷ ᠬᠡᠭᠡᠯᠲᠦᠭᠦᠯᠭᠡ ᠶᠢᠨ ᠮᠡᠷᠭᠡᠵᠢᠯ ᠢ ᠮᠠᠨ ᠤ ᠠᠶᠢᠮᠠᠭ ᠬᠤᠷᠢᠳᠤᠭᠠᠷ ᠵᠠᠭᠤᠨ ᠤ ᠲᠠᠪᠢᠭᠠᠳ ᠣᠨ ᠠᠴᠠ ᠡᠬᠢᠯᠡᠨ ᠬᠡᠷᠡᠭᠯᠡᠵᠦ᠂ ᠠᠩᠬ᠎ᠠ ᠲᠤᠷᠰᠢᠯᠲᠠ᠂ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠠᠴᠠ ᠣᠳᠣ ᠪᠣᠯᠲᠠᠯ᠎ᠠ ᠨᠢᠭᠡᠨᠲᠡ ᠨᠢᠭᠡᠨ ᠡᠩ ᠤᠨ ᠮᠡᠷᠭᠡᠵᠢᠯ ᠪᠣᠯᠵᠤ᠂ ᠥᠪᠥᠷ ᠮᠣᠩᠭᠤᠯ ᠤᠨ ᠨᠠᠷᠢᠨ ᠨᠣᠣᠰᠣᠳᠣ ᠬᠤᠨᠢ ᠶᠢ ᠪᠤᠶᠢᠵᠢᠭᠤᠯᠬᠤ ᠳᠤᠮᠳᠠ᠂ ᠡᠨᠡᠬᠦ ᠮᠡᠷᠭᠡᠵᠢᠯ ᠳᠤ ᠲᠦᠰᠢᠭᠯᠡᠨ ᠡᠭᠦᠯᠳᠡᠷ ᠪᠤᠶᠢᠵᠢᠭᠤᠯᠬᠤ᠂ ᠨᠠᠷᠢᠨ ᠨᠣᠣᠰᠣᠳᠣ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠳᠣᠯᠠᠬᠤ᠂ ᠠᠦ᠋ᠰᠲᠷᠠᠯᠢᠶ᠎ᠠ ᠮᠧᠷᠢᠨᠣᠰ ᠬᠤᠨᠢ ᠶᠢ ᠡᠷᠯᠢᠰᠵᠢᠬᠦᠯᠬᠦ ᠵᠡᠷᠭᠡ ᠠᠵᠢᠯ ᠳᠤ ᠴᠢᠬᠤᠯᠠ ᠦᠢᠯᠡᠳᠦᠯ ᠦᠵᠡᠭᠦᠯᠵᠡᠢ᠃ ᠡᠭᠦᠯᠳᠡᠷ ᠰᠠᠶᠢᠵᠢᠷᠠᠭᠤᠯᠤᠭᠰᠠᠨ ᠨᠠᠰᠤ ᠭᠦᠢᠴᠡᠭᠰᠡᠨ ᠨᠠᠷᠢᠨ ᠨᠣᠣᠰᠣᠳᠣ ᠬᠤᠨᠢᠨ ᠤ ᠳᠤᠮᠳᠠᠴᠢ ᠨᠣᠣᠰᠣᠨ ᠤ ᠤᠷᠲᠤ ᠨᠢ 8.53 ᠰᠡᠡᠲ᠋ᠢᠮᠧᠳ᠋ᠷ ᠬᠦᠷᠴᠦ᠂ ᠨᠣᠣᠰᠣᠨ ᠤ ᠭᠠᠷᠣᠴᠠ ᠨᠢ 5. 24 ᠺᠢᠯᠣᠭ᠍ᠷᠠᠮ ᠬᠦᠷᠴᠦ᠂ ᠴᠡᠪᠡᠷ ᠨᠣᠣᠰᠣᠨ  ᠤ ᠨᠣᠷᠮ᠎ᠠ  ᠨᠢ 50.2% ᠬᠦᠷᠴᠡᠢ᠃ ᠣᠳᠣ ᠵᠢᠯ ᠪᠦᠷᠢ 40 ᠲᠦᠮᠡ ᠣᠷᠴᠢᠮ ᠬᠤᠨᠢᠨ  ᠳᠤ ᠭᠠᠷ ᠬᠡᠭᠡᠯᠲᠦᠭᠦᠯᠭᠡ ᠬᠢᠵᠦ᠂ ᠬᠤᠴᠠ  ᠶᠢᠨ ᠵᠢᠯ  ᠤᠨ ᠬᠡᠭᠡᠯᠲᠦᠭᠦᠯᠭᠡ  ᠶᠢᠨ ᠲᠤᠭ᠎ᠠ ᠬᠠᠮᠤᠭ ᠤᠨ ᠥᠨᠳᠥᠷ ᠲᠡᠭᠡᠨ 2300 ᠬᠦᠷᠴᠦ ᠪᠤᠢ᠃    ᠭᠤᠷᠪᠠ᠂ ᠬᠦᠪᠦᠷᠡᠯ ᠰᠢᠯᠵᠢᠭᠦᠯᠬᠦ    ᠬᠦᠪᠦᠷᠡᠯ ᠰᠢᠯᠵᠢᠭᠦᠯᠬᠦ ᠭᠡᠳᠡᠭ ᠪᠣᠯ ᠰᠢᠨ᠎ᠡ ᠪᠠᠷ ᠪᠦᠷᠢᠯᠳᠦᠭᠰᠡᠨ ᠮᠥᠷᠲᠡᠭᠡᠨ ᠬᠡᠪᠡᠯᠢ ᠳᠡᠭᠡᠨ ᠬᠠᠷᠠᠬᠠᠨ ᠬᠡᠯᠪᠡᠷᠢᠵᠢᠵᠦ ᠲᠣᠭᠲᠠᠭᠠᠳᠤᠢ ᠡᠬᠢᠨ ᠤ ᠬᠤᠭᠤᠴᠠᠭᠠᠨ ᠤ ᠬᠦᠪᠦᠷᠡᠯ ᠢ ᠠᠪᠴᠤ ᠭᠠᠷᠭᠠᠨ᠂ ᠥᠭᠡᠷ᠎ᠡ ᠨᠢᠭᠡᠨ ᠠᠳᠠᠯᠢ ᠲᠥᠷᠥᠯ ᠤᠨ ᠢᠵᠢᠯ ᠹᠢᠽᠢᠣᠯᠣᠭᠢ ᠶᠢᠨ ᠪᠠᠶᠢᠳᠠᠯ ᠲᠠᠢ ᠦᠨᠢᠶᠡᠨ ᠳᠤ ᠰᠢᠯᠵᠢᠭᠦᠯᠵᠦ᠂ ᠪᠤᠶᠢᠵᠢᠭᠤᠯᠤᠨ ᠲᠥᠯᠯᠡᠭᠦᠯᠬᠦ ᠶᠢ ᠵᠢᠭᠠᠵᠤ ᠪᠠᠶᠢᠨ᠎ᠠ᠃ ᠬᠦᠪᠦᠷᠡᠯ ᠬᠠᠩᠭᠠᠭᠰᠠᠨ ᠡᠬᠡ ᠮᠠᠯ ᠢ ᠬᠠᠩᠭᠠᠭᠴᠢ ᠪᠡᠶ᠎ᠡ ᠭᠡᠵᠦ᠂ ᠬᠦᠪᠦᠷᠡᠯ ᠰᠢᠯᠵᠢᠭᠦᠯᠵᠦ ᠪᠤᠶᠢᠵᠢᠭᠤᠯᠤᠭᠰᠠᠨ ᠡᠬᠡ ᠮᠠᠯ ᠢ ᠬᠦᠯᠢᠶᠡᠨ ᠠᠪᠤᠭᠴᠢ ᠪᠡᠶ᠎ᠡ ᠭᠡᠳᠡᠭ᠃    ᠬᠦᠪᠦᠷᠡᠯ ᠰᠢᠯᠵᠢᠭᠦᠯᠬᠦ ᠨᠢ ᠰᠢᠯᠢᠳᠡᠭ ᠡᠬᠡ ᠮᠠᠯ ᠤᠨ ᠦᠷᠡᠵᠢᠯᠲᠡ ᠶᠢᠨ ᠨᠥᠭᠡᠴᠡ ᠬᠦᠴᠦᠨ ᠢ ᠭᠦᠢᠴᠡᠳ ᠪᠠᠳᠠᠷᠠᠭᠤᠯᠵᠤ᠂ ᠡᠭᠦᠯᠳᠡᠷ ᠤᠨ ᠮᠡᠯ ᠣᠷᠣᠭᠤᠯᠬᠤ ᠶᠢ ᠣᠷᠣᠯᠠᠭᠤᠯᠵᠤ᠂ ᠡᠭᠦᠯᠳᠡᠷ ᠤᠨ ᠡᠬᠢ ᠰᠤᠷᠪᠤᠯᠵᠢ ᠶᠢ ᠨᠡᠩ ᠰᠠᠶᠢᠨ ᠪᠠᠲᠤᠯᠠᠵᠤ ᠴᠢᠳᠠᠨ᠎ᠠ᠃ ᠲᠡᠭᠦᠨ ᠤ ᠮᠡᠷᠭᠡᠵᠢᠯ ᠤᠨ ᠠᠯᠬᠤᠮ ᠳᠠᠷᠠᠭ᠎ᠠ ᠳᠤ ᠭᠤᠣᠯᠳᠠᠭᠤ ᠬᠦᠪᠦᠷᠡᠯ ᠴᠤᠭᠯᠠᠭᠤᠯᠬᠤ᠂ ᠪᠠᠶᠢᠴᠠᠭᠠᠬᠤ᠂ ᠪᠤᠶᠢᠵᠢᠭᠤᠯᠤᠨ ᠬᠠᠳᠠᠭᠠᠯᠠᠬᠤ ᠪᠠ ᠰᠢᠯᠵᠢᠭᠦᠯᠬᠦ ᠵᠡᠷᠭᠡ ᠲᠠᠯ᠎ᠠ ᠪᠠᠭᠲᠠᠨ᠎ᠠ᠃
 
ᠢᠷᠡᠯᠲᠡ᠄ ︽ᠥᠪᠥᠷ ᠮᠣᠩᠭᠤᠯ ᠤᠨ ᠮᠠᠯ ᠠᠵᠤ ᠠᠬᠤᠢ︾ ᠰᠡᠳᠬᠦᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号