1.65 ᠲᠦᠮᠡᠨ ᠮᠦ ᠨᠡᠮᠡᠭᠳᠡᠵᠦ᠂ ᠠᠯᠠᠱᠠ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢᠶᠠᠨ ᠪᠠᠴᠢᠮ ᠶᠠᠭᠠᠷᠠᠯᠳᠠᠢ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/3/26
    ᠡᠨᠡ ᠵᠢᠯ ᠠᠯᠠᠱᠠ ᠠᠶᠢᠮᠠᠭ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠶᠠᠮᠠᠷ ᠪᠠᠶᠢᠨ᠎ᠠ︖ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠵᠦ ᠰᠢᠯᠵᠢᠭᠦᠯᠦᠨ ᠲᠡᠭᠡᠭᠡᠪᠦᠷᠢᠯᠡᠬᠦ ᠪᠠ ᠲᠠᠷᠢᠶᠠᠯᠠᠩ ᠮᠠᠯ ᠠᠵᠤ ᠠᠬᠤᠢ ᠶᠢᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠠᠯ᠎ᠠ ᠶᠢᠨ ᠠᠵᠢᠯ ᠤᠨ ᠠᠬᠢᠴᠠ ᠶᠠᠮᠠᠷ ᠵᠡᠷᠭᠡ ᠪᠤᠢ︖ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠭᠡᠰᠢᠬᠦᠨ᠂ ᠳᠡᠳ᠋ ᠳᠠᠷᠤᠭ᠎ᠠ ᠯᠢ ᠰᠢ ᠷᠦᠩ ᠡᠨᠡ ᠳᠣᠬᠠᠢ ᠰᠣᠷᠪᠣᠯᠵᠢᠯᠠᠭ᠎ᠠ ᠬᠦᠯᠢᠶᠡᠪᠡ᠃     ᠰᠣᠷᠪᠣᠯᠵᠢᠯᠠᠭᠴᠢ᠄ ᠡᠨᠡ ᠵᠢᠯ ᠠᠯᠠᠱᠠ ᠠᠶᠢᠮᠠᠭ  ᠤᠨ ᠬᠠᠪᠤᠷ ᠎ ᠤᠨ ᠲᠠᠷᠢᠶᠠᠯᠠᠭ᠎ᠠ ᠎ ᠶᠢᠨ ᠪᠡᠯᠡᠳᠬᠡᠯ ᠶᠠᠮᠠᠷ ᠪᠠᠶᠢᠨ᠎ᠠ︖     ᠯᠢ ᠰᠢ ᠷᠦᠩ᠄ ᠡᠨᠡ ᠵᠢᠯ᠂ ᠪᠦᠬᠦ ᠠᠶᠢᠮᠠᠭ ᠤᠨ ᠲᠠᠷᠢᠬᠤ ᠲᠠᠯᠠᠪᠠᠢ 53 ᠲᠦᠮᠡᠨ ᠮᠦ ᠤᠷᠴᠢᠮ ᠪᠠᠶᠢᠨ᠎ᠠ᠂ ᠡᠬᠦᠨ ᠳᠤ᠄ ᠡᠷᠳᠡᠨᠢ ᠰᠢᠰᠢ ︵ᠬᠦᠬᠡ ᠪᠤᠷᠳᠤᠭ᠎ᠠ ᠪᠠᠭᠳᠠᠨ᠎ᠠ︶ 32.4 ᠲᠦᠮᠡᠨ ᠮᠤ᠋᠂ ᠪᠤᠭᠤᠳᠠᠢ 0.74 ᠲᠦᠮᠡᠨ ᠮᠤ᠋᠂ ᠭᠤᠸᠠ ᠶᠢᠨ ᠲᠦᠷᠦᠯ 6.69 ᠲᠦᠮᠡᠨ ᠮᠤ᠋᠂ ᠢᠳᠡᠰᠢᠨ ᠨᠤᠭᠤᠭ᠎ᠠ 2.27 ᠲᠦᠮᠡᠨ ᠮᠤ᠋᠂ ᠴᠠᠷᠭᠠᠰᠤ 1.45 ᠲᠦᠮᠡᠨ ᠮᠤ᠋᠂ ᠬᠢᠳᠠᠳ ᠡᠮ ᠤᠨ ᠳᠠᠷᠢᠮᠠᠯ 1.02 ᠳᠦᠮᠡᠨ ᠮᠣ᠋᠂ ᠬᠤᠯᠣ 0.7 ᠲᠦᠮᠡᠨ ᠮᠤ᠋᠂ ᠨᠠᠷᠢᠮᠤ 0.14 ᠲᠦᠮᠡᠨ ᠮᠤ᠋᠂ ᠰᠢᠰᠢ 0.05 ᠲᠦᠮᠡᠨ ᠮᠤ᠋᠂  ᠪᠣᠷᠴᠠᠭ 0.2 ᠳᠦᠮᠡᠨ ᠮᠣ᠋᠂ ᠬᠦᠪᠦᠩ 0.03 ᠲᠦᠮᠡᠨ ᠮᠤ᠋᠂ ᠬᠡᠮᠬᠡ 0.05 ᠳᠦᠮᠡᠨ ᠮᠣ᠋᠂ ᠪᠧᠢ ᠪᠧᠢ ᠯᠠᠩᠭᠤᠸᠠ 0.1 ᠲᠦᠮᠡᠨ ᠮᠤ᠋᠂ ᠨᠠᠷᠠᠨ ᠬᠤᠸᠠᠷ ᠬᠤᠯᠣ ᠶᠢ ᠬᠤᠯᠢᠯᠳᠣᠭᠤᠯᠣᠨ ᠳᠠᠷᠢᠭᠰᠠᠨ ᠳᠠᠯᠠᠪᠠᠢ 0.2 ᠲᠦᠮᠡᠨ ᠮᠤ᠋᠂ ᠨᠠᠷᠠᠨ ᠬᠤᠸᠠᠷ ᠳᠣᠮᠣ ᠪᠣᠷᠴᠠᠭ ᠢ ᠬᠤᠯᠢᠯᠳᠣᠭᠤᠯᠣᠨ ᠳᠠᠷᠢᠭᠰᠠᠨ ᠳᠠᠯᠠᠪᠠᠢ 0.2 ᠲᠦᠮᠡᠨ ᠮᠤ᠋ ᠪᠣᠯᠣᠨ᠎ᠠ᠃    ᠡᠨᠡ ᠵᠢᠯ ᠠᠴᠠ ᠡᠬᠢᠯᠡᠨ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠎ ᠤ ᠲᠣᠪᠴᠢᠶ᠎ᠠ ᠬᠤᠶᠠᠷ ᠵᠢᠯ ᠤᠨ ᠬᠤᠭᠤᠴᠠᠭ᠎ᠠ ᠶᠢ ᠠᠰᠢᠭᠯᠠᠨ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 43 ᠲᠦᠮᠡᠨ ᠮᠥ ᠠᠮᠤ ᠪᠤᠳᠠᠭ᠎ᠠ᠂ ᠲᠣᠰᠣᠯᠢᠭ ᠲᠠᠷᠢᠮᠠᠯ᠂ ᠢᠳᠡᠰᠢᠨ ᠨᠣᠭᠤᠭ᠎ᠠ ᠪᠠ ᠲᠡᠵᠢᠭᠡᠯ ᠡᠪᠡᠰᠦ ᠪᠣᠷᠳᠤᠭ᠎ᠠ ᠦᠢᠯᠡᠳᠪᠦᠷᠢᠯᠡᠬᠦ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠡᠩ ᠤᠨ ᠲᠠᠷᠢᠶᠠᠨ ᠭᠠᠵᠠᠷ ᠪᠠ ᠡᠪᠡᠰᠦ ᠪᠣᠷᠳᠣᠭᠠᠨ ᠤ ᠭᠠᠵᠠᠷ ᠢ ᠡᠩ ᠲᠡᠷᠢᠭᠦᠨ ᠳᠤ ᠠᠰᠢᠭᠯᠠᠵᠤ᠂ ᠤᠰᠤ ᠠᠷᠪᠢᠯᠠᠬᠤ ᠥᠨᠳᠥᠷ ᠦᠷ᠎ᠡ ᠠᠰᠢᠭᠲᠤ ᠲᠠᠷᠢᠮᠠᠯ ᠳᠠᠷᠢᠬᠤ ᠶᠢ ᠢᠳᠡᠪᠬᠢᠲᠡᠶ ᠠᠬᠢᠭᠤᠯᠵᠤ᠂ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠲᠠᠯᠠᠪᠠᠶ ᠶᠢ ᠠᠯᠬᠤᠮ ᠠᠯᠬᠤᠮ ᠢᠶᠠᠷ ᠪᠠᠭᠠᠰᠬᠠᠵᠤ᠂ ᠠᠮᠤ ᠪᠤᠳᠠᠭ᠎ᠠ ᠠᠵᠤ ᠠᠬᠤᠶ ᠶᠢᠨ ᠡᠪᠡᠰᠦᠨ ᠤ ᠲᠠᠷᠢᠮᠠᠯ ᠤᠨ ᠪᠦᠲᠦᠴᠡ ᠶᠢᠨ ᠬᠠᠷᠢᠴᠠᠯ ᠢ ᠳᠣᠭᠢᠷᠠᠭᠤᠯᠤᠨ ᠰᠢᠯᠢᠳᠡᠭᠵᠢᠭᠦᠯᠬᠦ ᠪᠠᠷ ᠲᠥᠯᠥᠪᠯᠡᠵᠦ ᠪᠣᠶ᠃    ᠪᠥᠬᠦ ᠠᠶᠢᠮᠠᠭ ᠤᠨ ᠬᠢᠨ ᠤᠰᠤ ᠠᠷᠪᠢᠯᠠᠬᠤ ᠲᠠᠷᠢᠶᠠᠯᠠᠩ ᠤᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠤᠰᠤ ᠠᠷᠪᠢᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠪᠠ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠᠷ ᠳᠠᠮᠵᠢᠭᠤᠯᠤᠨ᠂ 100 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠵᠦ᠂ ᠠᠷᠪᠢᠯᠠᠭᠰᠠᠨ ᠤᠰᠤᠨ ᠤ ᠬᠦᠢᠴᠡᠳᠬᠡᠯ ᠲᠤᠭ᠎ᠠ ᠶᠢ ᠠᠲᠠᠷᠰᠢᠭᠰᠠᠨ ᠲᠠᠷᠢᠶᠠᠨ ᠭᠠᠵᠠᠷ ᠲᠤ ᠣᠷᠢᠳᠡᠪᠡᠷ ᠬᠡᠷᠡᠭᠯᠡᠵᠦ᠂ ᠵᠢᠱᠢᠯᠲᠡ ᠪᠠᠷ ᠲᠠᠷᠢᠭᠰᠠᠨ ᠲᠠᠯᠠᠪᠠᠶ ᠨᠢ 2023 ᠣᠨ ᠤ ᠬᠢ ᠠᠴᠠ 1.65 ᠲᠦᠮᠡᠨ ᠮᠥ ᠨᠡᠮᠡᠭᠳᠡᠬᠦ ᠪᠣᠯᠤᠨ᠎ᠠ᠃    ᠰᠣᠷᠪᠣᠯᠵᠢᠯᠠᠭᠴᠢ᠄ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠵᠦ ᠰᠢᠯᠵᠢᠭᠦᠯᠦᠨ ᠲᠡᠭᠡᠭᠡᠪᠦᠷᠢᠯᠡᠬᠦ ᠪᠠ ᠲᠠᠷᠢᠶᠠᠯᠠᠩ ᠮᠠᠯ ᠠᠵᠤ ᠠᠬᠤᠢ ᠶᠢᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠠᠯ᠎ᠠ ᠪᠠᠷ ᠶᠠᠮᠠᠷ ᠠᠬᠢᠴᠠ ᠪᠠᠶᠢᠬᠤ ᠪᠤᠢ︖    ᠯᠢ ᠰᠢ ᠷᠦᠩ᠄ ᠬᠢᠮᠢ ᠶᠢᠨ ᠪᠣᠷᠳᠣᠭᠤᠷ ᠤᠨ ᠲᠠᠯ᠎ᠠ ᠪᠠᠷ᠂ ᠵᠢᠱᠢᠯᠲᠡ ᠪᠠᠷ ᠪᠦᠬᠦ ᠵᠢᠯ ᠳᠤ ᠬᠢᠮᠢ ᠶᠢᠨ ᠪᠤᠷᠳᠤᠭᠤᠷ ᠤᠨ ᠶᠡᠷᠦᠩᠬᠡᠶ ᠬᠡᠷᠡᠭᠰᠡᠬᠦ ᠬᠡᠮᠵᠢᠶ᠎ᠡ 1.89 ᠲᠦᠮᠡᠨ ᠲᠣᠨ ᠳᠤ ᠬᠦᠷᠴᠦ᠂ ᠨᠢᠭᠡᠨᠲᠡ 0.52 ᠲᠦᠮᠡᠨ ᠲᠣᠨ ᠬᠡᠷᠡᠭᠯᠡᠪᠡ᠃ ᠹᠤᠰᠹᠤᠷ ᠬᠦᠴᠢᠯ ᠤᠨ ᠬᠤᠶᠠᠷᠴᠢ ᠠᠮᠢᠨ᠂ ᠰᠢᠭᠡᠰᠦᠯᠢᠭ ᠡᠳ᠋᠂ ᠺᠠᠯᠢ ᠪᠤᠷᠲᠤᠭᠤᠷ ᠤᠨ ᠦᠨ᠎ᠡ ᠴᠥᠮ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠣᠬᠢᠬᠤ ᠬᠡᠮᠵᠢᠶ᠎ᠡ ᠪᠠᠷ ᠪᠠᠭᠤᠷᠠᠪᠠ᠃    ᠲᠠᠷᠢᠶᠠᠨ ᠡᠮ ᠤᠨ ᠲᠠᠯ᠎ᠠ ᠪᠠᠷ᠂ ᠵᠢᠱᠢᠯᠲᠡ ᠪᠠᠷ ᠪᠦᠬᠦ ᠵᠢᠯ ᠤᠨ ᠶᠡᠷᠦᠩᠬᠡᠶ ᠬᠡᠷᠡᠭᠴᠡᠭᠡᠨ ᠤ ᠬᠡᠮᠵᠢᠶ᠎ᠡ 160 ᠲᠣᠨ ᠳᠤ ᠬᠦᠷᠴᠦ᠂ ᠨᠢᠭᠡᠨᠲᠡ 23 ᠲᠣᠨ ᠬᠡᠷᠡᠭᠯᠡᠵᠦ᠂ ᠦᠨ᠎ᠡ ᠨᠢ ᠺᠢᠯᠣᠭ᠍ᠷᠠᠮ ᠪᠦᠷᠢ ᠳᠤ 12 ᠲᠥᠭᠦᠷᠢᠭ ᠪᠠᠭᠤᠷᠠᠪᠠ᠃    ᠰᠦᠯᠢᠶᠤᠤ ᠪᠦᠷᠬᠦᠪᠴᠢ ᠶᠢᠨ ᠲᠠᠯ᠎ᠠ ᠪᠠᠷ᠂ ᠵᠢᠱᠢᠯᠲᠡ ᠪᠠᠷ ᠪᠥᠬᠦ ᠵᠢᠯ ᠤᠨ ᠶᠡᠷᠦᠩᠬᠡᠢ ᠬᠡᠷᠡᠭᠴᠡᠭᠡᠨ ᠤ ᠬᠡᠮᠵᠢᠶ᠎ᠡ 635 ᠲᠣᠨ ᠪᠠᠶᠢᠵᠤ᠂ ᠨᠢᠭᠡᠨᠲᠡ 315 ᠲᠣᠨ ᠭᠡᠷᠡᠭᠯᠡᠵᠦ᠂ ᠡᠩ ᠤᠨ ᠤᠯᠤᠰ ᠤᠨ ᠪᠠᠷᠢᠮᠵᠢᠶᠠᠲᠤ ᠰᠦᠯᠢᠶᠥᠦ ᠪᠦᠷᠭᠦᠪᠴᠢ ᠶᠢᠨ ᠬᠤᠳᠠᠯᠳᠤᠬᠤ ᠦᠨ᠎ᠡ ᠲᠣᠨ ᠪᠦᠷᠢ ᠳᠡᠭᠡᠨ 9600 ᠲᠥᠭᠦᠷᠢᠭ ᠬᠦᠷᠴᠦ᠂  ᠵᠣᠵᠠᠭᠠᠨ ᠰᠦᠯᠢᠶᠥᠦ ᠪᠦᠷᠭᠦᠪᠴᠢ ᠶᠢᠨ ᠬᠤᠳᠠᠯᠳᠤᠬᠤ ᠦᠨ᠎ᠡ ᠨᠢ ᠲᠣᠨ ᠪᠦᠷᠢ ᠳᠡᠭᠡᠨ 11300 ᠲᠥᠭᠦᠷᠢᠭ ᠪᠠᠶᠢᠵᠦ᠂ ᠰᠦᠯᠢᠶᠥᠦ ᠪᠦᠷᠭᠦᠪᠴᠢ ᠶᠢᠨ ᠦᠨ᠎ᠡ ᠲᠣᠨ ᠪᠦᠷᠢ ᠳᠡᠭᠡᠨ 50 ᠲᠥᠭᠦᠷᠢᠭ ᠥᠰᠪᠡ᠃    ᠦᠷ᠎ᠡ ᠶᠢᠨ ᠲᠠᠯ᠎ᠠ ᠪᠠᠷ᠂ ᠡᠷᠯᠢᠰᠡᠵᠢᠭᠦᠯᠦᠭᠰᠡᠨ ᠡᠷᠳᠡᠨᠢ ᠰᠢᠰᠢ ᠶᠢᠨ ᠦᠷ᠎ᠡ ᠶᠢᠨ ᠶᠡᠷᠦᠩᠬᠡᠢ ᠬᠡᠷᠡᠭᠴᠡᠭᠡᠨ ᠤ ᠬᠡᠮᠵᠢᠶ᠎ᠡ 996 ᠲᠣᠨ ᠪᠠᠶᠢᠵᠤ᠂ ᠨᠢᠭᠡᠨᠲᠡ 177 ᠲᠣᠨ ᠬᠡᠷᠡᠭᠯᠡᠵᠦ᠂ ᠦᠨ᠎ᠡ ᠨᠢ ᠺᠢᠯᠣᠭ᠍ᠷᠠᠮ ᠪᠦᠷᠢ ᠳᠡᠭᠡᠨ 36 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠺᠢᠯᠣᠭ᠍ᠷᠠᠮ ᠪᠦᠷᠢ ᠳᠤ 4 ᠲᠥᠭᠦᠷᠢᠭ ᠥᠰᠪᠡ︔ ᠪᠤᠭᠤᠳᠠᠢ ᠶᠢᠨ ᠦᠷ᠎ᠡ ᠶᠢᠨ ᠶᠡᠷᠦᠩᠬᠡᠢ ᠬᠡᠷᠡᠭᠰᠡᠬᠦ ᠬᠡᠮᠵᠢᠶ᠎ᠡ 150 ᠲᠣᠨ ᠪᠠᠶᠢᠵᠤ᠂ ᠨᠢᠭᠡᠨᠲᠡ 10 ᠲᠣᠨ ᠭᠡᠷᠡᠭᠯᠡᠵᠦ ᠂ ᠦᠨ᠎ᠡ ᠨᠢ ᠺᠢᠯᠣᠭ᠍ᠷᠠᠮ ᠪᠦᠷᠢ ᠳᠡᠭᠡᠨ 4.8 ᠲᠥᠭᠦᠷᠢᠭ ᠪᠠᠶᠢᠵᠤ᠂ ᠲᠦᠷᠦᠭᠦᠸ ᠵᠢᠯ ᠤᠨ ᠬᠢ ᠲᠠᠢ ᠬᠠᠷᠢᠴᠠᠭᠤᠯᠪᠠᠯ ᠳᠡᠮᠡᠢ ᠶᠡᠭᠡ ᠬᠤᠪᠢᠷᠠᠯᠲᠠ ᠦᠭᠡᠢ︔ ᠨᠡᠷᠡᠨ ᠬᠤᠸᠠᠷ ᠤᠨ ᠦᠷ᠎ᠡ ᠶᠢᠨ ᠬᠡᠷᠡᠭᠰᠡᠬᠦ ᠬᠡᠮᠵᠢᠶ᠎ᠡ 128 ᠲᠣᠨ ᠪᠠᠶᠢᠵᠤ᠂ ᠨᠢᠭᠡᠨᠲᠡ 4 ᠲᠣᠨ ᠭᠡᠷᠡᠭᠯᠡᠵᠦ᠂ ᠦᠨ᠎ᠡ ᠨᠢ ᠺᠢᠯᠣᠭ᠍ᠷᠠᠮ ᠪᠦᠷᠢ ᠳᠡᠭᠡᠨ 400 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠺᠢᠯᠣᠭ᠍ᠷᠠᠮ ᠪᠦᠷᠢ ᠳᠤ 37 ᠲᠥᠭᠦᠷᠢᠭ ᠥᠰᠪᠡ᠃ ᠣᠳᠣᠬᠠᠨ ᠳᠤ ᠡᠯ᠎ᠡ ᠵᠦᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠢᠯᠵᠢᠭᠦᠯᠦᠨ ᠳᠡᠭᠡᠭᠡᠪᠦᠷᠢᠯᠡᠵᠦ ᠪᠠᠶᠢᠭ᠎ᠠ ᠪᠣᠯᠬᠤᠷ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠵᠤ ᠴᠢᠳᠠᠨ᠎ᠠ ᠭᠡᠵᠦ ᠵᠢᠱᠢᠵᠦ ᠪᠠᠶᠢᠨ᠎ᠠ᠃    ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠠᠯ᠎ᠠ ᠪᠠᠷ᠂ ᠪᠥᠬᠦ ᠠᠶᠢᠮᠠᠭ ᠤᠨ ᠡᠯ᠎ᠡ ᠱᠠᠲᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠷᠢᠶᠠᠯᠠᠩ ᠢ ᠳᠡᠮᠵᠢᠬᠦ ᠵᠢᠭᠡᠯᠡᠯᠭᠡ ᠶᠢᠨ ᠪᠠᠯᠠ ᠮᠥᠩᠭᠦ ᠶᠢ ᠨᠢᠭᠡᠨᠲᠡ 20 ᠳ᠋ᠦᠩᠰᠢᠭᠤᠷ ᠲᠥᠭᠦᠷᠢᠭ ᠨᠥᠭᠡᠴᠡᠯᠡᠵᠦ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠵᠢᠱᠢᠯᠲᠡ ᠪᠠᠷ ᠪᠥᠬᠦ ᠠᠶᠢᠮᠠᠭ ᠤᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ 5 ᠳ᠋ᠦᠩᠰᠢᠭᠤᠷ ᠲᠥᠭᠦᠷᠢᠭ ᠣᠷᠴᠢᠮ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠦᠷᠢᠮᠦᠰᠦᠨ ᠬᠠᠩᠭᠠᠵᠤ ᠴᠢᠳᠠᠨ᠎ᠠ᠃    ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠲᠠᠯ᠎ᠠ ᠪᠠᠷ᠂ ᠪᠥᠬᠦ ᠠᠶᠢᠮᠠᠭ ᠲᠤ ᠨᠢᠭᠡᠨᠲᠡ 6 ᠳᠠᠭᠠᠳᠬᠠᠯ ᠤᠨ ᠺᠣᠮᠫᠠᠨᠢ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠠᠵᠢᠯ ᠢ ᠥᠷᠨᠢᠭᠦᠯᠵᠦ᠂ ᠭᠤᠤᠯ ᠪᠣᠯᠬᠤ ᠲᠠᠷᠢᠮᠠᠯ ᠡᠷᠳᠡᠨᠢ ᠰᠢᠰᠢ᠂ ᠪᠣᠭᠤᠳᠠᠶ᠂ ᠨᠡᠷᠡᠨ ᠬᠤᠸᠠᠷ᠂ ᠲᠥᠮᠥᠰᠥ ᠵᠢᠴᠢ ᠬᠦᠯᠡᠮᠵᠢ ᠶᠢᠨ ᠲᠠᠷᠢᠮᠠᠯ ᠢ ᠴᠥᠮ ᠳᠠᠭᠠᠳᠬᠠᠯ ᠤᠨ ᠬᠡᠪᠴᠢᠶᠡᠨ ᠳᠤ ᠣᠷᠣᠭᠤᠯᠵᠤ᠂ ᠵᠢᠱᠢᠯᠲᠡ ᠪᠠᠷ 27 ᠲᠦᠮᠡᠨ ᠮᠥ ᠶᠢ ᠳᠠᠭᠠᠳᠬᠠᠯ ᠳᠤ ᠣᠷᠣᠭᠤᠯᠣᠨ᠎ᠠ᠃      
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号