ᠼᠤᠦ ᠳᠤ ᠳᠡᠪᠲᠦᠭᠡᠭᠰᠡᠨ ᠰᠠᠷᠢᠮᠰᠠᠭ ᠤᠨ ᠲᠤᠬᠠᠢ
ᠨᠡᠶᠢᠲᠡᠯᠡᠭᠰᠡᠨ ᠴᠠᠭ᠄
2024/3/21
   ᠼᠤᠦ ᠳᠤ ᠳᠡᠪᠲᠦᠭᠡᠭᠰᠡᠨ ᠰᠠᠷᠢᠮᠰᠠᠭ ᠢ ᠬᠡᠮᠵᠢᠶ᠎ᠡ ᠲᠠᠢ ᠢᠳᠡᠪᠡᠯ ᠬᠦᠮᠦᠨ ᠤ ᠪᠡᠶ᠎ᠡ ᠳᠤ ᠰᠠᠶᠢᠨ ᠪᠠᠶᠢᠳᠠᠭ᠂ ᠭᠡᠪᠡᠴᠦ ᠵᠤᠬᠢᠰ ᠦᠭᠡᠢ ᠳᠡᠪᠲᠦᠭᠡᠬᠦ ᠪᠤᠶᠤ ᠬᠡᠲᠦ ᠢᠳᠡᠬᠦ ᠨᠢ ᠬᠦᠮᠦᠨ ᠤ ᠪᠡᠶ᠎ᠡ ᠳᠤ ᠬᠤᠤᠷ ᠲᠠᠢ ᠶᠤᠮ᠃    ᠼᠤᠦ ᠳᠤ ᠳᠡᠪᠲᠦᠭᠡᠭᠰᠡᠨ ᠰᠠᠷᠢᠮᠰᠠᠭ ᠤᠨ ᠠᠰᠢᠭ ᠲᠠᠢ ᠲᠠᠯ᠎ᠠ᠄    ᠼᠤᠦ ᠳᠤ ᠳᠡᠪᠲᠦᠭᠡᠭᠰᠡᠨ ᠰᠠᠷᠢᠮᠰᠠᠭ ᠵᠤᠬᠢᠬᠤ ᠬᠡᠮᠵᠢᠶ᠎ᠡ ᠪᠠᠷ ᠴᠢᠰᠤᠨ ᠳᠠᠷᠤᠯᠲᠠ ᠶᠢ ᠪᠠᠭᠤᠷᠠᠭᠤᠯᠳᠠᠭ᠂ ᠰᠠᠷᠢᠮᠰᠠᠭ ᠤᠨ ᠲᠤᠰ ᠪᠡᠶ᠎ᠡ ᠨᠢ ᠮᠠᠰᠢ ᠰᠠᠶᠢᠨ ᠠᠷᠢᠭᠤᠳᠬᠠᠬᠤ᠂ ᠬᠤᠤᠷ ᠭᠠᠳᠠᠭᠰᠢᠯᠠᠭᠤᠯᠬᠤ ᠴᠢᠳᠠᠯ ᠲᠠᠢ ᠪᠤᠯᠬᠤᠷ ᠦᠷᠬᠦᠯᠵᠢ ᠰᠠᠷᠢᠮᠰᠠᠭ ᠢᠳᠡᠪᠡᠯ ᠴᠢᠰᠦᠨ ᠰᠤᠲᠠᠯ ᠢ ᠳᠡᠯᠡᠨ᠂ ᠪᠡᠶ᠎ᠡ ᠮᠠᠬᠠᠪᠤᠳ ᠤᠨ ᠳᠤᠳᠤᠭᠠᠳᠤ ᠳᠤ ᠪᠠᠶᠢᠭ᠎ᠠ ᠬᠠᠶᠠᠭᠳᠠᠮᠠᠯ ᠪᠤᠳᠠᠰ ᠢ ᠭᠠᠳᠠᠭᠰᠢᠯᠠᠭᠤᠯᠳᠠᠭ᠂ ᠡᠨᠡ ᠨᠢ ᠴᠢᠰᠦᠨ ᠳᠤ ᠪᠠᠶᠢᠭ᠎ᠠ ᠬᠤᠤᠷᠲᠤ ᠡᠳ᠋ ᠢ ᠵᠤᠬᠢᠰᠲᠠᠢ ᠪᠠᠭᠠᠰᠬᠠᠵᠤ᠂ ᠴᠢᠰᠦᠨ ᠳᠠᠷᠤᠯᠲᠠ ᠶᠢ ᠪᠠᠭᠤᠷᠠᠭᠤᠯᠳᠠᠭ᠃ ᠼᠤᠦ ᠴᠢᠰᠤᠨ ᠰᠤᠳᠠᠯ ᠢ ᠵᠦᠭᠡᠯᠡᠷᠡᠭᠦᠯᠦᠨ᠎ᠡ᠂ ᠬᠡᠷᠪᠡ ᠼᠤᠦ ᠳᠤ ᠳᠡᠪᠲᠦᠭᠡᠭᠰᠡᠨ ᠰᠠᠷᠢᠮᠰᠠᠭ ᠢ ᠦᠷᠬᠦᠯᠵᠢ ᠢᠳᠡᠭᠰᠡᠨ ᠤ ᠰᠡᠭᠦᠯᠡᠷ ᠴᠢᠰᠤᠨ ᠰᠤᠳᠠᠯ ᠢ ᠳᠡᠯᠡᠬᠦ ᠪᠠᠷ ᠪᠠᠷᠠᠬᠤ ᠦᠭᠡᠢ ᠪᠠᠰᠠ ᠴᠢᠰᠤᠨ ᠰᠤᠳᠠᠯ ᠤᠨ ᠤᠶᠠᠨ ᠴᠢᠨᠠᠷ ᠢ ᠳᠡᠭᠡᠭᠰᠢᠯᠡᠭᠦᠯᠵᠦ᠂ ᠴᠢᠰᠤᠨ ᠳᠠᠷᠤᠯᠲᠠ ᠬᠡᠳᠦ ᠦᠨᠳᠦᠷ ᠪᠢᠰᠢ ᠪᠠᠶᠢᠳᠠᠯ ᠳᠤ ᠴᠢᠰᠤᠨ ᠳᠠᠷᠤᠯᠲᠠ ᠶᠢ ᠪᠠᠭᠤᠷᠠᠭᠤᠯᠬᠤ ᠳᠤ ᠲᠤᠰᠠᠯᠠᠳᠠᠭ᠃    ᠲᠠᠭᠰᠢᠭᠤᠷ ᠢ ᠰᠡᠷᠭᠡᠶᠢᠯᠡᠨ᠂ ᠬᠠᠮᠠᠷ ᠤᠨ ᠦᠷᠪᠢᠰᠦᠯ ᠢ ᠵᠠᠰᠠᠵᠤ᠂ ᠪᠡᠶ᠎ᠡ ᠴᠢᠬᠢᠷᠠᠭᠵᠢᠭᠤᠯᠬᠤ ᠦᠢᠯᠡᠳᠦᠯ ᠲᠠᠢ᠃    ᠬᠤᠭᠤᠯᠠᠢ ᠡᠪᠡᠳᠬᠦ ᠶᠢ ᠵᠠᠰᠠᠵᠤ᠂ ᠨᠦᠢᠷ ᠢ ᠰᠠᠶᠢᠵᠢᠷᠠᠭᠤᠯᠤᠨ᠎ᠠ᠃    ᠰᠢᠩᠭᠡᠭᠡᠯᠲᠡ ᠶᠢ ᠰᠠᠶᠢᠵᠢᠷᠠᠭᠤᠯᠤᠨ᠎ᠠ᠃    ᠶᠠᠳᠠᠷᠠᠭ᠎ᠠ ᠶᠢ ᠲᠠᠶᠢᠯᠤᠨ᠂ ᠦᠲᠡᠯᠬᠦ ᠶᠢ ᠤᠳᠠᠭᠠᠰᠢᠷᠠᠭᠤᠯᠤᠨ᠎ᠠ᠃    ᠴᠢᠰᠤ ᠶᠢ ᠰᠢᠩᠭᠡᠷᠡᠭᠦᠯᠵᠦ᠂ ᠴᠢᠰᠤᠨ ᠤ ᠡᠷᠭᠢᠯᠲᠡ ᠶᠢ ᠰᠠᠶᠢᠵᠢᠷᠠᠭᠤᠯᠤᠨ᠎ᠠ᠃    ᠴᠢᠰᠤᠨ ᠤ ᠦᠭᠡᠬᠦ ᠶᠢ ᠪᠠᠭᠤᠷᠠᠭᠤᠯᠵᠤ ᠰᠢᠬᠢᠷ ᠰᠢᠵᠢᠩ ᠡᠪᠡᠳᠴᠢᠨ ᠢ ᠰᠡᠷᠭᠡᠶᠢᠯᠡᠳᠡᠭ᠃ ᠪᠠᠺᠲ᠋ᠧᠷᠢ ᠶᠢ ᠤᠰᠠᠳᠬᠠᠨ᠂ ᠦᠷᠪᠢᠰᠤᠯ ᠢ ᠳᠠᠷᠤᠵᠤ᠂ ᠡᠪᠡᠳᠴᠢᠨ ᠬᠠᠯᠳᠠᠪᠤᠷᠢᠯᠠᠬᠤ ᠶᠢ ᠰᠡᠷᠭᠡᠶᠢᠯᠡᠨ᠎ᠡ᠃    ᠰᠦᠰᠦᠨ ᠤ ᠴᠢᠯᠠᠭᠤᠯᠢᠭ ᠠᠯᠺᠦᠤᠯ ᠢ ᠪᠠᠭᠤᠷᠠᠭᠤᠯᠤᠨ᠎ᠠ᠃    ᠦᠮᠠᠨ ᠡᠪᠡᠳᠴᠢᠨ ᠢ ᠰᠡᠷᠭᠡᠶᠢᠯᠡᠳᠡᠭ᠃    ᠼᠤᠦ ᠳᠤ ᠳᠡᠪᠲᠦᠭᠡᠭᠰᠡᠨ ᠰᠠᠷᠢᠮᠰᠠᠭ ᠤᠨ ᠠᠰᠢᠭ ᠦᠭᠡᠢ ᠲᠠᠯ᠎ᠠ᠄    ᠬᠦᠮᠦᠰ ᠼᠤᠦ ᠳᠤ ᠰᠠᠷᠢᠮᠰᠠᠭ ᠳᠡᠪᠲᠦᠭᠡᠬᠦ ᠳᠡᠭᠡᠨ ᠳᠠᠪᠤᠰᠤ ᠠᠷᠪᠢᠨ ᠬᠢᠳᠡᠭ᠂ ᠲᠡᠷᠡᠴᠢᠯᠡᠨ ᠼᠤᠦ ᠳᠤ ᠳᠡᠪᠲᠦᠭᠡᠭᠰᠡᠨ ᠰᠠᠷᠢᠮᠰᠠᠭ ᠢᠶᠠᠨ ᠳᠠᠪᠤᠰᠤᠯᠠᠭᠰᠠᠨ ᠨᠤᠭᠤᠭ᠎ᠠ ᠪᠤᠯᠭᠠᠨ ᠡᠳᠦᠷ ᠪᠦᠷᠢ ᠬᠡᠳᠦ ᠤᠯᠠᠨ ᠢᠳᠡᠳᠡᠭ᠃ ᠢᠩᠭᠢᠵᠦ ᠢᠳᠡᠬᠦ ᠨᠢ ᠰᠢᠨᠵᠢᠯᠡᠬᠦ ᠤᠬᠠᠭᠠᠨᠴᠢ ᠪᠢᠰᠢ ᠪᠠᠶᠢᠵᠤ᠂ ᠪᠡᠶ᠎ᠡ ᠮᠠᠬᠠᠪᠤᠳ ᠢ ᠭᠡᠮᠲᠦᠭᠡᠵᠦ ᠮᠡᠳᠡᠨ᠎ᠡ᠃ᠰᠠᠷᠢᠮᠰᠠᠭ ᠪᠤᠯ ᠭᠤᠱᠤᠭᠤᠨ ᠴᠢᠨᠠᠷ ᠲᠠᠢ ᠢᠳᠡᠭᠡᠨ ᠶᠤᠮ᠂ ᠬᠡᠲᠦᠷᠬᠡᠢ ᠠᠷᠪᠢᠨ ᠢᠳᠡᠬᠦ ᠨᠢ ᠬᠤᠳᠤᠭᠤᠳᠤ ᠶᠢ ᠡᠪ ᠦᠭᠡᠢ ᠪᠠᠶᠢᠳᠠᠯ ᠳᠤ ᠤᠷᠤᠭᠤᠯᠳᠠᠭ᠃    ᠦᠯᠦᠨ ᠢᠶᠠᠷ ᠠᠷᠪᠢᠨ ᠢᠳᠡᠪᠡᠯ ᠨᠢᠳᠦᠨ ᠳᠤ ᠰᠡᠳᠦᠯᠲᠡ ᠦᠭᠬᠦ ᠪᠠᠷ ᠪᠠᠷᠠᠬᠤ ᠦᠭᠡᠢ ᠸᠢᠲ᠋ᠠᠮᠢᠨ b ᠶᠢᠨ ᠰᠢᠩᠭᠡᠭᠡᠯᠲᠡ ᠶᠢ ᠨᠦᠯᠦᠭᠡᠯᠡᠳᠡᠭ᠃    ᠠᠩᠬᠠᠷᠤᠭᠤᠰᠢᠲᠠᠢ ᠵᠦᠢᠯ᠄    1. ᠴᠢᠰᠤᠨ ᠳᠠᠷᠤᠯᠲᠠ ᠦᠨᠳᠦᠷ ᠡᠪᠡᠳᠴᠢᠲᠡᠨ ᠳᠤ ᠲᠤᠰᠠᠯᠠᠬᠤ ᠦᠢᠯᠡᠳᠦᠯ ᠦᠵᠡᠭᠦᠯᠳᠡᠭ᠂ ᠭᠡᠪᠡᠴᠦ ᠨᠠᠶᠢᠳᠠᠨ ᠲᠦᠰᠢᠭᠯᠡᠵᠦ ᠪᠤᠯᠬᠤ ᠦᠭᠡᠢ᠃    2. ᠼᠤᠦ ᠪᠠᠨ ᠪᠤᠴᠠᠯᠭᠠᠵᠤ ᠪᠤᠯᠬᠤ ᠦᠭᠡᠢ᠂ ᠪᠤᠴᠠᠯᠭᠠᠪᠠᠯ ᠦᠢᠯᠡᠳᠦᠯ ᠨᠢ ᠪᠠᠭᠤᠷᠠᠳᠠᠭ᠃    3. ᠼᠤᠦ ᠳᠤ ᠳᠡᠪᠲᠦᠭᠡᠭᠰᠡᠨ ᠰᠠᠷᠢᠮᠰᠠᠭ ᠢ ᠤᠷᠲᠤ ᠬᠤᠭᠤᠴᠠᠭ᠎ᠠ ᠪᠠᠷ ᠢᠳᠡᠵᠦ ᠪᠤᠯᠤᠨ᠎ᠠ᠂ ᠭᠡᠪᠡᠴᠦ ᠡᠳᠦᠷ ᠪᠦᠷᠢ ᠬᠡᠲᠤ ᠠᠷᠪᠢᠨ ᠢᠳᠡᠵᠦ ᠪᠤᠯᠬᠤ ᠦᠭᠡᠢ᠂ ᠨᠢᠭᠡ ᠠᠴᠠ ᠬᠤᠶᠠᠷ ᠰᠢᠳᠦ ᠢᠳᠡᠪᠡᠯ ᠪᠤᠯᠴᠢᠬᠠᠨ᠎ᠠ᠃    ᠰᠤᠩᠭᠢᠨ᠎ᠠ ᠰᠠᠷᠢᠮᠰᠠᠭ ᠤᠨ ᠴᠡᠭᠡᠷ ᠬᠢᠭᠡᠳ ᠵᠠᠰᠠᠯ    ᠰᠤᠩᠬᠢᠨ᠎ᠡ ᠰᠠᠷᠢᠮᠰᠠᠭ ᠢ ᠭᠠᠯ ᠳᠤ ᠬᠢᠬᠦ ᠶᠢ ᠴᠡᠭᠡᠷᠯᠡᠨ᠎ᠡ᠃    ᠨᠢᠳᠦᠨ ᠤ ᠡᠪᠡᠳᠴᠢᠲᠡᠨ ᠰᠠᠷᠢᠮᠰᠠᠭ ᠢᠳᠡᠬᠦ ᠶᠢ ᠴᠡᠭᠡᠷᠯᠡᠨ᠎ᠡ᠃    ᠭᠠᠭᠴᠠ ᠲᠤᠯᠤᠭᠠᠶᠢᠲᠤ ᠰᠠᠷᠢᠮᠰᠠᠭ ᠤᠨ ᠰᠦᠮᠦᠰᠦ ᠶᠢ ᠬᠠᠮᠠᠷ ᠲᠠᠭᠠᠨ ᠳᠤᠰᠤᠭᠠᠪᠠᠯ ᠲᠤᠯᠤᠭᠠᠢ ᠡᠪᠡᠳᠬᠦ ᠶᠢ ᠵᠤᠭᠰᠤᠭᠠᠨ᠎ᠠ᠃    ᠰᠠᠷᠢᠮᠰᠠᠭ ᠢ ᠬᠡᠷᠴᠢᠭᠡᠳ ᠴᠠᠢ ᠪᠠᠷ ᠳᠠᠷᠤᠭᠤᠯᠵᠤ ᠤᠤᠭᠤᠪᠠᠯ ᠲᠤᠯᠤᠭᠠᠢ ᠡᠪᠡᠳᠬᠦ ᠶᠢ ᠨᠠᠮᠳᠠᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号