ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/3/22
     3 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ ᠬᠤᠷᠠᠯ ᠳᠤ ᠣᠷᠣᠯᠴᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠬᠢᠨᠠᠨ ᠪᠤᠳᠤᠬᠤ ᠤᠯᠤᠰ ᠲᠥᠷᠥ ᠶᠢᠨ ᠰᠢᠨᠵᠢ ᠴᠢᠨᠠᠷ ᠪᠣᠯᠤᠨ ᠤᠯᠤᠰ ᠲᠥᠷᠥ ᠶᠢᠨ ᠴᠢᠳᠠᠮᠵᠢ ᠶᠢ ᠴᠢᠩᠭᠠᠳᠬᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠲᠣᠭᠤᠷᠢᠨ ᠳᠤ ᠬᠦᠴᠦᠯᠡᠬᠦ ᠴᠡᠭ ᠢ ᠣᠨᠣᠪᠴᠢᠲᠠᠶ ᠣᠯᠵᠤ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠂ ᠬᠢᠨᠠᠨ ᠪᠤᠳᠤᠬᠤ ᠲᠦᠷᠢᠮ ᠢ ᠲᠡᠭᠦᠯᠳᠡᠷᠵᠢᠭᠦᠯᠵᠦ᠂ ᠬᠢᠨᠠᠨ ᠪᠣᠳᠣᠯᠳᠠ ᠪᠠᠷ ᠳᠠᠮᠵᠢᠨ ᠳᠣᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠵᠦ᠂ ︽ᠨᠢᠬᠡ ᠠᠵᠢᠯ ᠢ ᠬᠢᠨᠠᠨ ᠪᠣᠳᠣᠪᠠᠯ ᠨᠢᠭᠡ ᠬᠡᠰᠡᠭ ᠢ ᠳᠦᠷᠢᠮᠵᠢᠬᠦᠯᠬᠦ︾ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠵᠦ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠪᠠ᠃      ᠬᠤᠷᠠᠯ ᠠᠴᠠ᠂ ᠲᠡᠷᠢᠭᠦᠯᠡᠭᠴᠢ ᠸᠠᠩ ᠯᠢ ᠰᠢᠶᠠ ᠶᠢᠨ ᠠᠯᠠᠱᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠤᠢ ᠰᠢᠭᠤᠢ᠂ ᠨᠤᠲᠤᠭ ᠪᠡᠯᠴᠢᠭᠡᠷ ᠤᠨ ᠭᠠᠯ ᠤᠨ ᠠᠶᠤᠯ ᠵᠡᠷᠭᠡ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠴᠢᠩᠭ᠎ᠠ ᠰᠡᠷᠭᠡᠶᠢᠯᠡᠵᠦ᠂ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠲᠠᠪᠤᠨ ᠲᠦᠷᠦᠯ ᠤᠨ ᠠᠰᠠᠭᠤᠳᠠᠯ︾ ᠢ ᠴᠢᠩᠭ᠎ᠠ ᠰᠢᠢᠳᠪᠦᠷᠢᠯᠡᠬᠦ ᠶᠢ ᠴᠢᠩᠭ᠎ᠠ ᠠᠩᠬᠠᠷᠴᠤ᠂ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠮᠥᠨ ᠴᠢᠨᠠᠷ ᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ ᠶᠢ ᠬᠦᠴᠦᠯᠡᠨ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠰᠠᠶᠢᠲᠤᠷ ᠠᠰᠢᠭᠯᠠᠨ ᠠᠮᠢᠳᠤᠯᠢᠭ ᠬᠡᠷᠡᠭᠯᠡᠵᠦ᠂ ︽ᠪᠣᠳᠠᠰ ᠤᠨ ᠪᠤᠰᠤ ᠰᠣᠶᠣᠯ ᠤᠨ ᠥᠪ + ᠰᠣᠶᠣᠯ  ᠤᠨ ᠡᠭᠦᠳᠦᠯᠳᠡ︾ ᠠᠭᠤᠰᠤᠯᠴᠠᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ᠂ ᠠᠯᠠᠱᠠ ᠶᠢᠨ ᠲᠡᠤᠬᠡ ᠶᠢᠨ ᠥᠯᠢᠭᠡᠷ ᠢ ᠰᠠᠶᠢᠲᠤᠷ ᠶᠠᠷᠢᠵᠤ᠂ ᠨᠠᠩ ᠣᠯᠠᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠵᠤ᠂ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠ ᠵᠤᠭᠠᠴᠠᠭᠰᠠᠳ ᠪᠡᠶᠡᠴᠢᠯᠡᠨ ᠣᠶᠢᠯᠠᠭᠠᠬᠤ ᠶᠢ ᠪᠠᠶᠠᠯᠢᠭᠵᠢᠭᠤᠯᠵᠦ᠂ ᠨᠠᠩ ᠣᠯᠠᠨ ᠵᠤᠭᠠᠴᠠᠭᠰᠠᠳ ᠢ ᠲᠡᠳᠡᠨ ᠠᠪᠴᠢᠷᠠᠵᠤ ᠵᠢᠭᠤᠯᠴᠢᠯᠠᠯ ᠤᠨ ᠬᠡᠷᠡᠭᠯᠡᠭᠡ ᠬᠢᠯᠭᠡᠬᠦ ᠬᠡᠷᠡᠭᠲᠡᠶ᠃ ᠬᠤᠳᠠ ᠪᠠᠯᠭᠠᠰᠤᠨ ᠤ ᠲᠥᠯᠥᠪᠵᠢᠭᠦᠯᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠶᠡᠷᠦᠩᠬᠡᠶᠢᠯᠡᠭᠰᠡᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠠᠭᠤᠷᠢᠰᠢᠬᠤ ᠳᠤ ᠲᠣᠬᠢᠷᠠᠮᠵᠢᠲᠠᠢ ᠵᠤᠭᠠᠴᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠤᠳᠠ ᠪᠠᠯᠭᠠᠰᠤ ᠶᠢ ᠪᠠᠶᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠣᠷᠣᠯᠴᠠᠭᠰᠠᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠤ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠪᠣᠯᠭᠤᠭᠠᠨ ᠦᠵᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠳᠣᠣᠱᠯᠠᠭᠤᠯᠵᠦ᠂ ᠰᠢᠨ᠎ᠡ ᠶᠠᠰᠤ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠠᠭᠤᠯᠤᠭᠳᠠᠬᠤᠨ ᠴᠢᠬᠤᠯᠠ ᠠᠭᠤᠯᠭ᠎ᠠ ᠶᠢ ᠭᠦᠨᠵᠡᠭᠡᠢ ᠲᠠᠨᠢᠵᠤ᠂ ᠤᠯᠠᠮᠵᠢᠯᠠᠯᠲᠤ ᠠᠵᠤ ᠦᠢᠯᠡᠰ ᠢ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠲᠣᠭᠤᠷᠢᠨ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠣᠯᠭᠤᠬᠤ ᠶᠢ ᠴᠢᠩᠭᠠᠳᠬᠠᠵᠤ᠂ ᠠᠵᠤ ᠦᠢᠯᠡᠰ ᠤᠨ ᠳᠡᠭᠡᠳᠦ ᠲᠡᠰ ᠳᠡᠰᠢ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢ ᠬᠦᠢᠴᠡᠳ ᠪᠠᠳᠠᠷᠠᠭᠤᠯᠵᠤ᠂ ᠪᠣᠳᠠᠲᠠᠶ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠲᠡᠭᠦᠨ ᠳᠤ ᠬᠠᠳᠠᠭᠠᠯᠠᠭᠳᠠᠵᠤ ᠪᠠᠶᠢᠭ᠎ᠠ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠭᠦᠨᠵᠡᠭᠡᠢ ᠰᠤᠳᠤᠯᠵᠤ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠦᠭᠵᠢᠬᠦᠯᠬᠦ ᠱᠠᠩᠨᠠᠬᠤ ᠠᠷᠭ᠎ᠠ ᠬᠡᠮᠵᠢᠶ᠎ᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠩ ᠪᠣᠳᠠᠲᠠᠢ ᠶᠢ ᠡᠷᠬᠢᠮᠯᠡᠭᠰᠡᠨ ᠬᠡᠷᠡᠭᠯᠡᠭᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠲᠥᠯᠥᠪᠵᠢᠭᠦᠯᠵᠦ᠂ ᠠᠵᠤ ᠠᠬᠤᠶᠢᠯᠠᠯ ᠤᠨ ᠲᠥᠬᠦᠭᠡᠷᠦᠮᠵᠢ ᠶᠢᠨ ᠰᠢᠨᠡᠴᠢᠯᠡᠯᠲᠡ ᠪᠠ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠬᠦ ᠶᠢ ᠠᠬᠢᠭᠤᠯᠵᠤ᠂ ᠤᠯᠠᠮᠵᠢᠯᠠᠯᠲᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠳᠦᠯᠦᠨ ᠵᠢᠯᠣᠭᠤᠳᠴᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠳᠣᠲᠣᠭᠠᠳᠤ ᠬᠡᠷᠡᠭᠴᠡᠭᠡ ᠶᠢ ᠴᠢᠨᠠᠭᠰᠢᠳᠠ ᠥᠷᠭᠡᠳᠬᠡᠵᠦ᠂  ᠪᠣᠷᠣᠯᠠᠭᠤᠯᠭ᠎ᠠ ᠬᠡᠷᠡᠭᠯᠡᠭᠡ ᠶᠢ ᠠᠬᠢᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠲᠣᠣᠷ ᠢ ᠰᠢᠯᠢᠳᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ︽ᠨᠠᠷᠢᠨ ᠵᠦᠢᠯ︾ ᠢ ᠦᠨᠡᠨ ᠬᠦ ᠨᠡᠪᠲᠡᠷᠡᠭᠦᠯᠬᠦ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠠᠴᠠ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠳᠤᠨ ᠭᠤᠣᠯ᠂ ᠬᠠᠷ᠎ᠠ ᠭᠤᠣᠯ ᠵᠡᠷᠭᠡ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠠᠤᠯᠢ ᠲᠣᠭᠲᠠᠭᠠᠯ ᠠᠴᠠ ᠵᠥᠷᠢᠴᠡᠨ ᠤᠰᠤ ᠠᠪᠬᠤ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠪᠦᠬᠦ ᠠᠶᠢᠮᠠᠭ ᠤᠨ ᠭᠤᠣᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠰᠤ ᠠᠷᠪᠢᠯᠠᠬᠤ ᠥᠭᠡᠷᠡᠴᠢᠯᠡᠯᠲᠡ᠂ ᠬᠤᠳᠠ ᠪᠠᠯᠭᠠᠰᠤᠨ ᠤ ᠤᠰᠤ ᠬᠠᠩᠭᠠᠬᠤ ᠬᠤᠭᠤᠯᠠᠢ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠠᠴᠠ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠨᠤᠭᠤ ᠭᠠᠵᠠᠷ ᠢ ᠱᠠᠳᠤ ᠬᠤᠪᠢᠶᠠᠨ ᠬᠠᠮᠢᠶᠠᠷᠬᠤ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠮᠦᠨ ᠤ ᠬᠦᠴᠦ ᠪᠠᠷ ᠣᠶᠢᠵᠢᠭᠤᠯᠬᠤ᠂ ᠨᠢᠰᠬᠡᠯ ᠢᠶᠠᠷ ᠲᠠᠷᠢᠵᠤ ᠣᠶᠢᠵᠢᠭᠤᠯᠬᠤ᠂ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ ᠵᠡᠷᠭᠡ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠮᠢᠶᠠᠷᠴᠤ ᠬᠠᠮᠠᠭᠠᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠤᠨ ᠰᠡᠳᠬᠢᠬᠦᠢ ᠶᠢ ᠴᠢᠩᠭᠠᠳᠬᠠᠵᠤ᠂ ᠴᠠᠭᠠᠨ ᠭᠤᠶᠣᠣ᠂ ᠤᠯᠠᠭᠠᠨ ᠭᠤᠶᠣᠣ ᠶᠢ ᠲᠠᠷᠢᠬᠤ ᠪᠠ ᠦᠢᠯᠡᠳᠪᠦᠷᠢᠯᠡᠬᠦ ᠪᠠᠷᠢᠮᠵᠢᠶ᠎ᠠ ᠶᠢ ᠱᠠᠯᠠᠪᠳᠠᠨ ᠲᠣᠭᠲᠠᠭᠠᠵᠤ᠂ ᠲᠠᠭᠠᠭᠤᠯᠤᠭᠴᠢ ᠶᠢ ᠲᠠᠲᠠᠬᠤ᠂ ᠬᠡᠯᠬᠢᠶ᠎ᠡ ᠶᠢ ᠨᠥᠬᠦᠪᠥᠷᠢᠯᠡᠬᠦ᠂ ᠲᠦᠷᠦᠯ ᠲᠡᠮᠳᠡᠭ ᠢ ᠪᠤᠢ ᠪᠣᠯᠭᠠᠬᠤ ᠠᠵᠢᠯ ᠢ ᠰᠠᠶᠢᠲᠤᠷ ᠬᠢᠵᠦ᠂ ᠤᠯᠤᠰ ᠤᠨ ᠴᠢᠬᠤᠯᠠ ᠠᠮᠢ ᠠᠬᠤᠢ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠳᠤ ᠪᠦᠬᠦ ᠠᠶᠢᠮᠠᠭ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠ ᠰᠢᠨ᠎ᠡ ᠡᠨᠧᠷᠭᠢ᠂ ᠬᠢᠯᠢ ᠶᠢ ᠰᠠᠬᠢᠨ ᠬᠠᠮᠠᠭᠠᠯᠠᠵᠤ ᠬᠢᠯᠢ ᠶᠢ ᠰᠠᠬᠢᠨ ᠬᠠᠮᠠᠭᠠᠯᠠᠬᠤ ᠶᠢ ᠨᠢᠭᠡ ᠴᠤᠬᠴᠠᠵᠢᠭᠤᠯᠬᠤ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂  ᠠᠯᠠᠱᠠ  ᠶᠢᠨ ᠡᠯᠡᠰᠦ  ᠶᠢ ᠵᠠᠰᠠᠵᠦ ᠡᠯᠡᠰᠦ ᠶᠢ ᠬᠤᠷᠢᠭᠯᠠᠬᠤ ᠶᠢᠨ ᠵᠠᠩᠭᠢᠯᠠᠭ᠎ᠠ ᠨᠢ ︽ᠬᠤᠷᠢᠭᠯᠠᠬᠤ︾ ᠳᠤ ᠪᠣᠢ᠃ ᠬᠠᠳᠤᠨ ᠭᠤᠣᠯ ᠤᠨ ︽ᠳᠣᠬᠤᠢ ᠶᠢᠨ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠾᠧᠰᠢ ᠶᠢᠨ ᠬᠤᠩᠬᠢᠯ — ᠳᠠᠺᠠᠯᠠᠮᠠ ᠡᠯᠡᠰᠦ ᠶᠢ ᠬᠤᠷᠢᠭᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠷᠠᠭᠤᠨ ᠬᠡᠰᠡᠭ ᠤᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠪᠣᠯᠤᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ ᠶᠢ ᠨᠢᠭᠡ ᠴᠤᠬᠴᠠᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠠᠶᠢᠲᠤᠷ ᠲᠥᠯᠥᠪᠵᠢᠭᠦᠯᠵᠦ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠶᠢ ᠢᠳᠡᠪᠬᠢᠲᠡᠢ ᠬᠡᠷᠡᠭᠵᠢᠭᠦᠯᠵᠦ᠂ ᠠᠶᠢᠮᠠᠭ ᠲᠤ ᠰᠠᠭᠤᠭ᠎ᠠ ᠠᠵᠤ ᠠᠬᠤᠶᠢᠯᠠᠯ ᠪᠣᠯᠤᠨ ᠺᠠᠳ᠋ᠷ ᠤᠯᠠᠨ ᠲᠦᠮᠡᠨ ᠤ ᠢᠳᠡᠪᠬᠢᠵᠢᠯ᠂ ᠣᠷᠣᠯᠴᠠᠬᠤ ᠰᠡᠳᠬᠢᠯᠭᠡ ᠶᠢ ᠭᠦᠢᠴᠡᠳ ᠲᠠᠶᠢᠴᠢᠯᠠᠵᠦ᠂ ᠪᠦᠬᠦ ᠠᠷᠠᠳ ᠢᠶᠠᠷ ᠢᠶᠠᠨ ᠣᠷᠣᠯᠴᠠᠬᠤ᠂ ᠬᠥᠮᠦᠨ ᠪᠦᠬᠦᠨ ᠬᠦᠴᠦᠨ ᠨᠡᠮᠡᠷᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠪᠠᠰᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠤᠰᠤᠳ ᠵᠦᠢᠯᠡᠰ ᠢ ᠰᠤᠳᠤᠯᠵᠠᠢ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号