ᠬᠤᠸᠠᠩ ᠶᠠ ᠯᠢ ᠰᠤᠪᠨᠠᠭᠤᠷ᠂ ᠲᠣᠣᠷᠠᠢ ᠶᠢᠨ ᠤᠢ ᠳᠤ ᠭᠦᠨᠵᠡᠭᠡᠶᠢᠷᠡᠨ ᠭᠤᠣᠯ ᠮᠦᠷᠡᠨ ᠤᠢ ᠰᠢᠭᠤᠢ ᠶᠢ ᠴᠠᠭᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/3/25
     ︽ᠳᠡᠯᠡᠬᠡᠶ ᠶᠢᠨ ᠤᠰᠤᠨ ᠤ ᠡᠳᠦᠷ︾ ᠪᠠ ︽ᠳᠤᠮᠳᠠᠳᠤ ᠤᠯᠤᠰ ᠤᠨ ᠤᠰᠤᠨ ᠤ ᠭᠠᠷᠠᠭ︾ ᠬᠦᠷᠴᠦ ᠢᠷᠡᠬᠦ ᠲᠠᠰᠢᠷᠠᠮ ᠢᠶᠠᠷ᠂ 3 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠡᠵᠡᠨ᠎ᠡ ᠬᠤᠰᠢᠭᠤᠨ ᠳᠤ ᠬᠦᠷᠴᠦ᠂ ᠰᠤᠪᠨᠠᠭᠤᠷ᠂ ᠪᠠᠶᠠᠠᠪᠣᠭᠳᠠ ᠤᠰᠤᠨ ᠠᠰᠢᠭᠯᠠᠯᠲᠠ ᠶᠢᠨ ᠳᠦᠪ ᠲᠤ ᠭᠦᠨᠵᠡᠭᠡᠶᠢᠷᠡᠨ ᠤᠰᠤᠨ ᠤ ᠠᠮᠢ ᠠᠬᠤᠶ ᠶᠢ ᠬᠠᠮᠠᠭᠠᠯᠠᠨ ᠵᠠᠰᠠᠭᠰᠠᠨ ᠪᠠ ᠬᠠᠷ᠎ᠠ ᠭᠤᠤᠯ ᠤᠨ ᠤᠰᠤᠨ ᠤ ᠡᠬᠢ ᠪᠠᠶᠠᠯᠢᠭ ᠢ ᠳᠣᠭᠢᠷᠠᠭᠤᠯᠤᠨ ᠠᠰᠢᠭᠯᠠᠭᠰᠠᠨ ᠪᠠᠶᠢᠳᠠᠯ ᠢ ᠪᠠᠶᠢᠴᠠᠭᠠᠨ ᠰᠤᠳᠤᠯᠵᠤ᠂ ᠲᠤᠤᠷᠠᠶ ᠶᠢᠨ ᠣᠶ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ ᠣᠶ ᠰᠢᠭᠤᠶ ᠨᠤᠲᠤᠭ ᠪᠡᠯᠴᠢᠭᠡᠷ  ᠤᠨ ᠳᠦᠢᠮᠡᠷ  ᠢ ᠰᠡᠷᠭᠡᠶᠢᠯᠡᠬᠦ  ᠪᠠ ᠡᠪᠡᠳᠴᠢᠨ ᠬᠤᠷᠣᠬᠠᠶ  ᠶᠢᠨ ᠬᠥᠨᠥᠭᠡᠯ  ᠢ ᠰᠡᠷᠭᠡᠶᠢᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃      ᠰᠤᠪᠨᠠᠭᠤᠷ ᠪᠠ ᠪᠠᠶᠠᠠᠪᠣᠭᠳᠠ ᠤᠰᠤᠨ ᠠᠰᠢᠭᠯᠠᠯᠲᠠ ᠶᠢᠨ ᠳᠦᠪ ᠲᠤ᠂ ᠬᠤᠸᠠᠩ ᠶᠠ ᠯᠢ ᠤᠰᠤᠨ ᠤ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠬᠤ᠂ ᠬᠠᠷ᠎ᠠ ᠭᠤᠤᠯ ᠤᠨ ᠤᠰᠤ ᠢᠷᠡᠭᠰᠡᠨ ᠬᠡᠮᠵᠢᠶ᠎ᠡ ᠵᠢᠴᠢ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠠᠰᠢᠭᠯᠠᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠠᠯᠠᠱᠠ ᠶᠢᠨ ᠤᠰᠤᠨ ᠤ ᠡᠬᠢ ᠪᠠᠶᠠᠯᠢᠭ ᠳᠤᠲᠠᠭᠳᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ ᠴᠥᠮ ᠤᠰᠤᠨ ᠠᠴᠠ ᠰᠠᠯᠵᠤ ᠴᠢᠳᠠᠬᠤ ᠦᠭᠡᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠤᠰᠤᠨ ᠤ ᠡᠬᠢ ᠪᠠᠶᠠᠯᠢᠭ ᠢ ᠲᠡᠮᠡᠴᠡᠨ ᠣᠯᠵᠤ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠴᠤ᠂ ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠰᠠᠶᠢᠲᠤᠷ ᠬᠡᠷᠡᠭᠯᠡᠬᠦ ᠬᠡᠷᠡᠭᠲᠡᠢ᠃ ᠭᠤᠣᠯ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠤ ᠪᠣᠬᠢᠷᠲᠤᠯ ᠢ ᠵᠠᠰᠠᠬᠤ᠂ ᠤᠰᠤᠨ ᠤ ᠠᠮᠢ ᠠᠬᠤᠢ ᠶᠢ ᠬᠠᠮᠠᠭᠠᠯᠠᠬᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢ ᠠᠬᠤᠢ ᠶᠢᠨ ᠤᠰᠤ ᠬᠡᠷᠡᠭᠯᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠬᠠᠷ᠎ᠠ ᠭᠤᠣᠯ ᠤᠨ ᠰᠠᠪᠠ ᠭᠠᠵᠠᠷ ᠵᠢᠴᠢ ᠰᠤᠪᠨᠠᠭᠤᠷ ᠤᠨ ᠤᠰᠤᠨ ᠤ ᠠᠮᠢ ᠠᠬᠤᠢ ᠶᠢᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠪᠡ᠃
    ᠲᠣᠣᠷᠠᠢ ᠶᠢᠨ ᠤᠢ ᠶᠢᠨ ᠬᠠᠮᠠᠭᠠᠯᠠᠯᠲᠠ ᠶᠢᠨ ᠣᠷᠣᠨ ᠳᠤ᠂ ᠬᠤᠸᠠᠩ ᠶᠠ ᠯᠢ ᠤᠢ ᠰᠢᠭᠤᠢ ᠶᠢᠨ ᠳᠦᠢᠮᠡᠷ ᠢ ᠰᠡᠷᠭᠡᠶᠢᠯᠡᠬᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠢᠴᠢ ᠡᠳᠦᠷ ᠳᠤᠳᠤᠮ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠡᠵᠡᠨ᠎ᠡ ᠶᠢᠨ ᠲᠤᠤᠷᠠᠶ ᠶᠢᠨ ᠣᠶ ᠪᠣᠯ ᠳᠡᠯᠡᠬᠡᠶ ᠶᠢᠨ ᠦᠯᠡᠳᠡᠵᠦ ᠪᠠᠶᠢᠭ᠎ᠠ ᠭᠤᠷᠪᠠᠨ ᠶᠡᠭᠡ ᠪᠠᠯᠠᠷ ᠳᠣᠣᠷᠠᠢ ᠶᠢᠨ ᠤᠢ ᠶᠢᠨ ᠨᠢᠭᠡ ᠮᠥᠨ᠂ ᠡᠷᠬᠢᠮ ᠨᠠᠨᠳᠢᠨ ᠪᠠᠶᠢᠭᠠᠯᠢ ᠶᠢᠨ ᠡᠬᠢ ᠪᠠᠶᠠᠯᠢᠭ ᠮᠥᠨ᠃ ᠣᠶᠢᠲᠤ ᠣᠷᠣᠨ ᠤ ᠣᠶ ᠮᠣᠳᠣ ᠶᠢ ᠰᠠᠶᠢᠲᠤᠷ ᠬᠠᠮᠠᠭᠠᠯᠠᠵᠤ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠶᠢ ᠨᠢᠭᠡᠳᠦᠯᠲᠡᠶ ᠲᠥᠯᠥᠪᠵᠢᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠴᠢᠩᠭ᠎ᠠ ᠰᠡᠷᠭᠡᠶᠢᠯᠡᠨ᠂ ᠣᠶ ᠮᠣᠳᠣᠨ ᠤ ᠡᠪᠡᠳᠴᠢᠨ ᠬᠤᠷᠣᠬᠠᠶ ᠶᠢᠨ ᠬᠥᠨᠥᠭᠡᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠵᠡᠨ᠎ᠡ ᠶᠢᠨ ᠲᠤᠤᠷᠠᠶ ᠶᠢᠨ ᠣᠶ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ ᠭᠡᠪᠡ᠃
    ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号