ᠮᠠᠨ ᠤ ᠠᠶᠢᠮᠠᠭ 2024 ᠣᠨ ᠤ ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠵᠢᠴᠢ ᠨᠢᠭᠡᠳᠦᠭᠡᠷ ᠬᠤᠭᠤᠴᠠᠭᠠᠨ ᠤ ︽ᠠᠯᠠᠱᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ︾ ᠤᠨ ᠲᠤᠰᠬᠠᠶ ᠰᠡᠳᠦᠪᠲᠦ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2024/3/22
    3 ᠰᠠᠷ᠎ᠠ ᠶᠢᠨ 21 ᠤ ᠡᠳᠦᠷ᠂ ᠮᠠᠨ ᠤ ᠠᠶᠢᠮᠠᠭ 2024 ᠣᠨ ᠤ ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠵᠢᠴᠢ ᠨᠢᠭᠡᠳᠦᠭᠡᠷ ᠬᠤᠭᠤᠴᠠᠭᠠᠨ ᠤ ︽ᠠᠯᠠᠱᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ︾ ᠤᠨ ᠲᠤᠰᠬᠠᠶ ᠰᠡᠳᠦᠪᠲᠦ ᠲᠠᠶᠢᠯᠤᠮᠵᠢ ᠶᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠢ ᠳ᠋ᠦᠩ ᠵᠡᠷᠭᠡ ᠠᠶᠢᠮᠠᠭ ᠤᠨ ᠤᠳᠤᠷᠢᠳᠤᠯᠭ᠎ᠠ᠂ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠪᠦᠷᠢᠯᠳᠦᠬᠦᠨ ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠨᠠᠷ ᠰᠤᠷᠤᠯᠴᠠᠯᠭ᠎ᠠ ᠳᠤ ᠣᠷᠣᠯᠴᠠᠪᠠ᠃
    ᠲᠤᠰ ᠡᠳᠦᠷ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠠᠬᠤᠶ  ᠶᠢᠨ ᠰᠤᠳᠤᠯᠭᠠᠨ ᠤ ᠭᠠᠵᠠᠷ ᠤᠨ ᠤᠤᠯ ᠤᠨ ᠳᠠᠷᠤᠭ᠎ᠠ ᠢᠦᠶ ᠭᠤᠸᠠᠩ ᠵᠢᠶᠦ᠋ᠨ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠣᠶ᠎ᠠ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠪᠠ᠃ ᠢᠦᠶ ᠭᠤᠸᠠᠩ ᠵᠢᠶᠦ᠋ᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ᠂ ᠥᠪᠥᠷ ᠮᠣᠩᠭᠤᠯ ᠵᠢᠴᠢ ᠠᠯᠠᠱᠠ ᠠᠶᠢᠮᠠᠭ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠠᠷᠠᠯᠲᠠ ᠡᠭᠦᠷᠭᠡ ᠵᠡᠷᠭᠡ ᠲᠠᠯ᠎ᠠ ᠪᠠᠷ ᠭᠦᠨᠵᠡᠭᠡᠶ ᠰᠢᠰᠲ᠋ᠧᠮ ᠲᠠᠢ ᠲᠠᠶᠢᠯᠤᠮᠵᠢ ᠪᠠ ᠵᠢᠯᠣᠭᠤᠳᠣᠯᠭ᠎ᠠ ᠬᠢᠪᠠ᠃ ᠲᠠᠶᠢᠯᠤᠮᠵᠢ ᠶᠢᠨ ᠠᠭᠤᠯᠭ᠎ᠠ ᠨᠢ ᠪᠠᠶᠠᠯᠢᠭ ᠪᠣᠳᠠᠲᠠᠶ᠂ ᠬᠡᠷᠡᠭ ᠤᠨ ᠵᠢᠱᠢᠶ᠎ᠡ ᠠᠮᠢᠳᠤᠯᠢᠭ ᠪᠥᠭᠡᠳ  ᠭᠦᠨᠵᠡᠭᠡᠶ᠂ ᠮᠠᠰᠢ ᠴᠢᠩᠭ᠎ᠠ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠪᠠ ᠦᠢᠯᠡᠳᠦᠯᠭᠡᠲᠦ ᠴᠢᠨᠠᠷ ᠲᠠᠢ ᠪᠠᠶᠢᠵᠤ᠂ ᠢᠯᠠᠩᠭᠤᠶ᠎ᠠ ᠠᠯᠠᠱᠠ ᠠᠶᠢᠮᠠᠭ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠ ᠦᠢᠯᠡᠳᠦᠯᠭᠡ ᠶᠢᠨ ᠰᠡᠩᠬᠡᠷᠡᠭᠦᠯᠦᠯ ᠣᠯᠭᠤᠭᠰᠠᠨ ᠪᠠᠶᠢᠨ᠎ᠠ᠃    ᠲᠠᠶᠢᠯᠤᠮᠵᠢ ᠪᠠᠷ ᠳᠠᠮᠵᠢᠭᠤᠯᠣᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠪᠣᠳᠠᠲᠠᠢ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠠᠮᠵᠢᠵᠤ᠂ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠡᠵᠡᠯᠡᠬᠦ ᠪᠠᠷ ᠬᠦᠴᠦᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠯᠠᠷᠢᠭᠤᠯᠣᠨ ᠬᠡᠷᠡᠭᠯᠡᠬᠦ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠢ ᠪᠣᠯᠭᠠᠵᠦ᠂ ᠣᠳᠣᠬᠢᠴᠢᠯᠠᠭᠰᠠᠨ ᠠᠯᠠᠱᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠵᠠᠮ ᠢ ᠨᠡᠭᠡᠭᠡᠵᠦ᠂ ᠳᠤᠮᠳᠠ  ᠳᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠠᠯᠠᠱᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃    ᠲᠠᠶᠢᠯᠤᠮᠵᠢ ᠶᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠣᠷᠣᠨ ᠳᠤ ᠬᠤᠪᠢᠶᠠᠷᠢ ᠲᠠᠯᠠᠪᠠᠶ ᠲᠤᠬᠢᠷᠠᠭᠤᠯᠪᠠ᠃        
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号