ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/21
    3 ᠰᠠᠷ᠎ᠠ ᠶᠢᠨ 20 ᠤ ᠡᠳᠦᠷ᠂ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠡᠷᠢᠭᠦᠯᠡᠭᠴᠢ ᠸᠠᠩ ᠯᠢ ᠰᠢᠶᠠ ᠶᠢᠨ ᠠᠯᠠᠱᠠ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠭᠤᠣᠯᠳᠠᠯᠭ᠎ᠠ ᠲᠠᠢ ᠠᠵᠢᠯ ᠢ ᠵᠠᠷᠯᠠᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠥᠩᠬᠡ ᠬᠤᠷᠠᠯ ᠢ ᠡᠷᠭᠢᠯᠡᠪᠡ᠃
   ᠪᠠᠢ ᠬᠠᠢ ᠯᠢᠨ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠬᠦ ᠪᠣᠯ ᠬᠦᠨᠳᠦ ᠶᠡᠭᠡ ᠠᠳᠡᠯ ᠢ ᠪᠦᠲᠦᠮᠵᠢᠲᠡᠢ ᠬᠤᠷᠢᠭᠯᠠᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠬᠤᠰᠢᠭᠤ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠤᠯᠤᠰ ᠲᠦᠷᠦ ᠶᠢᠨ ᠱᠠᠭᠠᠷᠳᠠᠯᠭ᠎ᠠ ᠶᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ ᠂ ᠪᠦᠬᠦ ᠠᠶᠢᠮᠠᠭ ᠤᠨ ᠮᠥᠨ ᠴᠢᠨᠠᠷ ᠤᠨ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃
    ᠪᠠᠶ ᠬᠠᠶ ᠯᠢᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠭᠰᠠᠨ ᠬᠠᠷᠠᠯᠲᠠ ᠡᠭᠦᠷᠭᠡ ᠪᠣᠯᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠮᠠᠨ ᠤ ᠠᠶᠢᠮᠠᠭ ᠤᠨ ᠢᠵᠢ ᠪᠥᠷᠢᠳᠦᠭᠦᠯᠬᠦ ᠲᠥᠰᠦᠯ ᠢ ᠱᠠᠯᠠᠪᠳᠠᠨ ᠲᠣᠭᠲᠠᠭᠠᠵᠤ᠂ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠵᠤ᠂ ᠨᠠᠷᠢᠨ ᠲᠠᠩᠰᠠ ᠳᠤ ᠣᠷᠣᠭᠤᠯᠤᠨ᠂ ᠬᠠᠷᠢᠭᠤᠴᠠᠯᠭ᠎ᠠ ᠶᠢ ᠳᠣᠭᠳᠠᠭᠠᠨ᠂ ᠨᠢᠭᠡ ᠨᠢᠭᠡ ᠵᠦᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠷᠪᠠᠨ ᠵᠢᠯ ᠤᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠵᠤ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠪᠣᠯᠤᠨ ᠴᠢᠬᠤᠯᠠ ᠠᠵᠢᠯ ᠤᠨ ᠪᠠᠶᠢᠷᠢ ᠶᠢᠨ ᠬᠥᠮᠦᠰ ᠵᠡᠷᠭᠡ ᠶᠢ ᠴᠢᠩᠭ᠎ᠠ ᠠᠩᠬᠠᠷᠴᠤ᠂ ᠬᠡᠪ ᠴᠢᠨᠠᠷ ᠢᠶᠠᠷ ᠴᠢᠩᠭ᠎ᠠ ᠪᠢᠰᠢ᠂ ᠵᠢᠭᠰᠠᠭᠠᠨ ᠪᠠᠶᠢᠴᠠᠭᠠᠭᠰᠠᠨ ᠢᠶᠠᠷ ᠴᠢᠩᠭ᠎ᠠ ᠪᠢᠰᠢ ᠂ ᠴᠡᠭᠴᠡᠯᠡᠨ ᠵᠠᠰᠠᠭᠰᠠᠨ ᠨᠢ ᠬᠦᠴᠦᠨ ᠦᠭᠡᠢ᠂ ᠳᠠᠯᠳᠠ ᠭᠡᠮ ᠣᠯᠠᠨᠲᠠ ᠡᠭᠦᠰᠴᠦ᠂ ᠰᠠᠭᠤᠷᠢ ᠪᠠᠲᠤ ᠦᠭᠡᠢ ᠵᠡᠷᠭᠡ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠬᠦᠴᠦᠯᠡᠨ ᠪᠠᠭᠠᠰᠬᠠᠬᠤ ᠬᠡᠷᠡᠭᠲᠡᠢ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠠᠶᠢᠮᠠᠭ ᠤᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ᠂ ᠭᠤᠤᠯᠳᠠᠯᠭ᠎ᠠ ᠲᠠᠢ ᠠᠵᠢᠯ ᠤᠨ ᠡᠭᠦᠷᠭᠡ᠂ ᠵᠠᠬ᠎ᠠ ᠳᠡᠯᠭᠡᠭᠦᠷ ᠤᠨ ᠡᠵᠡᠩᠨᠡᠯᠲᠡ ᠬᠥᠭᠵᠢᠯᠲᠡ ᠲᠠᠢ ᠤᠶᠠᠯᠳᠤᠭᠤᠯᠵᠤ᠂ ᠦᠢᠯᠡᠳᠪᠦᠷᠢᠯᠡᠯ ᠢᠶᠠᠨ ᠵᠣᠭᠰᠣᠭᠠᠭᠰᠠᠨ ᠪᠣᠯ ᠳᠠᠷᠣᠢ ᠠᠮᠤᠷ ᠲᠦᠪᠰᠢᠨ ᠤ ᠬᠡᠮ ᠰᠣᠭᠤᠭ ᠥᠬᠡᠶ ᠬᠡᠰᠡᠨ ᠶᠠᠪᠣᠳᠠᠯ ᠪᠢᠰᠢ ᠶᠤᠮ᠂ ᠬᠢᠨᠠᠯᠲᠠ ᠬᠠᠮᠢᠶᠠᠷᠤᠯᠲᠠ ᠶᠢ ᠶᠠᠭᠠᠬᠢᠭᠰᠠᠨ ᠴᠤ ᠦᠩᠭᠡᠨ ᠳᠡᠳᠦᠢ ᠪᠠᠶᠢᠯᠭᠠᠵᠦ ᠪᠣᠯᠬᠤ ᠥᠬᠡᠶ᠂ ᠠᠷᠭ᠎ᠠ ᠬᠡᠯᠪᠡᠷᠢ ᠶᠢ ᠡᠷᠬᠢᠮᠯᠡᠵᠦ᠂ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠᠷ ᠪᠠᠷᠠᠬᠤ ᠥᠬᠡᠶ ᠪᠠᠰᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠡᠷᠴᠢᠮ ᠢᠶᠠᠨ ᠴᠢᠩᠭᠠᠷᠠᠭᠤᠯᠵᠤ᠂ ᠮᠡᠷᠭᠡᠵᠢᠯ ᠤᠨ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠭᠡᠷ᠎ᠡ ᠭᠠᠳᠠᠨᠠᠬᠢ ᠭᠠᠯ ᠳᠦᠢᠮᠡᠷ ᠢ ᠴᠢᠩᠭ᠎ᠠ ᠬᠠᠮᠢᠶᠠᠷᠤᠨ ᠡᠵᠡᠮᠳᠡᠵᠦ᠂ ᠡᠷᠲᠡ ᠣᠨᠳᠠᠷᠠᠭᠠᠵᠦ᠂ ᠪᠠᠭ᠎ᠠ ᠳᠡᠭᠡᠷ᠎ᠡ ᠨᠢ ᠤᠨᠲᠠᠷᠠᠭᠠᠵᠦ᠂ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠵᠠᠩ ᠰᠢᠶᠤᠤ ᠹᠧᠩ᠂ ᠯᠢᠦ ᠳ᠋ᠧ᠂ ᠯᠢᠦ ᠴᠥᠩ ᠰᠢᠶᠤᠤ ᠬᠤᠷᠠᠯ ᠳᠤ ᠣᠷᠣᠯᠴᠠᠪᠠ᠃ ᠡᠯ᠎ᠠ ᠬᠤᠰᠢᠭᠤ ᠣᠷᠣᠨ  ᠳᠤ ᠬᠤᠪᠢᠶᠠᠷᠢ ᠲᠠᠯᠠᠪᠠᠢ ᠲᠤᠭᠢᠷᠠᠭᠤᠯᠪᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号