ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠠᠷᠠᠳ ᠨᠡᠶᠢᠲᠡ ᠶᠢᠨ ᠥᠮᠴᠢᠯᠡᠯᠲᠦ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ᠂ | ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠬᠡᠷᠡᠭᠯᠡᠯᠲᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠤᠯᠤᠰ ᠤᠨ ᠬᠤᠯᠪᠣᠭᠳᠠᠯ | ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠳᠣᠣᠱᠯᠠᠭᠤᠯᠣᠨ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠪᠠ ᠬᠡᠮᠵᠢᠨ ᠵᠢᠷᠤᠬᠤ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ | ᠲᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ | ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠭᠦᠢᠴᠡᠳᠬᠡᠯ ᠲᠤᠭ᠎ᠠ ᠶᠢᠨ | ᠰᠢᠰᠲ᠋ᠧᠮᠵᠢ ᠪᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠨᠢᠭᠡᠳᠦᠯᠲᠡᠶ ᠵᠢᠷᠤᠮᠵᠢᠭᠰᠠᠨ ᠳᠦᠷᠢᠮ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠢ | ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ | ᠪᠠᠶᠢᠴᠠᠭᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠤᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠨᠡᠶᠢᠲᠡᠯᠡᠬᠦ | ᠬᠤᠯᠪᠣᠭᠳᠠᠯ ᠪᠦᠬᠦᠢ ᠠᠵᠢᠯ ᠢ ᠲᠣᠭᠲᠠᠭᠠᠯ ᠶᠣᠰᠣᠭᠠᠷ ᠬᠠᠷᠢᠭᠤᠴᠠᠨ᠎ᠠ᠃ ᠣᠷᠣᠨ ᠨᠤᠲᠤᠭ ᠤᠨ ᠪᠠᠶᠢᠭᠠᠯᠢ ᠶᠢᠨ ᠡᠬᠢ | ᠪᠠᠶᠠᠯᠢᠭ ᠢ ᠪᠠᠶᠢᠴᠠᠭᠠᠬᠤ ᠬᠢᠨᠠᠨ ᠬᠡᠮᠵᠢᠬᠦ ᠦᠨᠡᠯᠡᠬᠦ ᠠᠵᠢᠯ ᠥᠷᠨᠢᠭᠦᠯᠬᠦ ᠶᠢ ᠵᠢᠯᠣᠭᠤᠳᠤᠨ᠎ᠠ᠃ | ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ | ᠠᠵᠢᠯ ᠢ ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ | ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ᠂ ᠡᠷᠬᠡ ᠶᠢᠨ | ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ | ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠲᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠪᠥᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢ | ᠳᠡᠩᠰᠡᠯᠡᠨ ᠲᠡᠮᠳᠡᠭᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠤᠨ ᠬᠡᠷᠡᠭᠯᠡᠭᠡᠨ ᠤ | ᠬᠠᠮᠢᠶᠠᠷᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ | ᠬᠥᠷᠥᠩᠭᠡ ᠶᠢ ᠳᠡᠩᠰᠡᠯᠡᠨ ᠲᠡᠮᠳᠡᠭᠯᠡᠭᠰᠡᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠬᠠᠮᠲᠤ ᠳᠠᠭᠠᠨ ᠬᠦᠷᠲᠡᠬᠦ᠂ | ᠬᠤᠷᠢᠶᠠᠩᠭᠤᠶᠢᠯᠠᠨ ᠳᠣᠰᠢᠶᠠᠵᠦ ᠬᠠᠮᠢᠶᠠᠷᠬᠤ ᠵᠡᠷᠭᠡ ᠶᠢ ᠬᠠᠷᠢᠭᠤᠴᠠᠨ᠎ᠠ᠃ ᠪᠥᠬᠦ ᠠᠶᠢᠮᠠᠭ ᠤᠨ ᠪᠠᠶᠢᠭᠠᠯᠢ ᠶᠢᠨ ᠡᠬᠢ | ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ | ᠵᠢᠯᠣᠭᠤᠳᠤᠨ ᠬᠢᠨᠠᠯᠲᠠ ᠲᠠᠯᠪᠢᠨ᠎ᠠ᠃ | ︵ᠲᠦᠷᠪᠡ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ | ᠬᠠᠷᠢᠭᠤᠴᠠᠨ᠎ᠠ᠃ ᠤᠯᠤᠰ ᠠᠴᠠ ᠲᠣᠭᠲᠠᠭᠠᠭᠰᠠᠨ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ | ᠡᠳ᠋ ᠬᠥᠷᠥᠩᠭᠡ ᠶᠢᠨ ᠪᠦᠷᠢᠳᠬᠡᠯ ᠤᠨ ᠲᠦᠷᠢᠮ ᠶᠣᠰᠣᠭᠠᠷ᠂ ᠪᠥᠬᠦ ᠠᠶᠢᠮᠠᠭ ᠤᠨ ᠠᠷᠠᠳ ᠨᠡᠶᠢᠲᠡ ᠶᠢᠨ ᠥᠮᠴᠢᠯᠡᠯᠲᠦ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠠᠷᠠᠳ ᠨᠡᠶᠢᠲᠡ ᠶᠢᠨ | ᠦᠮᠴᠢᠯᠡᠯᠳᠦ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠥᠷᠢᠲᠦᠯ ᠤᠨ ᠬᠦᠰᠦᠨᠦᠭᠲᠦ ᠶᠢ ᠨᠠᠶᠢᠷᠠᠭᠤᠯᠤᠨ | ᠵᠣᠬᠢᠶᠠᠵᠤ᠂ ᠰᠢᠯᠭᠠᠨ ᠬᠢᠨᠠᠬᠤ ᠪᠠᠷᠢᠮᠵᠢᠶ᠎ᠠ ᠶᠢ ᠲᠣᠭᠲᠠᠭᠠᠯ ᠶᠣᠰᠣᠭᠠᠷ ᠲᠤᠭᠤᠷᠪᠢᠨ ᠲᠣᠭᠲᠠᠭᠠᠨ᠎ᠠ᠃ ᠠᠷᠠᠳ | ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠤᠪᠢᠶᠠᠷᠢᠯᠠᠨ ᠥᠭᠬᠦ᠂ | ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠬᠠᠩᠰᠢᠯᠠᠵᠤ ᠪᠡᠯᠡ ᠭᠠᠷᠭᠠᠬᠤ ᠪᠠ ᠭᠠᠵᠠᠷ ᠰᠢᠷᠣᠶ ᠨᠥᠭᠡᠴᠡᠯᠡᠬᠦ | ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠨᠡᠶᠢᠲᠡ ᠶᠢᠨ ᠥᠮᠴᠢᠯᠡᠯᠲᠦ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠵᠦᠢ ᠵᠣᠬᠢᠰᠲᠠᠶ ᠲᠣᠬᠢᠷᠠᠭᠤᠯᠤᠨ᠎ᠠ᠃ ᠪᠠᠶᠢᠭᠠᠯᠢ ᠶᠢᠨ ᠡᠬᠢ | ᠪᠠᠶᠠᠯᠢᠭ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠥᠬᠦᠶ | ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠠᠤᠯᠢ ᠶᠣᠰᠣᠭᠠᠷ ᠬᠤᠷᠢᠶᠠᠨ ᠠᠪᠤᠨ᠎ᠠ᠃ | ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠦᠬᠦ | ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠲᠤᠭᠤᠷᠪᠢᠵᠤ᠂ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠠᠴᠠ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ | ᠰᠢᠰᠲ᠋ᠧᠮ ᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠳᠡᠰ ᠬᠤᠪᠢᠶᠠᠨ ᠦᠨ᠎ᠡ ᠬᠠᠩᠰᠢ ᠶᠢ ᠦᠨᠡᠯᠡᠨ | ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢ ᠦᠨᠡᠯᠡᠵᠦ | ᠬᠢᠨᠠᠨ ᠰᠢᠯᠭᠠᠬᠤ ᠶᠢ ᠥᠷᠨᠢᠭᠦᠯᠵᠦ᠂ ᠠᠷᠪᠢᠲᠠᠢ ᠡᠷᠴᠢᠮᠯᠢᠭ ᠠᠰᠢᠭᠯᠠᠬᠤ ᠶᠢ ᠵᠢᠯᠣᠭᠤᠳᠤᠨ᠎ᠠ᠃ ᠪᠠᠶᠢᠭᠠᠯᠢ ᠶᠢᠨ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠭ᠎ᠠ ᠡᠵᠡᠮᠰᠢᠯ᠂ ᠣᠷᠣᠨ ᠪᠦᠰᠡ ᠶᠢᠨ ᠵᠣᠬᠢᠴᠠᠭᠤᠯᠭ᠎ᠠ ᠪᠣᠯᠤᠨ ᠬᠤᠲᠠ | ᠬᠥᠳᠡᠭᠡ ᠶᠢ ᠨᠢᠭᠡᠳᠦᠯᠲᠡᠶ ᠲᠥᠯᠥᠪᠯᠡᠬᠦ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠵᠣᠬᠢᠶᠠᠨ ᠪᠠᠶᠢᠭᠤᠯᠤᠨ ᠰᠤᠳᠤᠯᠤᠨ᠎ᠠ᠃ | ︵ᠵᠢᠷᠭᠤᠭ᠎ᠠ︶ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠪᠠᠶᠢᠭᠤᠯᠬᠤ ᠶᠢ ᠬᠠᠷᠢᠭᠤᠴᠠᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ | ᠪᠣᠳᠣᠯᠭ᠎ᠠ ᠪᠣᠯᠤᠨ ᠳᠦᠷᠢᠮ ᠢ ᠠᠬᠢᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ | ᠪᠣᠯᠤᠨ ᠬᠠᠮᠢᠶ᠎ᠠ ᠪᠦᠬᠦᠢ ᠲᠤᠰᠬᠠᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ | ᠠᠰᠢᠭᠯᠠᠬᠤ ᠳᠤ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ | ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ | ᠵᠡᠷᠭᠡ ᠬᠢᠵᠠᠭᠠᠷᠯᠠᠬᠤ ᠱᠤᠭᠤᠮ ᠢ ᠵᠣᠬᠢᠶᠠᠨ ᠪᠠᠶᠢᠭᠤᠯᠤᠨ ᠵᠠᠭᠠᠭᠯᠠᠨ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ | ᠣᠷᠴᠢᠨ ᠠᠬᠤᠶ ᠶᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠯ ᠢ | ᠪᠠᠶᠢᠭᠤᠯᠤᠨ᠎ᠠ᠃ ᠪᠥᠬᠦ ᠠᠶᠢᠮᠠᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ | ᠬᠠᠮᠢᠶᠠᠷᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠠᠵᠠᠷ | ᠰᠢᠷᠣᠶ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠠᠰᠢᠭᠯᠠᠬᠤ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ | ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠭᠠᠵᠠᠷ | ᠰᠢᠷᠣᠶ ᠵᠡᠷᠭᠡ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠴᠡᠭᠡ ᠶᠢ ᠰᠢᠯᠵᠢᠭᠦᠯᠦᠨ ᠬᠡᠷᠡᠭᠯᠡᠬᠦ | ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠭᠠᠵᠠᠷ ᠰᠢᠷᠣᠶ | ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ︵ᠳᠤᠯᠤᠭ᠎ᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢᠨ ᠰᠡᠷᠭᠦᠯᠳᠡ ᠶᠢ | ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ | ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠯᠪᠣᠭᠳᠠᠯ ᠪᠦᠬᠦᠢ | ᠠᠮᠢ ᠠᠬᠤᠶ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠪᠡᠯᠡ | ᠣᠷᠣᠭᠤᠯᠤᠭᠰᠠᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠶᠡᠷᠦᠩᠬᠡᠶᠢᠯᠡᠨ ᠵᠠᠰᠠᠬᠤ᠂ ᠭᠠᠵᠠᠷ ᠰᠢᠷᠣᠶ ᠶᠢ | ᠲᠡᠭᠰᠢᠯᠡᠨ ᠬᠠᠭᠠᠯᠪᠤᠷᠢᠯᠠᠬᠤ᠂ ᠠᠭᠤᠷᠬᠠᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠵᠣᠬᠢᠶᠠᠨ | ᠪᠠᠶᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠥᠷᠢᠯᠡᠬᠦ ᠳᠦᠷᠢᠮ ᠢ ᠲᠦᠷᠦᠭᠦᠯᠡᠨ ᠪᠠᠶᠢᠭᠤᠯᠬᠤ ᠪᠠ | ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠶ ᠠᠰᠢᠭᠯᠠᠨ ᠠᠮᠢ ᠠᠬᠤᠶ ᠶᠢᠨ ᠰᠡᠯᠭᠦᠨ ᠰᠡᠷᠭᠦᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠴᠢᠬᠤᠯᠠ ᠶᠡᠭᠡ ᠪᠡᠯᠡᠳᠬᠡᠯ ᠲᠥᠷᠥᠯ ᠵᠦᠢᠯ ᠢ | ᠳᠤᠷᠠᠳᠤᠨ᠎ᠠ᠃ | ︵ᠨᠠᠢᠮᠠ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ | ᠬᠡᠷᠡᠭᠵᠢᠭᠦᠯᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠶᠢᠨ ᠬᠠᠮᠠᠭᠠᠯᠠᠯᠲᠠ ᠶᠢ | ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠬᠢᠨᠠᠨ ᠰᠢᠯᠭᠠᠯᠲᠠ ᠪᠠ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ | ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠥᠷᠢ ᠥᠭᠬᠦ ᠲᠦᠷᠢᠮ ᠢ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ | ︵ᠶᠢᠰᠦ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠪᠣᠯᠤᠨ ᠭᠠᠵᠠᠷ ᠰᠢᠨᠵᠢᠯᠡᠭᠡᠨ ᠤ | ᠠᠵᠢᠯ ᠢ ᠬᠠᠷᠢᠭᠤᠴᠠᠨ ᠬᠠᠮᠢᠶᠠᠷᠤᠨ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠬᠤ ᠶᠢᠨ | ᠬᠠᠮᠲᠤ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠨ᠎ᠠ᠃ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ | ᠲᠥᠷᠥᠯ ᠵᠦᠢᠯ ᠢ ᠬᠢᠨᠠᠨ ᠬᠠᠮᠢᠶᠠᠷᠤᠨ᠎ᠠ᠃ ᠠᠶᠢᠮᠠᠭ ᠤᠨ ᠳᠣᠲᠣᠷᠠᠬᠢ ᠰᠠᠭᠤᠷᠢ ᠴᠢᠨᠠᠷᠲᠠᠶ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠭᠠᠵᠠᠷ | ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠵᠣᠬᠢᠴᠠᠭᠤᠯᠤᠨ ᠬᠠᠮᠵᠢᠯᠴᠠᠨ | ᠥᠷᠨᠢᠭᠦᠯᠬᠦ ᠶᠢ ᠬᠠᠷᠢᠭᠤᠴᠠᠨ᠎ᠠ᠃ ᠭᠠᠵᠠᠷ ᠤᠨ ᠭᠠᠶ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠶᠢ | ᠬᠠᠷᠢᠭᠤᠴᠠᠵᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠰᠢᠭᠯᠠᠭᠰᠠᠨ ᠠᠴᠠ ᠪᠣᠯᠤᠭᠰᠠᠨ ᠭᠠᠵᠠᠷ ᠰᠠᠭᠤᠭᠰᠠᠨ | ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃ ᠡᠷᠲᠡᠨ ᠤ ᠠᠮᠢᠳᠤ ᠪᠣᠳᠠᠰ ᠤᠨ | ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠ︶ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ | ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠤᠨ ᠭᠠᠶ | ᠭᠠᠮᠰᠢᠭ ᠢ ᠪᠠᠶᠢᠴᠠᠭᠠᠨ ᠦᠨᠡᠯᠡᠬᠦ ᠵᠢᠴᠢ ᠳᠠᠯᠳᠠ ᠬᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ | ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ | ᠠᠵᠢᠯ ᠢ ᠵᠢᠯᠣᠭᠤᠳᠤᠨ ᠥᠷᠨᠢᠭᠦᠯᠵᠦ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠬᠦ ᠢᠨᠵᠧᠨᠧᠷᠢᠩ ᠢ ᠵᠠᠰᠠᠬᠤ ᠠᠵᠢᠯ ᠢ | ᠵᠢᠯᠣᠭᠤᠳᠤᠨ ᠥᠷᠨᠢᠭᠦᠯᠦᠨ᠎ᠡ᠃ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠮᠡᠷᠭᠡᠵᠢᠯ ᠢᠶᠠᠷ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵ᠠᠷᠪᠠᠨ ᠨᠢᠭᠡ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠠᠮᠢᠶᠠᠷᠬᠤ ᠵᠢᠴᠢ | ᠳᠠᠷᠤᠭᠳᠠᠮᠠᠯ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠢᠨᠠᠨ ᠵᠥᠪᠰᠢᠶᠡᠷᠡᠬᠦ ᠬᠤᠯᠪᠣᠭᠳᠠᠯ ᠪᠥᠬᠦᠶ ᠠᠵᠢᠯ ᠢ | ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠬᠠᠷᠢᠭᠤᠴᠠᠨ᠎ᠠ᠃ ᠲᠣᠭᠲᠠᠭᠠᠯ ᠶᠣᠰᠣᠭᠠᠷ ᠠᠭᠤᠷᠬᠠᠢ ᠶᠢᠨ | ᠦᠢᠯᠡᠰ ᠤᠨ ᠡᠷᠬᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠰᠠᠨ ᠠᠭᠤᠷᠬᠠᠶ ᠶᠢᠨ ᠲᠥᠷᠥᠯ᠂ | ᠳᠠᠪᠠᠭᠤᠯᠢᠭ ᠠᠭᠤᠷᠬᠠᠶ ᠶᠢᠨ ᠭᠠᠷᠤᠯᠲᠠ ᠶᠢᠨ ᠲᠣᠬᠢᠷᠠᠭᠤᠯᠭ᠎ᠠ ᠡᠵᠡᠮᠳᠡᠯ ᠵᠢᠴᠢ ᠬᠠᠮᠢᠶ᠎ᠠ ᠪᠦᠬᠦᠢ ᠠᠵᠢᠯ ᠢ | ᠨᠠᠶᠢᠳᠠᠪᠤᠷᠢᠵᠢᠭᠤᠯᠤᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠬᠤ ᠪᠠ | ᠬᠠᠮᠠᠭᠠᠯᠠᠬᠤ ᠳᠤ ᠬᠢᠨᠠᠯᠲᠠ ᠲᠠᠯᠪᠢᠨ ᠵᠢᠯᠣᠭᠤᠳᠤᠨ᠎ᠠ᠃ | ︵ᠠᠷᠪᠠᠨ ᠬᠤᠶᠠᠷ︶ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠰᠠᠭᠤᠷᠢ ᠬᠡᠮᠵᠢᠨ ᠵᠢᠷᠤᠬᠤ ᠪᠠ ᠬᠡᠮᠵᠢᠨ ᠵᠢᠷᠤᠬᠤ ᠠᠵᠢᠯ ᠲᠥᠷᠥᠯ ᠤᠨ ᠬᠠᠮᠢᠶᠠᠷᠤᠯᠲᠠ ᠶᠢ | ᠬᠠᠷᠢᠭᠤᠴᠠᠨ᠎ᠠ᠃ ᠬᠡᠮᠵᠢᠨ ᠵᠢᠷᠤᠬᠤ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ | ᠠᠵᠢᠯ ᠢ ᠲᠣᠭᠲᠠᠭᠠᠯ ᠶᠣᠰᠣᠭᠠᠷ ᠬᠠᠷᠢᠭᠤᠴᠠᠵᠤ᠂ ᠭᠠᠵᠠᠷ ᠵᠦᠶ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠤᠨ᠎ᠠ᠃ ᠭᠠᠵᠠᠷ ᠵᠦᠶ ᠶᠢᠨ ᠮᠡᠳᠡᠭᠡ ᠵᠠᠩᠭᠢ ᠶᠢᠨ ᠣᠯᠠᠨ | ᠨᠡᠶᠢᠲᠡ ᠶᠢᠨ ᠦᠢᠯᠡᠴᠢᠯᠡᠭᠡ ᠬᠠᠮᠢᠶᠠᠷᠤᠯᠲᠠ ᠶᠢ ᠬᠠᠷᠢᠭᠤᠴᠠᠨ᠎ᠠ᠃ ᠬᠡᠮᠵᠢᠯᠲᠡ ᠶᠢᠨ ᠲᠡᠮᠳᠡᠭ ᠢ ᠬᠠᠮᠠᠭᠠᠯᠠᠬᠤ ᠶᠢ | ᠬᠠᠷᠢᠭᠤᠴᠠᠨ᠎ᠠ᠃ | ︵ᠠᠷᠪᠠᠨ ᠭᠤᠷᠪᠠ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠬᠦᠭᠵᠢᠯᠳᠡ ᠶᠢ ᠠᠭᠢᠭᠤᠯᠣᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠪᠠ ᠴᠢᠳᠠᠪᠤᠷᠢᠲᠠᠨ ᠢ ᠬᠥᠮᠦᠵᠢᠭᠦᠯᠬᠦ ᠪᠠᠶᠢᠯᠳᠤᠬᠤ ᠪᠤᠳᠤᠯᠭ᠎ᠠ᠂ | ᠲᠥᠯᠥᠪᠵᠢᠭᠦᠯᠭᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠮᠡᠷᠭᠡᠵᠢᠯ ᠤᠨ | ᠪᠠᠷᠢᠮᠵᠢᠶ᠎ᠠ᠂ ᠳᠦᠷᠢᠮ ᠤᠨ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠪᠠ ᠮᠡᠳᠡᠭᠡ | ᠵᠠᠩᠭᠢ ᠶᠢᠨ ᠮᠠᠲ᠋ᠧᠷᠢᠶᠠᠯ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠠᠬᠢᠭᠤᠯᠤᠨ᠎ᠠ᠃ | ︵ᠠᠷᠪᠠᠨ ᠳᠦᠷᠪᠡ︶ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ | ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ | ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ᠃ | ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠢ ᠶᠢᠨ | ᠲᠥᠯᠥᠪᠵᠢᠭᠦᠯᠭᠡ ᠵᠢᠴᠢ ᠬᠡᠮᠵᠢᠨ ᠵᠢᠷᠤᠭᠯᠠᠬᠤ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠣᠷᠣᠨ ᠨᠤᠲᠤᠭ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠡᠷᠬᠡ ᠣᠯᠭᠤᠭᠰᠠᠨ ᠨᠠᠶᠢᠳᠠᠯᠭ᠎ᠠ ᠶᠢ ᠦᠨᠳᠦᠰᠦᠯᠡᠨ ᠣᠷᠣᠨ ᠨᠤᠲᠤᠭ ᠤᠨ | ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠬᠤ | ᠠᠵᠢᠯ ᠢ ᠬᠠᠮᠵᠢᠯᠴᠠᠨ ᠰᠠᠶᠢᠲᠤᠷ ᠬᠢᠨ᠎ᠡ᠃ | ︵ᠠᠷᠪᠠᠨ ᠲᠠᠪᠤ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠠᠶᠤᠯᠭᠦᠶ | ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠶᠢ ᠬᠠᠷᠢᠭᠤᠴᠠᠨ᠎ᠠ᠃ ᠪᠠᠶᠢᠭᠠᠯᠢ ᠶᠢᠨ ᠡᠬᠢ | ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯᠭᠦᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠬᠤᠲᠠ ᠶᠢᠨ ᠲᠥᠯᠥᠪᠵᠢᠭᠦᠯᠭᠡ ᠶᠢᠨ | ᠣᠷᠣᠨ ᠤ ᠬᠡᠪᠴᠢᠶᠡᠨ ᠳᠣᠲᠣᠷᠠᠬᠢ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ | ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠪᠠ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠠᠷᠪᠠᠨ ᠳᠣᠯᠤᠭ᠎ᠠ︶ ᠠᠯᠠᠱᠠ ᠠᠶᠢᠮᠠᠭ ᠤᠨ ᠬᠤᠲᠠ ᠪᠠᠯᠭᠠᠰᠤᠨ ᠤ ᠲᠥᠯᠥᠪᠵᠢᠭᠦᠯᠭᠡ ᠶᠢᠨ ᠵᠥᠪᠯᠡᠯ ᠤᠨ | ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠠᠷᠪᠠᠨ ᠨᠠᠢᠮᠠ︶ ᠠᠶᠢᠮᠠᠭ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠢ | ᠬᠠᠮᠢᠶᠠᠷᠬᠤ ᠪᠠ ᠵᠣᠬᠢᠴᠠᠭᠤᠯᠤᠨ᠎ᠠ᠃ | ︵ᠠᠷᠪᠠ ᠶᠢᠰᠦ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ︵ᠬᠤᠷᠢ︶ ᠡᠭᠦᠷᠭᠡ ᠴᠢᠳᠠᠮᠵᠢ ᠶᠢᠨ ᠬᠤᠪᠢᠷᠠᠯᠳᠠ᠃ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠠᠷᠠᠳ ᠨᠡᠶᠢᠳᠡ ᠶᠢᠨ ᠦᠮᠴᠢᠯᠡᠯᠳᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠵᠦ᠂ ᠪᠣᠶ ᠪᠥᠬᠦᠶ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠬᠡᠷᠡᠭᠯᠡᠭᠡ ᠶᠢ ᠵᠠᠬᠢᠷᠤᠨ ᠬᠠᠮᠢᠶᠠᠷᠬᠤ ᠪᠠ ᠠᠮᠢ ᠠᠬᠤᠶ ᠶᠢ ᠬᠠᠮᠠᠭᠠᠯᠠᠨ ᠰᠡᠷᠭᠦᠭᠡᠬᠦ | ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ ᠲᠤᠬᠠᠶ ᠲᠥᠪ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ | ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠢᠯᠡᠳᠦᠯ ᠢ | ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠨᠡᠭᠡᠭᠡᠨ ᠠᠰᠢᠭᠯᠠᠬᠤ ᠳᠤ | ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ | ᠵᠣᠬᠢᠰᠲᠠᠶ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠠᠭᠠᠯᠠᠬᠤ | ᠪᠠ ᠪᠦᠬᠦ ᠶᠠᠪᠤᠴᠠ ᠳᠤ ᠰᠡᠷᠭᠦᠭᠡᠨ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠰᠡᠷᠭᠦᠭᠡᠬᠦ᠂ | ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠬᠤᠣᠰᠯᠠᠭᠤᠯᠤᠭᠰᠠᠨ ᠳᠦᠷᠢᠮ | ᠲᠣᠭᠲᠠᠭᠠᠯ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠶᠢ ᠠᠬᠢᠭᠤᠯᠣᠨ᠎ᠠ᠃ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠦᠢᠯᠡᠰ ᠢ ᠤᠯᠠᠮ ᠨᠢᠭᠡ ᠠᠯᠬᠤᠮ ᠴᠣᠮᠬᠠᠳᠬᠠᠨ ᠪᠠᠭᠤᠯᠭᠠᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢ | ᠴᠢᠩᠭᠠᠷᠠᠭᠤᠯᠤᠨ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠦᠵᠡᠭᠦᠯᠬᠦ ᠵᠠᠬ᠎ᠠ ᠳᠡᠯᠭᠡᠭᠦᠷ ᠤᠨ ᠰᠢᠢᠳᠪᠦᠷᠢᠯᠡᠬᠦ | ᠴᠢᠨᠠᠷᠲᠠᠶ ᠦᠢᠯᠡᠳᠦᠯ ᠢ ᠬᠦᠢᠴᠡᠳ ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ | ᠂ ᠪᠠᠷᠢᠮᠵᠢᠶ᠎ᠠ ᠶᠢᠨ ᠬᠢᠵᠠᠭᠠᠷᠯᠠᠬᠤ ᠴᠢᠨᠠᠷᠲᠠᠶ ᠦᠢᠯᠡᠳᠦᠯ ᠢ ᠴᠢᠩᠭᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ | ᠡᠷᠬᠡ ᠶᠢ ᠨᠤᠲᠠᠯᠠᠨ ᠳᠠᠩᠰᠠᠯᠠᠬᠤ ᠪᠠ ᠦᠨᠡᠯᠡᠨ ᠵᠢᠱᠢᠬᠦ ᠳᠠᠯ᠎ᠠ ᠪᠠᠷ ᠠᠷᠠᠳ ᠲᠤ ᠲᠥᠬᠦᠮ ᠦᠵᠡᠭᠦᠯᠬᠦ ᠥᠨᠳᠥᠷ | ᠪᠦᠲᠦᠮᠵᠢᠲᠡᠶ ᠪᠠᠶᠢᠬᠤ ᠶᠢ ᠠᠬᠢᠭᠤᠯᠤᠨ᠎ᠠ᠃ | ᠬᠤᠶᠠᠷ᠂ ᠳᠤᠳᠤᠭᠠᠳᠤ ᠪᠠᠶᠢᠭᠤᠯᠤᠮᠵᠢ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠠᠮᠤᠷ | ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠰᠣᠨᠢᠨ ᠮᠡᠳᠡᠭᠡᠨ ᠤ ᠤᠬᠠᠭᠤᠯᠭ᠎ᠠ᠂ ᠵᠠᠰᠠᠭ ᠤᠨ | ᠶᠠᠪᠤᠳᠠᠯ ᠤᠨ ᠮᠡᠳᠡᠭᠡ ᠵᠠᠩᠭᠢ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠰᠢᠮᠳᠠᠭᠤᠯᠤᠨ | ᠪᠠᠶᠢᠴᠠᠭᠠᠬᠤ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢᠨ ᠠᠵᠢᠯ ᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠰᠤᠳᠤᠯᠬᠤ | ᠠᠵᠢᠯ ᠢ ᠥᠷᠨᠢᠭᠦᠯᠵᠦ᠂ ᠴᠢᠬᠤᠯᠠ ᠪᠢᠴᠢᠭ ᠮᠠᠲ᠋ᠧᠷᠢᠶᠠᠯ ᠤᠨ ᠡᠬᠡ ᠪᠢᠴᠢᠭ ᠲᠤᠭᠤᠷᠪᠢᠬᠤ ᠶᠢ ᠬᠠᠷᠢᠭᠤᠴᠠᠵᠤ᠂ | ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ | ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠴᠡᠷᠢᠭ | ᠠᠷᠠᠳ ᠢ ᠠᠭᠤᠰᠤᠯᠴᠠᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠵᠣᠬᠢᠴᠠᠭᠤᠯᠤᠨ᠎ᠠ᠃ | ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠵᠠᠳᠠᠯᠤᠯᠲᠠ ᠪᠠ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠲᠤᠭ᠎ᠠ | ᠪᠦᠷᠢᠳᠬᠡᠯ ᠢ ᠰᠢᠰᠲ᠋ᠧᠮᠵᠢᠭᠦᠯᠦᠨ ᠬᠠᠮᠢᠶᠠᠷᠬᠤ ᠶᠢ ᠡᠭᠦᠷᠭᠡᠯᠡᠨ᠎ᠡ᠃ | ︵ᠬᠤᠶᠠᠷ︶ ᠠᠵᠢᠯᠲᠠᠨ ᠤ ᠶᠠᠪᠤᠳᠠᠯ ᠡᠳ᠋ ᠤᠨ ᠶᠠᠪᠤᠳᠠᠯ ᠤᠨ ᠰᠠᠯᠠᠭ᠎ᠠ᠃ ᠪᠠᠶᠢᠭᠤᠯᠭ᠎ᠠ ᠵᠢᠴᠢ ᠬᠠᠷᠢᠶ᠎ᠠ ᠪᠦᠬᠦᠢ | ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠣᠷᠣᠨ ᠲᠤᠭ᠎ᠠ᠂ | ᠬᠥᠳᠡᠯᠮᠦᠷᠢ ᠴᠠᠯᠢᠩ ᠪᠣᠯᠤᠨ ᠬᠥᠮᠦᠵᠢᠯ ᠪᠣᠯᠪᠠᠰᠤᠷᠠᠯ ᠤᠨ ᠠᠵᠢᠯ ᠢ ᠡᠭᠦᠷᠭᠡᠯᠡᠵᠦ᠂ ᠪᠠᠶᠢᠭᠠᠯᠢ ᠶᠢᠨ ᠡᠬᠢ | ᠪᠠᠶᠠᠯᠢᠭ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ᠠᠵᠢᠯ ᠠᠴᠠ ᠪᠠᠨ | ᠠᠮᠠᠷᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ | ᠲᠤᠰᠬᠠᠶ ᠣᠷᠣᠯᠭ᠎ᠠ ᠶᠢ ᠬᠤᠷᠢᠶᠠᠨ ᠲᠤᠰᠢᠶᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ | ᠡᠳ᠋ ᠤᠨ ᠶᠠᠪᠤᠳᠠᠯ᠂ ᠲᠤᠰᠬᠠᠶ ᠪᠡᠯᠡ ᠮᠥᠩᠭᠦ᠂ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠢᠴᠡᠳᠬᠡᠯ᠂ | ᠵᠠᠰᠠᠭ ᠤᠨ ᠣᠷᠳᠣᠨ ᠬᠤᠳᠠᠯᠳᠤᠨ ᠠᠪᠬᠤ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠥᠭᠬᠦ᠂ | ᠳᠣᠲᠣᠭᠠᠳᠤ ᠶᠢᠨ ᠬᠢᠨᠠᠨ ᠪᠣᠳᠣᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ | ᠵᠡᠷᠭᠡ ᠠᠵᠢᠯ ᠢ ᠬᠠᠷᠢᠭᠤᠴᠠᠨ᠎ᠠ᠃ ᠣᠷᠣᠨ ᠨᠤᠲᠤᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠲᠤᠰᠬᠠᠶ ᠵᠦᠶ᠋ᠯ ᠤᠨ ᠣᠷᠣᠯᠭ᠎ᠠ ᠶᠢ ᠬᠤᠷᠢᠶᠠᠨ ᠲᠤᠰᠢᠶᠠᠬᠤ ᠠᠵᠢᠯ ᠢ ᠵᠢᠯᠣᠭᠤᠳᠤᠨ᠎ᠠ᠃ | ︵ᠭᠤᠷᠪᠠ︶ ᠬᠠᠤᠯᠢ ᠳᠦᠷᠢᠮ ᠪᠠ ᠬᠢᠨᠠᠨ ᠪᠠᠶᠢᠴᠠᠭᠠᠬᠤ ᠰᠠᠯᠠᠭ᠎ᠠ᠃ ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠳᠣᠣᠱᠯᠠᠭᠤᠯᠣᠨ ᠬᠡᠷᠡᠭᠵᠢᠬᠦᠯᠦᠨ᠎ᠡ᠃ | ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ ᠪᠠ ᠢᠯᠭᠠᠷᠠᠭᠤᠯᠬᠤ ᠠᠵᠢᠯ ᠢ ᠡᠭᠦᠷᠭᠡᠯᠡᠨ᠎ᠡ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠶᠢᠨ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠤᠯᠤᠰ ᠤᠨ ᠭᠠᠵᠠᠷ ᠰᠢᠷᠣᠶ ᠶᠢᠨ ᠴᠢᠬᠤᠯᠠ ᠶᠡᠭᠡ ᠣᠷᠣᠨ ᠵᠠᠶ ᠶᠢᠨ | ᠲᠥᠯᠥᠪᠵᠢᠭᠦᠯᠭᠡ ᠪᠠ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠵᠦ᠂ ᠪᠥᠬᠦ ᠠᠶᠢᠮᠠᠭ ᠤᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ | ᠠᠵᠢᠯ ᠢ ᠵᠢᠯᠣᠭᠤᠳᠤᠨ ᠵᠣᠬᠢᠴᠠᠭᠤᠯᠵᠤ᠂ ᠣᠷᠣᠨ ᠪᠦᠰᠡ ᠠᠯᠤᠰᠯᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ | ᠪᠠᠶᠢᠴᠠᠭᠠᠨ ᠰᠢᠢᠳᠪᠦᠷᠢᠯᠡᠬᠦ ᠶᠢ ᠵᠣᠬᠢᠴᠠᠭᠤᠯᠤᠨ᠎ᠠ᠃ ᠪᠥᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ | ᠬᠡᠷᠡᠭᠵᠢᠭᠦᠯᠬᠦ ᠪᠠᠶᠢᠭᠤᠯᠤᠮᠵᠢ ᠪᠠ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ ᠵᠣᠬᠢᠴᠠᠭᠤᠯᠤᠨ᠎ᠠ᠃ ᠡᠷᠬᠡ | ᠣᠯᠭᠤᠭᠰᠠᠨ ᠨᠠᠶᠢᠳᠠᠯᠭ᠎ᠠ ᠶᠢ ᠦᠨᠳᠦᠰᠦᠯᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ | ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ | ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠮᠳᠠᠭᠤᠯᠤᠨ ᠪᠠᠶᠢᠴᠠᠭᠠᠬᠤ | ᠪᠠᠶᠢᠭᠤᠯᠤᠮᠵᠢ ᠲᠠᠢ ᠬᠠᠮᠵᠢᠯᠴᠠᠨ ᠠᠵᠢᠯ ᠢᠶᠠᠨ ᠥᠷᠨᠢᠭᠦᠯᠦᠨ᠎ᠡ᠃ | ︵ᠲᠦᠷᠪᠡ︶ ᠭᠠᠵᠠᠷ ᠰᠢᠷᠣᠢ ᠶᠢᠨ ᠤᠷᠤᠨ ᠵᠠᠶ ᠶᠢᠨ ᠲᠥᠯᠥᠪᠵᠢᠭᠦᠯᠭᠡ ᠶᠢᠨ ᠰᠠᠯᠠᠭ᠎ᠠ᠃ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠢᠨᠠᠯᠲᠠ | ᠲᠠᠯᠪᠢᠨ ᠬᠡᠷᠡᠭᠵᠢᠭᠦᠯᠦᠨ᠎ᠡ᠃ ᠪᠥᠬᠦ ᠠᠶᠢᠮᠠᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ᠂ ᠠᠶᠢᠯ ᠲᠣᠰᠬᠤᠨ ᠤ ᠲᠥᠯᠥᠪᠵᠢᠭᠦᠯᠭᠡ ᠪᠠ ᠬᠠᠮᠢᠶ᠎ᠠ ᠪᠥᠬᠦᠶ ᠲᠤᠰᠬᠠᠶ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ | ᠮᠡᠳᠡᠯ ᠤᠨ ᠬᠡᠪᠴᠢᠶ᠎ᠡ ᠶᠣᠰᠣᠭᠠᠷ ᠪᠥᠬᠦ ᠠᠶᠢᠮᠠᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠬᠠᠮᠢᠶ᠎ᠠ ᠪᠥᠬᠦᠶ ᠠᠵᠢᠯ ᠢ | ᠬᠠᠷᠢᠭᠤᠴᠠᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠶ ᠶᠢ ᠨᠡᠭᠡᠭᠡᠨ ᠠᠰᠢᠭᠯᠠᠬᠤ ᠳᠤ ᠬᠤᠯᠪᠣᠭᠳᠠᠬᠤ ᠪᠦᠬᠦ | ᠠᠶᠢᠮᠠᠭ ᠤᠨ ᠴᠢᠬᠤᠯᠠ ᠶᠡᠭᠡ ᠲᠤᠰᠬᠠᠶ ᠲᠥᠯᠥᠪᠵᠢᠭᠦᠯᠭᠡ ᠶᠢ ᠵᠢᠯᠣᠭᠤᠳᠬᠤ ᠪᠠ ᠬᠢᠨᠠᠨ ᠬᠠᠷᠭᠤᠭᠤᠯᠤᠨ᠎ᠠ᠃ ᠪᠥᠬᠦ | ᠠᠶᠢᠮᠠᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠠᠰᠢᠭᠯᠠᠬᠤ ᠳᠤ ᠵᠣᠬᠢᠴᠠᠬᠤ ᠴᠢᠨᠠᠷᠲᠠᠶ | ᠦᠨᠡᠯᠡᠯᠲᠡ ᠶᠢ ᠥᠷᠨᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ | ᠬᠡᠷᠡᠭᠵᠢᠭᠦᠯᠦᠯᠲᠡ ᠶᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ | ᠪᠠᠶᠢᠭᠤᠯᠣᠨ᠎ᠠ᠃ ᠲᠣᠭᠲᠠᠭᠠᠭᠰᠠᠨ ᠡᠷᠬᠡ ᠮᠡᠳᠡᠯ ᠶᠣᠰᠣᠭᠠᠷ ᠬᠤᠲᠠ ᠶᠢᠨ ᠲᠥᠯᠥᠪᠵᠢᠭᠦᠯᠭᠡ ᠶᠢᠨ ᠣᠷᠣᠨ ᠤ | ᠬᠡᠪᠴᠢᠶᠡᠨ ᠳᠣᠲᠣᠷᠠᠬᠢ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠯᠥᠪᠵᠢᠭᠦᠯᠭᠡ ᠶᠢ | ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠠᠶᠢᠮᠠᠭ ᠤᠨ ᠲᠥᠯᠥᠪᠵᠢᠭᠦᠯᠭᠡ ᠶᠢᠨ | ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠲᠠᠪᠤ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠬᠦ ᠪᠠ ᠡᠷᠬᠡ ᠶᠢ ᠨᠤᠲᠠᠯᠠᠨ ᠳᠠᠩᠰᠠᠯᠠᠬᠤ | ᠰᠠᠯᠠᠭ᠎ᠠ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠬᠢᠨᠠᠨ ᠬᠡᠮᠵᠢᠵᠦ ᠦᠨᠡᠯᠡᠬᠦ ᠭᠦᠢᠴᠡᠳᠬᠡᠯ | ᠲᠤᠭ᠎ᠠ ᠶᠢᠨ ᠰᠢᠰᠲ᠋ᠧᠮ ᠪᠣᠯᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ | ᠪᠠᠶᠠᠯᠢᠭ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠲᠦᠷᠢᠮ ᠢ | ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠬᠤᠪᠢᠷᠠᠭᠤᠯᠤᠯᠲᠠ ᠶᠢ | ᠪᠠᠶᠢᠴᠠᠭᠠᠬᠤ᠂ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠵᠠᠳᠠᠯᠤᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠤᠰᠤ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠪᠠ ᠭᠠᠵᠠᠷ | ᠵᠦᠶ ᠶᠢᠨ ᠪᠠᠶᠢᠳᠠᠯ ᠵᠡᠷᠭᠡ ᠶᠢ ᠲᠤᠰᠬᠠᠶ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠪᠥᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠢ | ᠪᠠᠶᠢᠴᠠᠭᠠᠨ ᠬᠡᠮᠵᠢᠵᠦ ᠦᠨᠡᠯᠡᠭᠰᠡᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ᠂ ᠬᠠᠮᠢᠶᠠᠷᠬᠤ᠂ ᠬᠠᠮᠠᠭᠠᠯᠠᠬᠤ | ᠂ ᠨᠡᠶᠢᠲᠡᠯᠡᠬᠦ᠂ ᠬᠠᠮᠲᠤ ᠳᠠᠭᠠᠨ ᠭᠥᠷᠳᠡᠬᠦ ᠪᠠ ᠠᠰᠢᠭᠯᠠᠬᠤ ᠳᠤ ᠬᠢᠨᠠᠯᠲᠠ ᠲᠠᠯᠪᠢᠬᠤ ᠬᠤᠯᠪᠣᠭᠳᠠᠯ ᠪᠥᠬᠦᠶ ᠠᠵᠢᠯ ᠢ | ᠡᠭᠦᠷᠭᠡᠯᠡᠨ᠎ᠡ᠃ ᠤᠯᠤᠰ ᠠᠴᠠ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ | ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠬᠤ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ | ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠦᠷ᠎ᠡ ᠪᠦᠲᠦᠭᠡᠯ ᠢ | ᠬᠡᠷᠡᠭᠯᠡᠬᠦ ᠲᠦᠷᠢᠮ᠂ ᠪᠠᠷᠢᠮᠵᠢᠶ᠎ᠠ᠂ ᠵᠢᠷᠤᠮᠵᠢᠯ ᠢ ᠨᠠᠶᠢᠳᠠᠪᠤᠷᠢᠵᠢᠭᠤᠯᠤᠨ᠎ᠠ᠃ ᠪᠥᠬᠦ ᠠᠶᠢᠮᠠᠭ ᠤᠨ ᠪᠠᠶᠢᠭᠠᠯᠢ ᠶᠢᠨ ᠡᠬᠢ | ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ | ᠵᠢᠯᠣᠭᠤᠳᠤᠨ ᠬᠢᠨᠠᠯᠲᠠ ᠲᠠᠯᠪᠢᠬᠤ ᠶᠢ ᠡᠭᠦᠷᠭᠡᠯᠡᠨ᠎ᠡ᠃ ᠪᠥᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ | ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ | ᠭᠡᠷᠡᠭᠯᠡᠬᠦ ᠬᠠᠮᠢᠶᠠᠷᠬᠤ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠡᠩᠰᠡᠯᠡᠨ ᠳᠡᠮᠳᠡᠭᠯᠡᠭᠰᠡᠨ ᠮᠠᠲ᠋ᠧᠷᠢᠶᠠᠯ ᠢ | ᠬᠠᠮᠢᠶᠠᠷᠤᠨ᠎ᠠ᠃ | ︵ᠵᠢᠷᠭᠤᠭ᠎ᠠ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ | ᠲᠠᠷᠢᠶᠠᠨ ᠭᠠᠵᠠᠷ ᠢ ᠬᠠᠮᠠᠭᠠᠯᠠᠬᠤ ᠰᠠᠯᠠᠭ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ | ᠵᠠᠬᠢᠷᠤᠨ ᠬᠠᠮᠢᠶᠠᠷᠬᠤ ᠲᠦᠷᠢᠮ ᠤᠨ ᠵᠢᠷᠤᠮᠵᠢᠯ ᠪᠠ ᠮᠡᠷᠭᠡᠵᠢᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠭᠠᠵᠠᠷ | ᠰᠢᠷᠣᠢ ᠶᠢᠨ ᠵᠢᠯ ᠤᠨ ᠠᠰᠢᠭᠯᠠᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ᠂ ᠨᠤᠭᠤ ᠭᠠᠵᠠᠷ ᠵᠡᠷᠭᠡ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ | ᠠᠵᠢᠯ ᠢ ᠡᠷᠬᠡ ᠮᠡᠳᠡᠯ ᠤᠨ ᠶᠣᠰᠣᠭᠠᠷ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠪᠥᠬᠦ ᠠᠶᠢᠮᠠᠭ ᠤᠨ ᠡᠯ᠎ᠡ ᠲᠥᠷᠥᠯ ᠤᠨ ᠭᠠᠵᠠᠷ ᠰᠢᠷᠣᠶ ᠶᠢ ᠰᠢᠯᠵᠢᠭᠦᠯᠦᠨ ᠬᠡᠷᠡᠭᠯᠡᠬᠦ ᠶᠢ ᠬᠢᠨᠠᠨ ᠬᠠᠷᠭᠤᠭᠤᠯᠬᠤ᠂ | ᠮᠡᠳᠡᠭᠦᠯᠦᠨ ᠵᠥᠪᠰᠢᠶᠡᠷᠡᠭᠦᠯᠬᠦ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ | ᠲᠥᠯᠥᠪᠵᠢᠭᠦᠯᠭᠡ ᠶᠢᠨ ᠬᠠᠮᠢᠶᠠᠷᠤᠯᠲᠠ ᠵᠡᠷᠭᠡ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠬᠠᠷᠢᠭᠤᠴᠠᠵᠤ᠂ ᠲᠠᠷᠢᠶᠠᠨ ᠭᠠᠵᠠᠷ ᠢ ᠬᠠᠮᠠᠭᠠᠯᠠᠬᠤ | ᠬᠠᠷᠢᠭᠤᠴᠠᠯᠭ᠎ᠠ ᠶᠢᠨ ᠬᠠᠷᠠᠯᠲᠠ ᠶᠢ ᠬᠢᠨᠠᠨ ᠰᠢᠯᠭᠠᠬᠤ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠢ ᠬᠤᠪᠢᠶᠠᠷᠢᠯᠠᠨ ᠲᠣᠭᠲᠠᠭᠠᠬᠤ᠂ ᠡᠵᠡᠯᠡᠨ ᠬᠡᠷᠡᠭᠯᠡᠬᠦ ᠪᠠ ᠨᠥᠬᠦᠵᠦ ᠬᠤᠪᠢᠶᠠᠷᠢᠯᠠᠬᠤ ᠠᠵᠢᠯ ᠢ ᠬᠠᠷᠢᠭᠤᠴᠠᠨ᠎ᠠ᠃ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠭᠠᠵᠠᠷ ᠰᠢᠷᠣᠶ ᠲᠠᠲᠠᠪᠤᠷᠢᠯᠠᠨ ᠬᠡᠷᠡᠭᠯᠡᠬᠦ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ | ᠪᠣᠳᠣᠯᠭ᠎ᠠ ᠶᠢ ᠣᠶᠢᠲᠤ ᠭᠠᠵᠠᠷ᠂ ᠡᠪᠡᠰᠦᠲᠦ ᠭᠠᠵᠠᠷ᠂ ᠨᠤᠭᠤ ᠭᠠᠵᠠᠷ ᠵᠡᠷᠭᠡ ᠭᠠᠵᠠᠷ ᠰᠢᠷᠣᠶ ᠶᠢᠨ ᠡᠬᠢ ᠪᠠᠶᠠᠯᠢᠭ ᠢ | ᠬᠠᠮᠠᠭᠠᠯᠠᠬᠤ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠶᠢ ᠬᠠᠷᠢᠭᠤᠴᠠᠨ᠎ᠠ᠃ | ︵ᠳᠤᠯᠤᠭ᠎ᠠ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠰᠠᠯᠠᠭ᠎ᠠ᠃ | ᠪᠦᠬᠦ ᠠᠶᠢᠮᠠᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ | ᠶᠡᠷᠦᠩᠬᠡᠶᠢᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠨ ᠳᠠᠬᠢᠨ ᠬᠠᠭᠠᠯᠪᠤᠷᠢᠯᠠᠬᠤ᠂ ᠠᠭᠤᠷᠬᠠᠶ ᠶᠢᠨ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠮᠢ ᠠᠬᠤᠢ ᠶᠢᠨ ᠬᠠᠮᠠᠭᠠᠯᠠᠯᠲᠠ ᠳᠤ ᠦᠭᠭᠦ ᠨᠥᠬᠦᠪᠥᠷᠢ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠮᠢ ᠠᠬᠤᠢ ᠶᠢ ᠰᠡᠷᠭᠦᠭᠡᠬᠦ ᠬᠤᠯᠪᠣᠭᠳᠠᠯ ᠪᠦᠬᠦᠢ ᠴᠢᠬᠤᠯᠠ ᠶᠡᠭᠡ ᠢᠨᠵᠧᠨᠧᠷᠢᠩ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠠᠭᠤᠷᠬᠠᠢ ᠶᠢᠨ ᠦᠢᠯᠡᠰ ᠤᠨ ᠦᠯᠡᠳᠡᠭᠳᠡᠯ ᠢ ᠬᠠᠮᠠᠭᠠᠯᠠᠬᠤ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠣᠷᠣᠨ ᠨᠤᠲᠤᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ | ᠰᠡᠷᠭᠦᠭᠡᠬᠦ ᠠᠵᠢᠯ ᠢ ᠵᠢᠯᠣᠭᠤᠳᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ | ᠵᠢᠯᠣᠭᠤᠳᠬᠤ ᠪᠠ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ︵ᠨᠠᠢᠮᠠ︶ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠥᠮᠴᠢᠯᠡᠭᠴᠢ ᠶᠢᠨ ᠡᠷᠬᠡ ᠠᠰᠢᠭ ᠤᠨ | ᠰᠠᠯᠠᠭ᠎ᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠲᠦᠷᠢᠮ ᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠠᠷᠠᠯᠵᠢᠶᠠᠨ ᠤ ᠲᠦᠷᠢᠮ ᠪᠠ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠲᠣᠬᠢᠷᠠᠭᠤᠯᠤᠯ ᠡᠵᠡᠮᠳᠡᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠠᠶᠢᠭᠠᠯᠢ ᠶᠢᠨ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠥᠳᠡᠯᠦᠩᠭᠦᠶ ᠬᠢᠨᠠᠨ ᠬᠡᠮᠵᠢᠯᠲᠡ ᠶᠢ ᠬᠠᠷᠢᠭᠤᠴᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠵᠡᠭᠡᠯᠢ ᠶᠢᠨ ᠢᠲᠡᠭᠡᠮᠵᠢ ᠶᠢᠨ ᠰᠢᠰᠲ᠋ᠧᠮ ᠢ ᠪᠠᠶᠢᠭᠤᠯᠣᠨ᠎ᠠ᠃ | ᠪᠠᠶᠢᠭᠠᠯᠢ ᠶᠢᠨ ᠡᠬᠢ ᠪᠠᠶᠠᠯᠢᠭ ᠢ ᠳᠡᠰ ᠬᠤᠪᠢᠶᠠᠨ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ | ᠦᠨᠡᠯᠡᠵᠦ ᠰᠢᠯᠭᠠᠨ ᠬᠢᠨᠠᠬᠤ ᠠᠵᠢᠯ ᠢ ᠥᠷᠨᠢᠭᠦᠯᠵᠦ᠂ ᠠᠷᠪᠢᠲᠠᠢ ᠡᠷᠴᠢᠮᠯᠢᠭ ᠠᠰᠢᠭᠯᠠᠬᠤ ᠶᠢ ᠵᠢᠯᠣᠭᠤᠳᠤᠨ᠎ᠠ᠃ | ᠠᠷᠠᠳ ᠨᠡᠶᠢᠲᠡ ᠶᠢᠨ ᠦᠮᠴᠢᠯᠡᠯᠳᠦ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠲᠤᠭ᠎ᠠ ᠪᠦᠷᠢᠳᠬᠡᠯ᠂ | ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠷᠳᠡᠭ ᠢ ᠦᠨᠡᠯᠡᠨ ᠵᠢᠱᠢᠬᠦ ᠪᠠ ᠡᠳ᠋ ᠬᠦᠷᠦᠩᠭᠡ ᠶᠢ | ᠲᠣᠭᠠᠴᠠᠭ᠎ᠠ ᠬᠢᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠨᠡᠶᠢᠲᠡ ᠶᠢᠨ ᠥᠮᠴᠢᠯᠡᠯᠲᠦ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢ ᠥᠭᠴᠢᠭᠡ ᠶᠢᠨ ᠬᠦᠰᠦᠨᠦᠭᠲᠦ ᠶᠢ ᠨᠠᠶᠢᠷᠠᠭᠤᠯᠤᠨ | ᠵᠣᠬᠢᠶᠠᠨ᠎ᠠ᠃ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠤᠪᠢᠶᠠᠷᠢᠯᠠᠨ | ᠥᠭᠬᠦ᠂ ᠬᠢᠮᠳᠠ ᠦᠨ᠎ᠡ ᠪᠠᠷ ᠬᠤᠳᠠᠯᠳᠤᠬᠤ᠂ ᠲᠦᠷᠢᠶᠡᠰᠦᠯᠡᠭᠦᠯᠬᠦ᠂ ᠦᠨ᠎ᠡ ᠲᠣᠭᠲᠠᠭᠠᠨ ᠪᠡᠯᠡ ᠭᠠᠷᠭᠠᠬᠤ ᠪᠠ | ᠭᠠᠵᠠᠷ ᠰᠢᠷᠣᠶ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠶᠢᠰᠦ︶ ᠬᠡᠮᠵᠢᠨ ᠵᠢᠷᠤᠬᠤ ᠪᠠ ᠰᠢᠨᠵᠢᠯᠡᠬᠦ ᠣᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠰᠠᠯᠠᠭ᠎ᠠ᠃ | ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠡᠮᠵᠢᠨ | ᠵᠢᠷᠤᠬᠤ ᠠᠵᠢᠯᠯᠠᠭ᠎ᠠ᠂ ᠶᠠᠰᠤ ᠴᠢᠨᠠᠷ᠂ ᠠᠷᠠᠳ ᠤᠨ ᠬᠡᠷᠡᠭᠴᠡᠭᠡᠨ ᠤ ᠬᠡᠮᠵᠢᠨ ᠵᠢᠷᠤᠬᠤ ᠠᠭᠠᠷ ᠠᠶᠠᠯᠠᠯ ᠢᠶᠠᠷ ᠭᠡᠷᠡᠯ | ᠵᠢᠷᠤᠭ ᠠᠪᠬᠤ ᠪᠠ ᠳᠠᠭᠠᠭᠤᠯᠢ ᠣᠳᠣᠨ ᠤ ᠠᠯᠤᠰ ᠰᠡᠷᠡᠯ ᠢᠶᠠᠷ ᠬᠢᠨᠠᠨ ᠬᠠᠮᠢᠶᠠᠷᠴᠤ᠂ ᠬᠡᠮᠵᠢᠨ ᠵᠢᠷᠤᠬᠤ ᠬᠢᠷᠢ ᠬᠡᠮ ᠢ | ᠳᠦᠷᠢᠮ ᠶᠣᠰᠣᠭᠠᠷ ᠬᠢᠨᠠᠨ ᠬᠠᠮᠢᠶᠠᠷᠤᠨ᠎ᠠ᠃ ᠠᠶᠢᠮᠠᠭ ᠤᠨ ᠬᠡᠮᠵᠢᠨ ᠵᠢᠷᠤᠬᠤ ᠪᠠᠷᠢᠮᠵᠢᠶ᠎ᠠ᠂ ᠬᠡᠮᠵᠢᠨ ᠵᠢᠷᠤᠬᠤ | ᠰᠢᠰᠲ᠋ᠧᠮ ᠢ ᠪᠠᠶᠢᠭᠤᠯᠤᠨ ᠬᠠᠮᠢᠶᠠᠷᠤᠨ᠎ᠠ᠃ ᠪᠦᠬᠦ ᠠᠶᠢᠮᠠᠭ ᠤᠨ ᠰᠠᠭᠤᠷᠢ ᠬᠡᠮᠵᠢᠨ ᠵᠢᠷᠤᠭᠯᠠᠬᠤ ᠲᠥᠯᠥᠪᠵᠢᠭᠦᠯᠭᠡ᠂ | ᠣᠨ ᠤ ᠲᠥᠯᠥᠪᠯᠡᠭᠡ ᠵᠢᠴᠢ ᠴᠢᠬᠤᠯᠠ ᠶᠡᠭᠡ ᠲᠥᠷᠥᠯ ᠵᠦᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠠᠵᠠᠷ ᠵᠦᠶ ᠶᠢᠨ ᠮᠡᠳᠡᠭᠡ ᠵᠠᠩᠭᠢ ᠶᠢᠨ ᠦᠷ᠎ᠡ ᠪᠦᠲᠦᠭᠡᠯ ᠤᠨ | ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠭᠠᠵᠠᠷ ᠤᠨ ᠵᠢᠷᠤᠭ ᠤᠨ ᠬᠠᠮᠢᠶᠠᠷᠤᠯᠲᠠ | ᠪᠠ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠵᠤ᠂ ᠭᠠᠵᠠᠷ ᠵᠦᠶ ᠶᠢᠨ ᠴᠢᠬᠤᠯᠠ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ᠂ ᠬᠡᠮᠵᠢᠨ ᠵᠢᠷᠤᠬᠤ ᠭᠠᠵᠠᠷ ᠵᠦᠶ ᠶᠢᠨ ᠮᠡᠳᠡᠭᠡ ᠵᠠᠩᠭᠢ ᠶᠢᠨ | ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠬᠠᠩᠭᠠᠵᠤ᠂ ᠭᠠᠵᠠᠷ ᠵᠦᠶ ᠶᠢᠨ ᠮᠡᠳᠡᠭᠡ ᠵᠠᠩᠭᠢ ᠶᠢᠨ ᠣᠯᠠᠨ | ᠨᠡᠶᠢᠲᠡ ᠶᠢᠨ ᠦᠢᠯᠡᠴᠢᠯᠡᠭᠡ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠡᠬᠢ ᠪᠠᠶᠠᠯᠢᠭ ᠤᠨ | ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ | ᠪᠠ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠥᠬᠦᠶ ᠮᠡᠷᠭᠡᠵᠢᠯ ᠤᠨ ᠪᠠᠷᠢᠮᠵᠢᠶ᠎ᠠ᠂ ᠲᠦᠷᠢᠮ | ᠲᠣᠭᠲᠠᠭᠠᠯ ᠤᠨ ᠵᠢᠷᠤᠮᠵᠢᠯ ᠢ ᠬᠡᠷᠡᠭᠵᠢᠭᠦᠯᠦᠨ᠎ᠡ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠢᠨᠵᠧᠨᠧᠷᠢᠩ᠂ ᠲᠦᠷᠦᠯ ᠵᠦᠢᠯ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠬᠦ ᠪᠠ ᠮᠡᠳᠡᠭᠡ | ᠵᠠᠩᠭᠢᠵᠢᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠳᠠᠭᠠᠭᠤᠯᠢ ᠣᠳᠣᠨ ᠤ ᠠᠯᠤᠰ ᠰᠡᠷᠡᠯ ᠵᠡᠷᠭᠡ | ᠳᠡᠭᠡᠳᠦ ᠰᠢᠨ᠎ᠡ ᠮᠡᠷᠭᠡᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠥᠷᠨᠢᠭᠦᠯᠦᠨ᠎ᠡ᠃ ᠪᠠᠶᠢᠭᠠᠯᠢ ᠶᠢᠨ ᠡᠬᠢ | ᠪᠠᠶᠠᠯᠢᠭ ᠤᠨ ᠡᠯᠧᠺᠲᠷᠣᠨ ᠵᠠᠰᠠᠭ ᠤᠨ ᠶᠠᠪᠤᠳᠠᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠ︶ ᠠᠭᠤᠷᠬᠠᠶ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠳᠤ ᠬᠢᠨᠠᠯᠲᠠ | ᠲᠠᠯᠪᠢᠵᠤ ᠬᠠᠮᠢᠶᠠᠷᠬᠤ ᠬᠢᠭᠡᠳ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ᠃ ᠪᠦᠬᠦ ᠠᠶᠢᠮᠠᠭ ᠤᠨ ᠭᠠᠵᠠᠷ | ᠰᠢᠨᠵᠢᠯᠡᠭᠡᠨ ᠤ ᠠᠵᠢᠯ ᠢ ᠬᠠᠷᠢᠭᠤᠴᠠᠨ ᠬᠠᠮᠢᠶᠠᠷᠴᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ | ᠲᠥᠷᠥᠯ ᠢ ᠬᠠᠮᠢᠶᠠᠷᠴᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠪᠦᠬᠦ ᠠᠶᠢᠮᠠᠭ ᠤᠨ ᠳᠣᠲᠣᠷᠠᠬᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠢᠨᠠᠨ ᠬᠠᠮᠢᠶᠠᠷᠴᠤ | ᠂ ᠠᠶᠢᠮᠠᠭ ᠤᠨ ᠳᠣᠲᠣᠷᠠᠬᠢ ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠰᠢᠨᠵᠢᠯᠡᠭᠡᠨ ᠤ | ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ | ᠬᠠᠶᠢᠨ ᠪᠠᠶᠢᠴᠠᠭᠠᠬᠤ ᠠᠵᠢᠯ ᠢ ᠵᠣᠬᠢᠴᠠᠭᠤᠯᠤᠨ ᠬᠠᠮᠵᠢᠯᠴᠠᠨ ᠥᠷᠨᠢᠭᠦᠯᠬᠦ ᠶᠢ ᠬᠠᠷᠢᠭᠤᠴᠠᠨ᠎ᠠ᠃ ᠭᠠᠵᠠᠷ ᠤᠨ ᠭᠠᠶ | ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠵᠠᠰᠠᠬᠤ ᠠᠵᠢᠯ ᠢ ᠡᠭᠦᠷᠭᠡᠯᠡᠵᠦ᠂ ᠭᠠᠵᠠᠷ ᠳᠣᠤᠷᠠᠬᠢ ᠤᠰᠤ ᠶᠢ | ᠬᠡᠲᠦᠷᠡᠲᠡᠯ᠎ᠡ ᠠᠰᠢᠭᠯᠠᠭᠰᠠᠨ ᠠᠴᠠ ᠪᠣᠯᠤᠭᠰᠠᠨ ᠭᠠᠵᠠᠷ ᠰᠠᠭᠤᠭᠰᠠᠨ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ | ᠬᠢᠨᠠᠨ ᠬᠠᠮᠢᠶᠠᠷᠤᠨ᠎ᠠ᠃ ᠪᠦᠬᠦ ᠠᠶᠢᠮᠠᠭ ᠤᠨ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠦᠶ ᠵᠣᠬᠢᠰᠲᠠᠶ | ᠠᠰᠢᠭᠯᠠᠬᠤ ᠪᠠ ᠬᠠᠮᠠᠭᠠᠯᠠᠬᠤ ᠶᠢ ᠬᠢᠨᠠᠯᠲᠠ ᠲᠠᠯᠪᠢᠵᠤ ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠬᠤ᠂ ᠳᠠᠩᠰᠠᠯᠠᠬᠤ᠂ | ᠲᠡᠮᠳᠡᠭᠯᠡᠬᠦ᠂ ᠪᠦᠷᠢᠳᠬᠡᠬᠦ ᠪᠠ ᠮᠡᠳᠡᠭᠡ ᠵᠠᠩᠭᠢ ᠨᠡᠶᠢᠲᠡᠯᠡᠬᠦ ᠵᠢᠴᠢ ᠳᠠᠷᠤᠭᠳᠠᠮᠠᠯ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠡᠭᠦᠷᠭᠡᠯᠡᠨ᠎ᠡ᠃ ᠠᠭᠤᠷᠬᠠᠢ ᠶᠢᠨ | ᠨᠥᠭᠡᠴᠡ ᠬᠥᠳᠡᠯᠦᠩᠭᠦᠢ ᠬᠠᠮᠢᠶᠠᠷᠤᠯᠲᠠ ᠶᠢ ᠭᠡᠷᠡᠭᠵᠢᠬᠦᠯᠦᠨ᠎ᠡ᠃ ᠭᠠᠵᠠᠷ ᠰᠢᠨᠵᠢᠯᠡᠭᠡᠨ ᠤ ᠮᠠᠲ᠋ᠧᠷᠢᠶᠠᠯ ᠢ ᠡᠮᠬᠢᠳᠬᠡᠨ | ᠲᠤᠰᠢᠶᠠᠬᠤ᠂ ᠬᠠᠳᠠᠭᠠᠯᠠᠨ ᠬᠠᠮᠢᠶᠠᠷᠬᠤ ᠪᠠ ᠠᠰᠢᠭᠯᠠᠬᠤ ᠳᠤ ᠬᠢᠨᠠᠯᠲᠠ ᠲᠠᠯᠪᠢᠨ᠎ᠠ᠃ ᠡᠷᠲᠡᠨ ᠤ ᠠᠮᠢᠳᠤ ᠪᠣᠳᠠᠰ ᠤᠨ | ᠴᠢᠯᠠᠭᠤᠵᠢᠮᠠᠯ ᠵᠡᠷᠭᠡ ᠭᠠᠵᠠᠷ ᠰᠢᠨᠵᠢᠯᠡᠭᠡᠨ ᠤ ᠦᠯᠡᠳᠡᠭᠳᠡᠯ ᠢ ᠬᠢᠨᠠᠨ ᠬᠠᠮᠢᠶᠠᠷᠤᠨ᠎ᠠ᠃ ᠠᠶᠢᠮᠠᠭ ᠤᠨ ᠵᠠᠰᠠᠭ | ᠵᠠᠬᠢᠷᠭᠠᠨ ᠤ ᠦᠢᠯᠡᠴᠢᠯᠡᠭᠡᠨ ᠤ ᠲᠢᠩᠬᠢᠮ ᠳᠤ ᠰᠠᠭᠤᠨ᠂ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ | ᠠᠶᠢᠮᠠᠭ ᠤᠨ ᠠᠭᠤᠷᠬᠠᠶ ᠬᠠᠶᠢᠬᠤ ᠡᠷᠬᠡ ᠪᠠ ᠠᠭᠤᠷᠬᠠᠶ ᠮᠠᠯᠲᠠᠬᠤ ᠡᠷᠬᠡ ᠶᠢᠨ ᠰᠢᠨ᠎ᠡ ᠪᠠᠷ ᠪᠤᠢ ᠪᠣᠯᠤᠭᠰᠠᠨ ︵ | ᠠᠭᠤᠷᠬᠠᠶ ᠶᠢᠨ ᠣᠷᠣᠨ ᠤ ᠬᠦᠷᠢᠶ᠎ᠡ ᠬᠡᠪᠴᠢᠶ᠎ᠡ ᠶᠢ ᠢᠯᠭᠠᠨ ᠲᠣᠭᠲᠠᠭᠠᠨ᠎ᠠ︶ ᠦᠷᠭᠦᠯᠵᠢᠯᠡᠭᠦᠯᠬᠦ᠂ ᠬᠤᠪᠢᠷᠠᠭᠤᠯᠬᠤ᠂ | ᠦᠯᠡᠳᠡᠭᠡᠬᠦ᠂ ᠰᠢᠯᠵᠢᠬᠦᠯᠬᠦ᠂ ᠬᠦᠴᠦᠨ ᠦᠭᠡᠢ ᠪᠣᠯᠭᠠᠬᠤ᠂ ᠪᠠᠷᠢᠴᠠᠭᠠᠯᠠᠬᠤ᠂ ᠭᠡᠭᠡᠭᠰᠡᠨ ᠢᠶᠠᠨ ᠨᠦᠬᠦᠪᠦᠷᠢᠯᠡᠬᠦ ᠵᠡᠷᠭᠡ | ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠵᠦᠪᠰᠢᠶᠡᠷᠡᠬᠦ ᠬᠤᠯᠪᠣᠭᠳᠠᠯ ᠪᠦᠬᠦᠢ ᠠᠵᠢᠯ ᠢ | ᠬᠠᠷᠢᠭᠤᠴᠠᠨ᠎ᠠ︔ ᠠᠭᠤᠷᠬᠠᠶ ᠬᠠᠶᠢᠬᠤ ᠡᠷᠬᠡ᠂ ᠠᠭᠤᠷᠬᠠᠶ ᠮᠠᠯᠲᠠᠬᠤ ᠡᠷᠬᠡ ᠶᠢ ᠬᠡᠷᠡᠭᠯᠡᠬᠦ ᠰᠦᠢᠳᠬᠡᠯ ᠬᠤᠷᠢᠶᠠᠬᠤ | ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠠᠶᠢᠮᠠᠭ ᠤᠨ ᠱᠠᠲᠤᠨ ᠤ | ᠡᠷᠬᠡ ᠮᠡᠳᠡᠯ ᠤᠨ ᠬᠡᠪᠴᠢᠶ᠎ᠡ ᠪᠥᠬᠦᠶ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ ᠵᠢᠴᠢ ᠬᠢᠨᠠᠨ | ᠵᠥᠪᠰᠢᠶᠡᠷᠡᠵᠦ ᠳᠡᠩᠰᠡᠯᠡᠨ ᠲᠡᠮᠳᠡᠭᠯᠡᠬᠦ ᠶᠢ ᠬᠠᠮᠢᠶᠠᠷᠤᠨ᠎ᠠ᠃ ᠪᠦᠬᠦ ᠠᠶᠢᠮᠠᠭ ᠤᠨ ᠠᠭᠤᠷᠬᠠᠶ ᠬᠠᠶᠢᠬᠤ ᠡᠷᠬᠡ᠂ | ᠠᠭᠤᠷᠬᠠᠶ ᠮᠠᠯᠲᠠᠬᠤ ᠡᠷᠬᠡ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠵᠦ ᠳᠠᠩᠰᠠᠯᠠᠬᠤ ᠬᠤᠯᠪᠣᠭᠳᠠᠯ ᠪᠦᠬᠦᠢ | ᠠᠵᠢᠯ ᠢ ᠵᠢᠯᠣᠭᠤᠳᠴᠤ᠂ ᠴᠢᠬᠤᠯᠠ ᠶᠡᠭᠡ ᠡᠷᠬᠡ ᠶᠢᠨ ᠬᠠᠷᠢᠶ᠎ᠠ ᠶᠢᠨ ᠵᠢᠭᠤᠷᠠᠯᠳᠤᠭᠠᠨ ᠢ ᠳᠦᠷᠢᠮ ᠶᠣᠰᠣᠭᠠᠷ | ᠡᠶᠡᠳᠡᠭᠦᠯᠦᠨ ᠰᠢᠢᠳᠪᠦᠷᠢᠯᠡᠨ᠎ᠡ᠃ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠰᠠᠨ | ᠠᠭᠤᠷᠬᠠᠶ ᠶᠢᠨ ᠲᠥᠷᠥᠯ᠂ ᠳᠠᠪᠠᠭᠤᠯᠢᠭ ᠠᠭᠤᠷᠬᠠᠶ ᠶᠢᠨ ᠭᠠᠷᠤᠯᠲᠠ ᠶᠢᠨ ᠨᠡᠭᠡᠭᠡᠨ ᠮᠠᠯᠲᠠᠬᠤ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠵᠡᠷᠭᠡ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃ | ᠪᠠᠶᠢᠭᠤᠯᠭ᠎ᠠ ᠶᠢᠨ ᠨᠠᠮ ᠤᠨ ᠪᠠᠶᠢᠭᠤᠯᠣᠯᠳᠠ ᠶᠢᠨ ᠠᠯᠪᠠᠨ ᠭᠡᠷ᠃ ᠪᠠᠶᠢᠭᠤᠯᠭ᠎ᠠ ︵ᠰᠢᠰᠲ᠋ᠧᠮ ᠤᠨ ᠨᠠᠮ ᠤᠨ | ᠠᠵᠢᠯ ᠤᠨ ᠬᠤᠷᠢᠶ᠎ᠠ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠨᠠᠮ ᠤᠨ ᠶᠡᠷᠦᠩᠬᠡᠢ ᠡᠭᠦᠷ᠂ ᠨᠠᠮ ᠤᠨ ᠡᠭᠦᠷ︶ | ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | | | ᠪᠠᠶᠢᠭᠤᠯᠭ᠎ᠠ ᠶᠢᠨ ᠰᠦᠯᠵᠢᠶ᠎ᠡ | | | | | | |