ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ | ︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ | ᠬᠥᠲᠥᠯᠪᠦᠷᠢ ︵2021 — 2035 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ | ᠪᠠᠶᠢᠭᠤᠯᠬᠤ ᠬᠥᠲᠥᠯᠪᠦᠷᠢ ︵2021 — 2035 ᠣᠨ︶ ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ | ᠬᠡᠷᠡᠭᠵᠢᠭᠦᠯᠬᠦ ᠲᠥᠰᠦᠯ︾ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ ᠪᠠ | ᠬᠠᠮᠢᠶᠠᠷᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠳᠤᠮᠳᠠᠬᠢ ᠲᠤᠯᠭᠠᠭᠤᠷᠢᠯᠠᠬᠤ ᠪᠠ | ᠬᠥᠲᠥᠯᠦᠨ ᠳᠠᠭᠠᠭᠤᠯᠬᠤ ᠦᠢᠯᠡᠳᠦᠯ ᠢ ᠲᠦᠷᠭᠡᠳᠬᠡᠬᠦ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠦᠢᠯᠡᠴᠢᠯᠡᠬᠦ ᠪᠠ ᠠᠭᠤᠰᠤᠯᠴᠠᠵᠤ᠂ ᠮᠠᠨ ᠤ ᠠᠶᠢᠮᠠᠭ ᠤᠨ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ | ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ | ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠪᠦᠬᠦ ᠬᠡᠯᠬᠢᠶ᠎ᠡ ᠶᠢ ᠨᠡᠪᠲᠡᠷᠡᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ | ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠠᠶᠢᠮᠠᠭ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ | ᠪᠡᠶᠡᠯᠡᠭᠦᠯᠦᠨ᠎ᠡ᠃ | ᠬᠤᠶᠠᠷ᠂ ᠬᠥᠭᠵᠢᠯᠲᠡ ᠶᠢᠨ ᠬᠠᠷᠠᠯᠲᠠ | 2025 ᠣᠨ ᠪᠣᠯᠬᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠯ᠎ᠡ ᠵᠦᠢᠯ ᠤᠨ | ᠭᠦᠢᠴᠡᠳᠬᠡᠯ ᠲᠤᠭ᠎ᠠ ᠶᠢ ᠲᠦᠷᠭᠡᠨ ᠨᠡᠮᠡᠭᠳᠡᠭᠦᠯᠵᠦ᠂ ᠲᠦᠮᠡᠨ ᠬᠥᠮᠦᠨ ᠠᠮᠠ ᠨᠢᠭᠡᠪᠦᠷᠢ ᠶᠢᠨ ᠥᠨᠳᠥᠷ ᠥᠷᠲᠡᠭ ᠲᠠᠢ | ᠡᠭᠦᠳᠦᠯᠲᠡ ᠶᠢᠨ ᠲᠤᠰᠬᠠᠢ ᠠᠰᠢᠭ ᠤᠨ ᠬᠡᠮᠵᠢᠶ᠎ᠡ ᠶᠢ 1.8 ᠵᠦᠢᠯ ᠳᠤ ᠬᠦᠷᠦᠭᠦᠯᠵᠦ᠂ ᠬᠦᠴᠦᠨ ᠪᠦᠬᠦᠢ | ᠡᠭᠦᠳᠦᠯᠲᠡ ᠶᠢᠨ ᠲᠤᠰᠬᠠᠢ ᠠᠰᠢᠭ ᠤᠨ ᠬᠡᠮᠵᠢᠶ᠎ᠡ ᠶᠢ ᠨᠡᠶᠢᠲᠡ 150 ᠵᠦᠢᠯ ᠳᠤ ᠬᠦᠷᠦᠭᠦᠯᠵᠦ᠂ ᠬᠦᠴᠦᠨ ᠪᠦᠬᠦᠢ | ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠨᠡᠶᠢᠲᠡ 6000 ᠳᠤ ᠬᠦᠷᠦᠬᠦᠯᠵᠦ᠂ ᠭᠠᠵᠠᠷ | ᠵᠦᠢ ᠶᠢᠨ ᠳᠡᠮᠳᠡᠭ ᠤᠨ ᠳᠤᠭ᠎ᠠ ᠶᠢ 10 ᠵᠦᠢᠯ ᠳᠤ ᠬᠦᠷᠦᠭᠦᠯᠵᠦ᠂ ᠵᠢᠯ ᠤᠨ ᠬᠡᠪᠯᠡᠯ ᠤᠨ ᠡᠷᠬᠡ ᠶᠢᠨ ᠳᠠᠩᠰᠠᠯᠠᠨ | ᠲᠡᠮᠳᠡᠭᠯᠡᠭᠰᠡᠨ ᠲᠤᠭ᠎ᠠ ᠬᠡᠮᠵᠢᠶ᠎ᠡ ᠶᠢ 150 ᠵᠦᠢᠯ ᠳᠤ ᠬᠦᠷᠦᠭᠦᠯᠵᠦ᠂ ᠵᠢᠯ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠪᠠᠷᠢᠴᠠᠭᠠᠯᠠᠵᠤ ᠪᠡᠯᠡ ᠲᠤᠬᠢᠷᠠᠭᠤᠯᠤᠭᠰᠠᠨ ᠵᠣᠭᠤᠰ ᠤᠨ ᠲᠤᠭ᠎ᠠ 1 ᠳ᠋ᠦᠩᠰᠢᠭᠤᠷ | ᠲᠥᠭᠦᠷᠢᠭ ᠢ ᠳᠠᠪᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠶᠢᠭᠡᠮ ᠤᠨ ᠬᠠᠨᠤᠮᠵᠢ ᠶᠢᠨ | ᠬᠡᠮᠵᠢᠶ᠎ᠡ ᠶᠢ 85 ᠬᠤᠪᠢ ᠠᠴᠠ ᠳᠡᠭᠡᠭᠰᠢ ᠳᠤ ᠬᠦᠷᠦᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠦᠴᠦᠷᠬᠡᠭ ᠠᠶᠢᠮᠠᠭ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠣᠨ᠎ᠠ᠃ | 2035 ᠣᠨ ᠪᠣᠯᠬᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ | ᠶᠠᠰᠤ ᠴᠢᠨᠠᠷ ᠰᠢᠯᠢᠳᠡᠭ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢᠨ ᠦᠷ᠎ᠡ | ᠪᠦᠲᠦᠮᠵᠢ ᠲᠣᠪᠤᠶᠢᠮ᠎ᠠ ᠪᠠᠶᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ | ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶ ᠶᠢᠨ ᠬᠡᠪᠴᠢᠶ᠎ᠡ ᠶᠢ ᠤᠯᠠᠮ ᠨᠢᠭᠡ ᠠᠯᠬᠤᠮ | ᠥᠷᠭᠡᠳᠬᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠦᠢᠯᠡᠰ ᠤᠨ ᠬᠥᠭᠵᠢᠯᠲᠡ ᠶᠢ ᠨᠠᠩ | ᠨᠢᠭᠲᠠ ᠠᠭᠤᠰᠤᠯᠴᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠠᠶᠢᠮᠠᠭ ᠢ | ᠪᠥᠬᠦ ᠲᠠᠯ᠎ᠠ ᠪᠠᠷ ᠪᠠᠶᠢᠭᠤᠯᠤᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠣᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ | 1. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠢ ᠠᠬᠢᠭᠤᠯᠬᠤ | ᠪᠠ ᠬᠠᠮᠠᠭᠠᠯᠠᠬᠤ ᠲᠦᠷᠢᠮ︾ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠲᠠᠢ ᠬᠠᠮᠵᠢᠯᠴᠠᠨ᠎ᠠ᠃ | ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠦᠷᠢᠶᠡᠨ ᠳᠠᠬᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠵᠠᠰᠠᠪᠤᠷᠢ ᠣᠷᠣᠭᠤᠯᠬᠤ | ᠬᠦᠴᠦᠨ ᠥᠬᠡᠶ ᠪᠣᠯᠭᠠᠬᠤ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ︽ᠠᠯᠠᠱᠠ ᠠᠶᠢᠮᠠᠭ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠤᠰᠠᠯᠠᠬᠤ ᠪᠠ ᠱᠠᠩᠨᠠᠬᠤ ᠠᠷᠭ᠎ᠠ︾ ᠶᠢ ᠲᠣᠭᠲᠠᠭᠠᠨ | ᠨᠡᠶᠢᠲᠡᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠴᠢᠨᠠᠷ ᠰᠠᠶᠢᠲᠠᠶ ᠡᠭᠦᠳᠬᠦ᠂ | ᠬᠠᠮᠠᠭᠠᠯᠠᠯᠲᠠ ᠶᠢᠨ ᠡᠷᠬᠡ ᠪᠠᠨ ᠬᠠᠮᠠᠭᠠᠯᠠᠬᠤ᠂ ᠤᠯᠠᠷᠢᠭᠤᠯᠤᠨ ᠬᠡᠷᠡᠭᠯᠡᠬᠦ ᠪᠠ ᠣᠯᠠᠨ ᠨᠡᠶᠢᠲᠡ ᠶᠢᠨ ᠦᠢᠯᠡᠴᠢᠯᠡᠭᠡ ᠳᠤ | ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ | 2. ᠰᠢᠨ᠎ᠡ ᠪᠠᠷ ᠪᠤᠶ ᠪᠣᠯᠤᠭᠰᠠᠨ ᠬᠦᠷᠢᠶ᠎ᠡ ᠪᠠ ᠣᠨᠴᠣᠭᠤᠶ ᠲᠣᠭᠲᠠᠭᠠᠭᠰᠠᠨ ᠬᠦᠷᠢᠶ᠎ᠡ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠲᠣᠮᠣ ᠳ᠋ᠠᠶᠢᠲ᠋ᠠ᠂ | ᠵᠣᠬᠢᠶᠠᠮᠠᠯ ᠣᠶᠤᠨ ᠴᠢᠳᠠᠪᠤᠷᠢ᠂ ᠭᠧᠨ ᠤ ᠮᠡᠷᠭᠡᠵᠢᠯ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ | ᠬᠦᠷᠢᠶᠡᠨ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ ᠰᠦᠪᠡᠭᠴᠢᠯᠡᠨ | ᠥᠷᠨᠢᠭᠦᠯᠵᠦ᠂ ᠭᠠᠵᠠᠷ ᠵᠦᠶ ᠶᠢᠨ ᠲᠡᠮᠳᠡᠭ᠂ ᠤᠷᠭᠤᠮᠠᠯ ᠤᠨ ᠰᠢᠨ᠎ᠡ ᠲᠥᠷᠥᠯ ᠵᠦᠢᠯ ᠪᠠ ᠬᠤᠳᠠᠯᠳᠤᠭᠠᠨ ᠤ | ᠨᠢᠭᠤᠴᠠ ᠶᠢ ᠬᠠᠮᠠᠭᠠᠯᠠᠬᠤ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠤᠳᠤᠮᠯᠠᠯ ᠤᠨ ᠡᠬᠢ ᠪᠠᠶᠠᠯᠢᠭ᠂ | ᠰᠢᠯᠢᠳᠡᠭ ᠦᠷ᠎ᠡ ᠶᠢᠨ ᠡᠬᠢ ᠪᠠᠶᠠᠯᠢᠭ᠂ ᠤᠯᠠᠮᠵᠢᠯᠠᠯᠲᠤ ᠮᠡᠳᠡᠯᠭᠡ ᠬᠢᠭᠡᠳ ᠠᠷᠠᠳ ᠤᠨ ᠤᠳᠬ᠎ᠠ ᠤᠷᠠᠯᠢᠭ ᠵᠡᠷᠭᠡ ᠶᠢᠨ | ᠣᠯᠬᠤ ᠪᠠ ᠠᠰᠢᠭ ᠲᠤᠰᠠ ᠶᠢ ᠬᠤᠪᠢᠶᠠᠨ ᠡᠳ᠋ᠯᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠦᠨᠳᠦᠰᠦᠲᠡᠨ ᠤ ᠤᠯᠠᠮᠵᠢᠯᠠᠯᠲᠤ ᠰᠣᠶᠣᠯ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠤᠯᠠᠮᠵᠢᠯᠠᠯᠲᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠨ ᠤᠯᠠᠮᠵᠢᠯᠠᠬᠤ ᠪᠠ ᠰᠢᠨ᠎ᠡ ᠶᠢ ᠡᠭᠦᠳᠦᠨ | ᠬᠥᠭᠵᠢᠬᠦ ᠶᠢ ᠴᠢᠩᠭᠠᠷᠠᠭᠤᠯᠤᠨ᠎ᠠ᠃ ᠬᠢᠲᠠᠳ ︵ᠮᠣᠩᠭᠤᠯ︶ ᠡᠮ ᠡᠮᠨᠡᠯᠭᠡ ᠶᠢᠨ ᠤᠯᠠᠮᠵᠢᠯᠠᠯᠲᠤ ᠮᠡᠳᠡᠯᠭᠡ ᠶᠢᠨ | ᠬᠠᠮᠠᠭᠠᠯᠠᠯᠲᠠ ᠶᠢ ᠣᠳᠣ ᠦᠶ᠎ᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠦᠷᠢᠮ ᠯᠦᠭᠡ | ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ | 3. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠦᠷᠭᠦᠯᠵᠢᠯᠡᠨ ᠰᠢᠯᠢᠳᠡᠭᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠬᠤ ᠶᠢ ᠠᠬᠢᠭᠤᠯᠵᠤ᠂ | ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ᠂ ᠰᠠᠯᠠᠭ᠎ᠠ ᠮᠥᠴᠢᠷ ᠬᠠᠮᠵᠢᠯᠴᠠᠭᠰᠠᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠰᠢᠨ᠎ᠡ ᠪᠠᠶᠢᠷᠢᠰᠢᠯ ᠢ ᠪᠣᠢ ᠪᠣᠯᠭᠠᠬᠤ ᠬᠡᠷᠡᠭᠲᠡᠢ᠃ ᠠᠶᠢᠮᠠᠭ᠂ | ᠬᠤᠰᠢᠭᠤ ︵ᠣᠷᠣᠨ︶ ᠬᠤᠶᠠᠷ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠡᠷᠬᠡ ᠲᠤᠰᠢᠶᠠᠯ ᠢ ᠲᠣᠳᠣᠷᠬᠠᠶᠢᠯᠠᠵᠤ᠂ ᠠᠶᠢᠮᠠᠭ᠂ ᠬᠤᠰᠢᠭᠤ ︵ᠣᠷᠣᠨ︶ ᠬᠤᠶᠠᠷ | ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠪᠠᠶᠢᠭᠤᠯᠤᠯᠲᠠ ᠪᠠ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠣᠷᠣᠨ ᠪᠦᠰᠡ ᠵᠢᠴᠢ ᠠᠵᠤ | ᠦᠢᠯᠡᠰ ᠤᠨ ᠬᠥᠭᠵᠢᠯᠲᠡ ᠯᠦᠭᠡ ᠬᠠᠷᠢᠯᠴᠠᠨ ᠲᠣᠬᠢᠷᠠᠯᠴᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠡᠭᠦᠯᠳᠡᠷᠵᠢᠭᠦᠯᠵᠦ᠂ ᠵᠠᠰᠠᠭ ᠤᠨ | ᠣᠷᠳᠣᠨ ᠬᠢᠨᠠᠨ ᠬᠠᠮᠢᠶᠠᠷᠤᠭᠰᠠᠨ᠂ ᠨᠡᠶᠢᠭᠡᠮ ᠠᠴᠠ ᠬᠢᠨᠠᠯᠲᠠ ᠲᠠᠯᠪᠢᠭᠰᠠᠨ᠂ ᠠᠵᠢᠯ ᠲᠥᠷᠥᠯ ᠥᠪᠡᠷ ᠢ ᠪᠠᠨ | ᠱᠠᠭᠠᠷᠳᠠᠭᠰᠠᠨ᠂ ᠪᠠᠶᠢᠭᠤᠯᠤᠮᠵᠢ ᠥᠪᠡᠷᠲᠡᠭᠡᠨ ᠵᠠᠰᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠦᠢᠯᠡᠴᠢᠯᠡᠭᠡᠨ ᠤ ᠪᠣᠰᠤᠭ᠎ᠠ ᠴᠣᠭᠴᠠᠲᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ | ︵ᠬᠤᠶᠠᠷ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠬᠦᠯᠦᠭᠰᠡᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ | 4. ᠲᠥᠪ ᠭᠤᠤᠯᠴᠢ ᠡᠷᠬᠡ ᠨᠠᠶᠢᠳᠠᠪᠣᠷᠢᠳᠠᠢ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠣᠭᠲᠠᠴᠠ ᠶᠢ | ᠪᠠᠶᠢᠭᠤᠯᠤᠨ᠎ᠠ᠃ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭ ᠢ ᠰᠢᠭᠦᠨ ᠲᠠᠰᠤᠯᠬᠤ ᠲᠣᠭᠲᠠᠴᠠ ᠶᠢ | ᠰᠢᠯᠢᠳᠡᠭᠵᠢᠭᠦᠯᠦᠨ᠂ ᠶᠠᠷᠰᠢᠭ ᠲᠦᠪᠡᠭᠲᠡᠢ ᠪᠠ ᠲᠦᠬᠦᠮ ᠲᠦᠲᠡ ᠵᠦᠢᠯᠡᠰ ᠢ ᠰᠠᠯᠭᠠᠬᠤ ᠲᠤᠷᠰᠢᠯᠲᠠ ᠶᠢᠨ ᠴᠡᠭ ᠤᠨ | ᠠᠵᠢᠯ ᠢ ᠠᠬᠢᠭᠤᠯᠵᠤ᠂ ᠰᠢᠭᠦᠨ ᠲᠠᠰᠤᠯᠬᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠰᠢᠯᠵᠢᠭᠦᠯᠦᠨ | ᠲᠣᠬᠢᠷᠠᠭᠤᠯᠬᠤ ᠪᠠ ᠥᠨᠳᠥᠷ ᠪᠦᠲᠦᠮᠵᠢᠲᠡᠶ ᠪᠠᠷ ᠬᠡᠷᠡᠭᠯᠡᠨ᠂ ᠬᠡᠷᠡᠭ ᠢ ᠲᠦᠷᠭᠡᠨ ᠰᠢᠬᠦᠵᠦ᠂ ᠶᠠᠷᠰᠢᠭᠲᠠᠢ ᠬᠡᠷᠡᠭ ᠢ | ᠨᠠᠷᠢᠯᠢᠭ ᠬᠢᠨᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠷᠭᠡᠨ ᠤ ᠬᠡᠷᠡᠭ᠂ ᠡᠷᠡᠭᠦᠦ ᠶᠢᠨ | ᠬᠡᠷᠡᠭ᠂ ᠵᠠᠰᠠᠭ ᠵᠠᠬᠢᠷᠭᠠᠨ ᠤ ᠬᠡᠷᠡᠭ ᠤᠨ ︽ᠭᠤᠷᠪᠠ ᠶᠢ ᠨᠢᠭᠡᠳᠬᠡᠬᠦ︾ ᠰᠢᠭᠦᠨ ᠲᠠᠰᠤᠯᠬᠤ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ | ᠬᠠᠯᠳᠠᠭᠰᠠᠨ ᠢ ᠵᠠᠯᠬᠠᠭᠠᠨ ᠰᠢᠳᠬᠡᠬᠦ ᠴᠢᠨᠠᠷᠲᠠᠶ ᠲᠥᠯᠥᠪᠦᠷᠢ ᠶᠢᠨ ᠳᠦᠷᠢᠮ ᠢ ᠬᠠᠤᠯᠢ ᠶᠣᠰᠣᠭᠠᠷ ᠬᠡᠷᠡᠭᠵᠢᠭᠦᠯᠵᠦ᠂ | ᠬᠤᠬᠢᠷᠠᠯ ᠢ ᠲᠥᠯᠥᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠣᠷᠣᠨ ᠪᠦᠰᠡ ᠠᠯᠥᠰᠯᠬᠠᠰᠠᠨ ᠮᠡᠳᠡᠯᠭᠡ ᠶᠢᠨ | ᠪᠦᠳᠦᠭᠡᠭᠳᠡᠬᠦᠨ ᠤ ᠦᠮᠴᠢᠯᠡᠬᠦ ᠡᠷᠬᠡ ᠶᠢᠨ ᠠᠯᠥᠰ ᠡᠵᠡᠮᠰᠢᠯᠳᠦ ᠵᠠᠷᠭᠤ ᠶᠢᠨ ᠳᠡᠪᠴᠠᠩ ᠪᠠ ᠰᠢᠬᠦᠨ ᠳᠠᠰᠤᠯᠬᠤ | ᠬᠠᠮᠵᠢᠯᠴᠠᠬᠤ ᠲᠣᠠᠠᠳᠡᠴᠠ ᠶᠢ ᠪᠠᠶᠢᠭᠤᠯᠥᠨ᠎ᠠ᠃ ᠮᠡᠷᠭᠡᠵᠢᠯ ᠤᠨ ᠪᠠᠶᠢᠴᠠᠭᠠᠭᠴᠢ ᠶᠢᠨ ᠡᠩᠨᠡᠭᠡᠨ ᠤ ᠪᠠᠶᠢᠭᠤᠯᠤᠯᠲᠠ ᠶᠢ | ᠳᠡᠮᠵᠢᠬᠦ ᠬᠡᠷᠡᠭᠲᠡᠶ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭ ᠢ ᠬᠢᠨᠠᠨ ᠪᠠᠶᠢᠴᠠᠭᠠᠬᠤ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠬᠡᠷᠡᠭ ᠢ ᠢᠯᠡ ᠪᠠᠷ ᠰᠢᠭᠦᠬᠦ ᠶᠢ ᠠᠬᠢᠭᠤᠯᠵᠤ᠂ | ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠲᠡᠯᠡᠨ᠎ᠡ᠃ | 5. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠴᠢᠮ ᠢ ᠨᠡᠮᠡᠭᠳᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠠᠭᠤᠷᠮᠠᠭ | ᠮᠠᠭᠤ ᠲᠠᠸᠠᠷ ᠦᠢᠯᠡᠳᠦᠨ ᠪᠣᠷᠣᠯᠠᠭᠤᠯᠬᠤ ᠳᠤ ᠴᠣᠬᠢᠯᠳᠠ ᠦᠭᠭᠦ ᠪᠦᠬᠦ ᠠᠶᠢᠮᠠᠭ ᠤᠨ ᠤᠳᠤᠷᠢᠳᠬᠤ | ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠩᠭᠢᠯᠠᠭ᠎ᠠ ᠶᠢᠨ ᠬᠦᠷᠢᠶ᠎ᠡ᠂ ᠭᠤᠣᠯᠳᠠᠯᠭ᠎ᠠ ᠲᠠᠢ | ᠭᠤᠭᠴᠤᠭ᠎ᠠ᠂ ᠭᠤᠣᠯᠳᠠᠯᠭ᠎ᠠ ᠲᠠᠢ ᠬᠦᠮᠦᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ | ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢᠯᠡᠳᠦᠨ ᠪᠣᠷᠣᠯᠠᠭᠤᠯᠬᠤ ᠳᠤ ᠴᠣᠬᠢᠯᠳᠠ ᠦᠭᠭᠦ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠬᠠᠮᠲᠤᠷᠠᠭᠰᠠᠨ ᠠᠵᠢᠯᠯᠠᠭ᠎ᠠ ᠶᠢ ᠦᠷᠨᠢᠭᠦᠯᠦᠨ᠎ᠡ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠪᠠᠶᠢᠴᠠᠭᠠᠬᠤ ᠡᠷᠬᠡ᠂ ᠲᠣᠷᠭᠠᠬᠤ ᠡᠷᠬᠡ ᠪᠠ ᠠᠯᠪᠠᠳᠠᠬᠤ ᠡᠷᠬᠡ ᠶᠢ ᠬᠠᠤᠯᠢ ᠶᠣᠰᠣᠭᠠᠷ | ᠬᠡᠷᠡᠭᠵᠢᠭᠦᠯᠦᠨ᠎ᠡ᠃ ︽ᠲᠡᠮᠦᠷ ᠨᠢᠳᠣᠷᠭ᠎ᠠ︾᠂ ︽ᠰᠡᠯᠡᠮ᠎ᠡ ᠲᠣᠣᠷ︾᠂ ︽ᠯᠦᠩ ᠲᠧᠩ︾ ᠪᠠ ᠦᠷ᠎ᠡ ᠶᠢᠨ | ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠤᠷᠭᠤᠮᠠᠯ ᠤᠨ ᠰᠢᠨ᠎ᠡ | ᠡᠭᠦᠯᠳᠡᠷ ᠢ ᠬᠠᠮᠠᠭᠠᠯᠠᠬᠤ ᠵᠡᠷᠭᠡ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠵᠠᠬ᠎ᠠ ᠳᠡᠯᠭᠡᠭᠦᠷ ᠤᠨ | ᠨᠡᠷᠡᠰ ᠤᠨ ᠵᠢᠭᠰᠠᠭᠠᠯᠲᠠ ᠶᠢ ᠭᠤᠤᠯᠳᠠᠯᠭ᠎ᠠ ᠲᠠᠢ ᠠᠩᠬᠠᠷᠴᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠲᠠᠪᠴᠠᠩ᠂ ᠦᠵᠡᠰᠬᠦᠯᠡᠩ ᠴᠤᠭᠯᠠᠭᠠᠨ᠂ ᠲᠤᠰᠬᠠᠶ ᠵᠠᠬ᠎ᠠ ᠳᠡᠯᠭᠡᠭᠦᠷ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠵᠡᠷᠭᠡ ᠵᠠᠩᠭᠢᠯᠠᠭ᠎ᠠ ᠶᠢᠨ ᠬᠦᠷᠢᠶ᠎ᠡ ᠪᠠ ᠭᠤᠭᠴᠤᠭ᠎ᠠ ᠳᠤ ᠴᠢᠭᠯᠡᠭᠦᠯᠦᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ᠂ ᠬᠥᠨᠳᠡᠯᠡᠨ ᠠᠴᠠ ᠲᠠᠰᠤᠯᠬᠤ᠂ ᠡᠶᠡᠳᠡᠭᠦᠯᠬᠦ ᠵᠡᠷᠭᠡ ᠲᠦᠷᠭᠡᠨ ᠰᠢᠢᠳᠪᠦᠷᠢᠯᠡᠬᠦ ᠠᠷᠭ᠎ᠠ ᠵᠠᠮ ᠢ | ᠪᠠᠶᠢᠭᠤᠯᠤᠨ᠎ᠠ᠃ ᠣᠨᠴᠠᠭᠠᠶ ᠲᠡᠮᠳᠡᠭ᠂ ᠠᠯᠪᠠᠨ ᠤ ᠲᠠᠯ᠎ᠠ ᠶᠢᠨ ᠲᠡᠮᠳᠡᠭ ᠪᠣᠯᠤᠨ ᠭᠠᠵᠠᠷ ᠵᠦᠶ ᠶᠢᠨ ᠲᠡᠮᠳᠡᠭ ᠢ | ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | 6. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠣᠷᠣᠨ ᠪᠦᠰᠡ ᠠᠯᠤᠰᠯᠠᠭᠰᠠᠨ | ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠬᠤ ᠲᠣᠭᠲᠠᠴᠠ ᠶᠢ ᠪᠠᠶᠢᠭᠤᠯᠣᠨ᠎ᠠ᠃ ︽ᠪᠠᠶᠠᠨᠨᠠᠭᠤᠷ — ᠦᠬᠠᠶ — | ᠠᠯᠠᠱᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠬᠠᠮᠵᠢᠯᠴᠠᠭᠠᠨ ᠤ | ᠬᠡᠯᠡᠯᠴᠡᠭᠡᠷ︾ ᠢ ᠨᠠᠶᠢᠳᠠᠪᠤᠷᠢᠵᠢᠭᠤᠯᠵᠤ᠂ ᠠᠶᠢᠮᠠᠭ ᠬᠤᠲᠠ ᠶᠢᠨ ᠬᠤᠭᠤᠷᠣᠨᠳᠣᠬᠢ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠬᠦ᠂ | ᠪᠠᠶᠢᠴᠠᠭᠠᠨ ᠬᠡᠷᠡᠭᠵᠢᠭᠦᠯᠬᠦ ᠳᠤ ᠬᠠᠮᠵᠢᠯᠴᠠᠬᠤ᠂ ᠬᠠᠮᠲᠤᠷᠠᠨ ᠬᠠᠤᠯᠢ ᠬᠡᠷᠡᠭᠵᠢᠭᠦᠯᠵᠦ ᠬᠠᠮᠠᠭᠠᠯᠠᠬᠤ᠂ ᠦᠷ᠎ᠡ ᠳ᠋ᠦᠩ ᠢ | ᠬᠠᠷᠢᠯᠴᠠᠨ ᠮᠡᠳᠡᠷᠡᠵᠦ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ | ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠰᠦᠯᠵᠢᠶᠡᠨ ᠳᠡᠭᠡᠷ᠎ᠡ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠠᠷᠠᠳ ᠤᠨ | ᠰᠢᠭᠦᠬᠦ ᠬᠤᠷᠢᠶ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠯᠤᠭ᠎ᠠ ᠬᠤᠯᠪᠣᠭᠠᠯᠠᠬᠤ ᠲᠦᠷᠢᠮ ᠢ ᠪᠠᠶᠢᠭᠤᠯᠵᠤ᠂ ᠠᠵᠢᠯ ᠢᠶᠠᠨ | ᠰᠣᠯᠢᠯᠴᠠᠬᠤ ᠪᠠ ᠠᠰᠠᠭᠤᠳᠠᠯ ᠢ ᠰᠤᠳᠤᠯᠤᠨ ᠶᠠᠷᠢᠯᠴᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ | ᠭᠤᠣᠯᠳᠠᠯᠭ᠎ᠠ ᠲᠠᠢ ᠠᠵᠤ ᠦᠢᠯᠡᠰ ᠪᠠ ᠣᠨᠴᠠᠯᠢᠭᠲᠤ ᠠᠵᠤ ᠦᠢᠯᠡᠰ ᠲᠤ ᠬᠠᠨᠳᠤᠭᠤᠯᠤᠨ ᠲᠦᠷᠭᠡᠨ ᠬᠢᠨᠠᠨ | ᠪᠠᠶᠢᠴᠠᠭᠠᠬᠤ᠂ ᠡᠷᠬᠡ ᠶᠢ ᠲᠦᠷᠭᠡᠨ ᠨᠤᠲᠠᠯᠠᠨ ᠲᠣᠭᠲᠠᠭᠠᠬᠤ᠂ ᠡᠷᠬᠡ ᠪᠠᠨ ᠲᠦᠷᠭᠡᠨ ᠬᠠᠮᠠᠭᠠᠯᠠᠬᠤ ᠵᠡᠷᠭᠡ ᠶᠢ ᠨᠢᠭᠡ | ᠴᠣᠭᠴᠠᠵᠢᠭᠤᠯᠤᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠠᠪᠴᠠᠩ ᠢ | ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠬᠠᠮᠠᠭᠠᠯᠠᠬᠤ ᠲᠤᠰᠠᠯᠠᠮᠵᠢ ᠶᠢ ᠦᠨᠳᠦᠰᠦᠨ | ᠱᠠᠳᠣᠨ ᠳᠤ ᠬᠦᠨᠵᠡᠭᠡᠶᠢᠷᠡᠬᠦᠯᠬᠦ ᠶᠢ ᠠᠬᠢᠭᠤᠯᠬᠤ ᠬᠡᠷᠡᠭᠲᠡᠢ᠃ | 7. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ | ᠳᠦᠷᠢᠮ ᠢ ᠨᠠᠶᠢᠳᠠᠪᠤᠷᠢᠵᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠨᠡᠨᠴᠢ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ | ᠬᠠᠮᠢᠶᠠᠷᠬᠤ ᠲᠦᠷᠢᠮ ᠢ ᠭᠦᠨᠵᠡᠭᠡᠶ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠭᠤᠤᠯ ᠴᠣᠭᠴᠠ ᠵᠢᠴᠢ ᠲᠡᠭᠦᠨ ᠤ ᠬᠤᠯᠪᠣᠭᠳᠠᠯ | ᠪᠥᠬᠦᠶ ᠬᠥᠮᠦᠰ ᠢ ᠬᠠᠮᠳᠣ ᠪᠠᠷ ᠵᠠᠯᠬᠠᠭᠠᠨ ᠴᠡᠭᠡᠷᠯᠡᠭᠦᠯᠦᠨ᠎ᠡ᠃ ᠳᠠᠬᠢᠨ ᠳᠠᠪᠲᠠᠨ ᠡᠷᠬᠡ ᠳᠤ ᠬᠠᠯᠳᠠᠭᠰᠠᠨ᠂ | ᠵᠣᠷᠢᠭᠤᠳᠠ ᠡᠷᠬᠡ ᠳᠤ ᠬᠠᠯᠳᠠᠭᠰᠠᠨ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠨᠡᠶᠢᠭᠡᠮ ᠳᠤ ᠨᠡᠶᠢᠲᠡᠯᠡᠬᠦ | ᠳᠦᠷᠢᠮ ᠢ ᠪᠠᠶᠢᠭᠤᠯᠬᠤ ᠬᠡᠷᠡᠭᠲᠡᠶ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ | ᠠᠵᠢᠯ ᠲᠥᠷᠥᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠯᠠᠨ ᠭᠦᠢᠴᠡᠳᠬᠡᠬᠦ ᠠᠵᠢᠯ ᠲᠥᠷᠥᠯ ᠤᠨ ︽ᠬᠥᠬᠡ ᠣᠭᠲᠠᠷᠭᠤᠶ︾ | ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠠᠸᠠᠷ ᠤᠨ ᠲᠡᠮᠳᠡᠭ ᠢ ᠮᠠᠭᠤ ᠰᠠᠨᠠᠭ᠎ᠠ ᠪᠠᠷ | ᠳᠠᠩᠰᠠᠯᠠᠬᠤ᠂ ᠬᠡᠪ ᠤᠨ ᠪᠤᠰᠤ ᠲᠤᠰᠬᠠᠶ ᠠᠰᠢᠭ ᠭᠤᠶᠤᠴᠢᠯᠠᠬᠤ ᠵᠢᠴᠢ ᠮᠠᠭᠤ ᠰᠠᠨᠠᠭᠠᠲᠤ ᠵᠠᠷᠭᠤ ᠬᠢᠬᠦ ᠵᠡᠷᠭᠡ ᠦᠢᠯᠡ | ᠠᠵᠢᠯᠯᠠᠭ᠎ᠠ ᠶᠢ ᠵᠢᠷᠤᠮᠵᠢᠭᠤᠯᠤᠨ ᠲᠣᠭᠲᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠬᠢᠷᠢ ᠴᠢᠳᠠᠮᠵᠢ ᠦᠭᠡᠢ | ᠲᠤᠰᠬᠠᠢ ᠠᠰᠢᠭ ᠢ ᠣᠷᠣᠯᠠᠨ ᠭᠦᠢᠴᠡᠳᠬᠡᠬᠦ᠂ ᠬᠡᠪ ᠤᠨ ᠪᠤᠰᠤ ᠲᠤᠰᠬᠠᠢ ᠠᠰᠢᠭ ᠢ ᠣᠷᠣᠯᠠᠨ ᠭᠦᠢᠴᠡᠳᠬᠡᠬᠦ ᠪᠠᠷ | ᠭᠤᠶᠤᠴᠢᠯᠠᠬᠤ᠂ ᠮᠠᠭᠤ ᠰᠠᠨᠠᠭ᠎ᠠ ᠲᠠᠢ ᠪᠠᠷ ᠲᠠᠸᠠᠷ ᠤᠨ ᠲᠡᠮᠳᠡᠭ ᠢ ᠣᠷᠣᠯᠠᠨ ᠭᠦᠢᠴᠡᠳᠬᠡᠬᠦ ᠪᠠᠷ ᠭᠤᠶᠤᠴᠢᠯᠠᠬᠤ | ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠭᠦᠨ᠎ᠡ᠃ | 8. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ | ᠵᠠᠰᠠᠬᠤ ᠶᠢ ᠠᠬᠢᠭᠤᠯᠤᠨ᠎ᠠ᠃ ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠡᠰᠢᠵᠢᠭᠰᠡᠨ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠨᠳᠡᠯᠡᠨ ᠠᠴᠠ ᠲᠠᠰᠤᠯᠬᠤ᠂ ᠡᠶᠡᠳᠡᠭᠦᠯᠬᠦ᠂ ᠠᠯᠪᠠᠨ ᠭᠡᠷᠡᠴᠢᠯᠡᠭᠡ ᠶᠢᠨ | ᠪᠠᠶᠢᠭᠤᠯᠤᠮᠵᠢ ᠶᠢ ᠵᠣᠷᠢᠭᠵᠢᠭᠤᠯᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠮᠢᠶ᠎ᠠ | ᠪᠥᠬᠦᠶ ᠲᠤᠬᠠᠶᠢᠯᠠᠭᠰᠠᠨ ᠠᠵᠢᠯ ᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠵᠢᠭᠤᠷᠠᠯᠳᠤᠭᠠᠨ ᠢ ᠵᠠᠰᠠᠭ ᠵᠠᠬᠢᠷᠭᠠᠨ ᠢᠶᠠᠷ ᠡᠶᠡᠳᠡᠭᠦᠯᠬᠦ ᠬᠡᠯᠡᠯᠴᠡᠭᠡᠷ ᠢ ᠬᠠᠤᠯᠢ ᠴᠠᠭᠠᠵᠠ ᠪᠠᠷ ᠨᠤᠲᠠᠯᠠᠬᠤ ᠲᠦᠷᠢᠮ ᠢ | ᠨᠠᠶᠢᠳᠠᠪᠤᠷᠢᠵᠢᠭᠤᠯᠤᠨ᠎ᠠ᠃ ᠪᠦᠬᠦ ᠲᠠᠯ᠎ᠠ ᠶᠢᠨ ᠭᠡᠷᠡᠴᠢ ᠪᠠᠷᠢᠮᠲᠠ ᠶᠢᠨ ᠦᠢᠯᠡᠴᠢᠯᠡᠭᠡ ᠬᠠᠩᠭᠠᠬᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠲᠠᠪᠴᠠᠩ ᠢ ᠰᠦᠪᠡᠭᠴᠢᠯᠡᠨ | ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠢᠨᠠᠨ ᠲᠣᠭᠲᠠᠭᠠᠵᠤ ᠦᠨᠡᠯᠡᠨ ᠵᠢᠱᠢᠬᠦ | ᠪᠠᠶᠢᠭᠤᠯᠤᠮᠵᠢ ᠶᠢ ᠪᠤᠶᠢᠵᠢᠭᠤᠯᠤᠨ᠂ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠤᠨ ᠲᠣᠭᠲᠠᠴᠠ ᠶᠢ | ᠪᠦᠷᠢᠨᠰᠢᠭᠦᠯᠵᠦ᠂ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠵᠦ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠠᠶᠢᠨ ᠳᠤᠷᠠᠴᠤᠳ ᠤᠨ | ᠡᠩᠨᠡᠭᠡ ᠶᠢ ᠪᠠᠶᠢᠭᠤᠯᠵᠤ᠂ ᠨᠡᠶᠢᠭᠡᠮ ᠤᠨ ᠬᠦᠴᠦᠨ ᠢ ᠳᠠᠶᠢᠴᠢᠯᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠨᠡᠶᠢᠭᠡᠮ ᠤᠨ ᠵᠠᠰᠠᠯᠲᠠ ᠳᠤ ᠣᠷᠣᠯᠴᠠᠭᠤᠯᠤᠨ᠎ᠠ᠃ | ︵ᠭᠤᠷᠪᠠ︶ ᠰᠢᠨ᠎ᠡ ᠶᠢ ᠡᠭᠦᠳᠦᠨ ᠬᠦᠭᠵᠢᠬᠦ ᠶᠢ ᠣᠷᠮᠠᠰᠢᠭᠤᠯᠣᠭᠰᠠᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠎ᠠ | 9. ᠥᠨᠳᠥᠷ ᠥᠷᠲᠡᠭ ᠢᠶᠠᠷ ᠪᠤᠶᠢᠵᠢᠭᠤᠯᠬᠤ ᠤᠳᠤᠷᠢᠳᠤᠮᠵᠢ ᠶᠢ ᠲᠤᠪᠤᠶᠢᠯᠭᠠᠨ᠎ᠠ᠃ ᠰᠢᠨ᠎ᠡ ᠮᠠᠲ᠋ᠧᠷᠢᠶᠠᠯ᠂ | ᠰᠢᠨ᠎ᠡ ᠡᠨᠧᠷᠭᠢ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠵᠡᠷᠭᠡ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠣᠭᠤᠷᠢᠨ ᠳᠤ ᠨᠠᠷᠢᠯᠢᠭ ᠣᠨᠣᠪᠴᠢᠳᠠᠢ ᠦᠢᠯᠡᠴᠢᠯᠡᠭᠡ | ᠬᠠᠩᠭᠠᠵᠤ᠂ ᠭᠤᠤᠯᠳᠠᠯᠭ᠎ᠠ ᠲᠠᠢ ᠠᠵᠤ ᠦᠢᠯᠡᠰ ᠪᠤᠶᠤ ᠳᠠᠪᠠᠭᠤᠯᠢᠭ ᠠᠵᠤ ᠠᠬᠤᠶᠢᠯᠠᠯ ᠢ ᠰᠣᠩᠭᠤᠨ ᠲᠤᠰᠬᠠᠶ | ᠠᠰᠢᠭ ᠤᠨ ᠪᠠᠶᠢᠷᠢᠰᠢᠭᠤᠯᠤᠯᠲᠠ᠂ ᠲᠤᠰᠬᠠᠶ ᠠᠰᠢᠭ ᠢ ᠢᠯᠡᠷᠡᠬᠦᠯᠬᠦ ᠪᠠ ᠥᠨᠳᠥᠷ ᠥᠷᠲᠡᠭ ᠲᠠᠢ ᠲᠤᠰᠬᠠᠶ ᠠᠰᠢᠭ ᠢ | ᠪᠤᠶᠢᠵᠢᠭᠤᠯᠬᠤ ᠵᠡᠷᠭᠡ ᠠᠵᠢᠯ ᠢ ᠥᠷᠨᠢᠭᠦᠯᠦᠨ᠎ᠡ᠃ ᠤᠯᠠᠮᠵᠢᠯᠠᠯᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ | ᠬᠤᠵᠢᠷ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠵᠠᠩᠭᠢᠯᠠᠭ᠎ᠠ ᠶᠢᠨ | ᠮᠡᠷᠭᠡᠵᠢᠯ ᠢ ᠨᠡᠭᠡᠭᠡᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠨᠠᠷᠢᠨ ᠵᠦᠢᠯᠡᠰ ᠢᠶᠠᠷ ᠬᠠᠷᠠᠯᠲᠠ ᠪᠣᠯᠭᠠᠨ | ᠮᠡᠷᠭᠡᠵᠢᠯ ᠤᠨ ᠰᠢᠪᠲᠤᠯᠤᠯᠲᠠ ᠪᠠ ᠦᠢᠯᠡᠳᠬᠦᠨ ᠤ ᠲᠡᠰ ᠳᠡᠪᠰᠢᠬᠦ ᠶᠢ ᠴᠢᠩᠭᠠᠳᠬᠠᠵᠤ᠂ ᠨᠢᠭᠡ ᠪᠦᠯᠦᠭ | ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠬᠦᠴᠢᠷ ᠠᠰᠠᠭᠤᠳᠠᠯ ᠢ ᠰᠢᠪᠲᠤᠯᠵᠤ᠂ ᠨᠢᠭᠡ ᠪᠦᠯᠦᠭ | ᠭᠤᠣᠯᠯᠠᠬᠤ ᠲᠤᠰᠬᠠᠢ ᠠᠰᠢᠭ ᠤᠨ ᠮᠡᠷᠭᠡᠵᠢᠯ ᠤᠨ ᠦᠷ᠎ᠡ ᠪᠦᠲᠦᠭᠡᠯ ᠢ ᠪᠦᠷᠢᠯᠳᠦᠭᠦᠯᠦᠨ᠎ᠡ᠃ ᠲᠤᠰᠬᠠᠢ ᠠᠰᠢᠭ | ᠬᠢᠭᠡᠳ ᠪᠠᠷᠢᠮᠵᠢᠶᠠᠵᠢᠭᠤᠯᠬᠤ ᠬᠠᠷᠢᠯᠴᠠᠨ ᠦᠢᠯᠡᠳᠦᠯᠴᠡᠵᠦ ᠲᠤᠯᠭᠠᠭᠤᠷᠢᠯᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠲᠤᠰᠬᠠᠢ ᠠᠰᠢᠭ ᠬᠢᠭᠡᠳ ᠮᠡᠷᠭᠡᠵᠢᠯ ᠤᠨ ᠪᠠᠷᠢᠮᠵᠢᠶ᠎ᠠ ᠶᠢ ᠠᠭᠤᠰᠤᠯᠴᠠᠭᠤᠯᠬᠤ ᠶᠢ | ᠰᠦᠪᠡᠭᠴᠢᠯᠡᠨ᠎ᠡ᠃ | 10. ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠲᠠᠸᠠᠷ ᠤᠨ ᠲᠡᠮᠳᠡᠭ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠬᠠᠷᠠᠯᠲᠠ ᠪᠣᠯᠭᠠᠨ᠂ ︽ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ+ ᠠᠵᠤ ᠠᠬᠤᠶᠢᠯᠠᠯ ᠤᠨ ᠨᠡᠷᠡᠲᠦ ᠲᠡᠮᠳᠡᠭᠲᠦ | +ᠪᠦᠲᠦᠭᠡᠭᠳᠡᠬᠦᠨ ᠤ ᠨᠡᠷᠡᠲᠦ ᠲᠡᠮᠳᠡᠭ︾ ᠢ ᠨᠢᠭᠡ ᠴᠣᠭᠴᠠᠵᠢᠭᠤᠯᠤᠨ ᠠᠬᠢᠭᠤᠯᠵᠤ᠂ ︽ᠬᠠᠨ ᠲᠩᠷᠢ ᠠᠯᠠᠱᠠ︾ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠢᠳᠡᠪᠬᠢᠲᠡᠶ ᠪᠠᠷ ᠪᠣᠶ ᠪᠣᠯᠭᠠᠨ᠎ᠠ᠃ ᠲᠥᠷᠥᠯ | ᠲᠡᠮᠳᠡᠭ ᠤᠨ ᠨᠡᠶᠢᠲᠡ ᠳᠤ ᠢᠲᠡᠭᠡᠭᠦᠯᠬᠦ ᠬᠦᠴᠦᠨ᠂ ᠲᠠᠨᠢᠨ ᠮᠡᠳᠡᠬᠦ ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ | ᠬᠡᠷᠡᠭᠲᠡᠢ᠃ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠠᠸᠠᠷ ᠤᠨ ᠨᠡᠷᠡᠲᠦ | ᠲᠡᠮᠳᠡᠭᠲᠦ ᠶᠢ ᠬᠦᠴᠦᠷᠬᠡᠭᠵᠢᠭᠦᠯᠵᠦ᠂ ᠲᠡᠮᠡᠭᠡᠨ ᠤ ᠠᠵᠤ ᠦᠢᠯᠡᠰ᠂ ᠣᠨᠴᠠᠯᠢᠭᠲᠤ ᠡᠯᠡᠰᠦᠨ ᠤ ᠠᠵᠤ ᠦᠢᠯᠡᠰ ᠢᠶᠠᠷ | ᠭᠤᠤᠯᠳᠠᠯᠭ᠎ᠠ ᠪᠣᠯᠭᠠᠨ᠂ ᠭᠠᠵᠠᠷ ᠵᠦᠶ ᠶᠢᠨ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠠᠯᠠᠱᠠ ᠵᠡᠭᠦᠨ ᠬᠤᠰᠢᠭᠤᠨ ᠤ ᠴᠠᠭᠠᠨ ᠭᠤᠶᠣᠣ ᠶᠢᠨ ᠠᠵᠤ ᠦᠢᠯᠡᠰ ᠲᠤ ᠲᠦᠰᠢᠭᠯᠡᠨ ᠤᠯᠤᠰ ᠤᠨ | ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠢ ᠬᠠᠮᠠᠭᠠᠯᠠᠬᠤ ᠵᠢᠱᠢᠶ᠎ᠡ ᠦᠵᠡᠭᠦᠯᠬᠦ ᠣᠷᠣᠨ ᠢ ᠭᠤᠶᠤᠴᠢᠯᠠᠨ | ᠮᠡᠳᠡᠭᠦᠯᠬᠦ ᠶᠢ ᠵᠣᠷᠢᠭᠵᠢᠭᠤᠯᠤᠨ ᠳᠡᠮᠵᠢᠵᠦ᠂ ᠭᠠᠵᠠᠷ ᠵᠦᠶ ᠶᠢᠨ ᠲᠡᠮᠳᠡᠭ ᠬᠢᠭᠡᠳ ᠣᠨᠴᠠᠯᠢᠭᠲᠤ ᠠᠵᠤ ᠦᠢᠯᠡᠰ ᠤᠨ | ᠬᠥᠭᠵᠢᠯᠲᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠤᠯᠠᠮᠵᠢᠯᠠᠯᠲᠤ ᠨᠠᠷᠠᠲᠤ ᠲᠡᠮᠳᠡᠭᠲᠦ ᠪᠠ ᠬᠠᠭᠤᠴᠢᠨ | ᠨᠠᠷᠠᠲᠤ ᠲᠡᠮᠳᠡᠭᠲᠦ ᠶᠢ ᠤᠯᠠᠮᠵᠢᠯᠠᠨ ᠵᠠᠯᠭᠠᠮᠵᠢᠯᠠᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠤ᠂ ᠭᠠᠵᠠᠷ ᠵᠦᠶ ᠶᠢᠨ ᠨᠠᠷᠠᠲᠤ ᠲᠡᠮᠳᠡᠭᠲᠦ ᠶᠢᠨ ᠨᠥᠯᠥᠭᠡᠯᠡᠬᠦ | ᠬᠦᠴᠦᠨ ᠪᠠ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ | 11. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠰᠢᠭᠤᠳ ᠨᠡᠪᠲᠡᠷᠡᠬᠦ | ᠲᠣᠭᠲᠠᠴᠠ ᠶᠢ ᠪᠦᠷᠢᠨᠰᠢᠭᠦᠯᠵᠦ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠬᠢᠭᠡᠳ ᠳᠤᠮᠳᠠ ᠪᠠᠭ᠎ᠠ ᠠᠵᠤ ᠠᠬᠤᠶᠢᠯᠠᠯ ᠢ ᠵᠣᠯᠭᠠᠭᠤᠯᠣᠨ ᠨᠡᠭᠡᠭᠡᠨ ᠬᠥᠭᠵᠢᠭᠦᠯᠬᠦ ᠪᠠ ᠣᠯᠠᠷᠢᠭᠤᠯᠬᠤ | ᠲᠤᠰᠬᠠᠢ ᠠᠰᠢᠭ ᠤᠨ ᠮᠡᠷᠭᠡᠵᠢᠯ ᠢ ᠠᠬᠢᠭᠤᠯᠤᠨ᠎ᠠ᠃ ᠠᠵᠤ ᠠᠬᠤᠶᠢᠯᠠᠯ ᠬᠢᠭᠡᠳ ᠠᠶᠢᠮᠠᠭ ᠤᠨ ᠭᠠᠳᠠᠨᠠᠬᠢ ᠰᠢᠨ᠎ᠡ ᠶᠢ | ᠡᠭᠦᠳᠬᠦ ᠴᠢᠳᠠᠪᠤᠷᠢ ᠪᠠᠷ ᠴᠢᠩᠭ᠎ᠠ ᠶᠡᠭᠡ ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ ᠢ ᠳᠡᠮᠵᠢᠵᠦ ᠪᠠᠶᠢᠭᠠᠳ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠰᠢᠭ ᠲᠤᠰᠠ ᠶᠢᠨ ᠬᠤᠪᠢᠶᠠᠷᠢᠯᠠᠯᠲᠠ ᠪᠠᠷ ᠰᠠᠭᠤᠷᠢ | ᠪᠣᠯᠭᠠᠭᠰᠠᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ | ᠤᠯᠠᠷᠢᠭᠤᠯᠤᠨ ᠬᠡᠷᠡᠭᠵᠢᠭᠦᠯᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠲᠤᠰᠬᠠᠶ ᠠᠰᠢᠭ | ᠨᠢᠭᠲᠠᠷᠬᠠᠰᠠᠨ ᠬᠡᠯᠪᠡᠷᠢ ᠶᠢᠨ ᠠᠵᠤ ᠦᠢᠯᠡᠰ ᠤᠨ ᠪᠠᠶᠢᠴᠠᠭᠠᠯᠲᠠ ᠶᠢ ᠴᠠᠭ ᠳᠣᠬᠠᠢ ᠳᠤᠨᠢ ᠲᠣᠬᠢᠷᠠᠭᠤᠯᠤᠨ | ᠥᠷᠨᠢᠭᠦᠯᠵᠦ᠂ ᠲᠤᠰᠬᠠᠶ ᠠᠰᠢᠭ ᠤᠨ ᠵᠠᠮᠴᠢᠯᠠᠬᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ | ᠲᠥᠷᠥᠯ ᠤᠨ ᠭᠤᠤᠯ ᠴᠣᠭᠴᠠ ᠦᠢᠯᠡᠳᠪᠦᠷᠢᠯᠡᠬᠦ ᠵᠢᠭᠠᠬᠤ ᠰᠤᠳᠤᠯᠬᠤ ᠪᠠᠷ ᠰᠠᠭᠤᠷᠢ ᠪᠣᠯᠭᠠᠬᠤ ᠶᠢ ᠳᠡᠮᠵᠢᠵᠦ᠂ | ᠣᠨᠴᠠᠯᠢᠠᠠᠳᠣ ᠠᠵᠢᠯ ᠲᠥᠷᠥᠯ ᠤᠨ ᠬᠦᠷᠢᠶ᠎ᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠤᠯᠪᠣᠭ᠎ᠠ ᠶᠢ ᠪᠠᠶᠢᠭᠤᠯᠤᠨ᠂ ᠬᠤᠯᠪᠣᠭᠠᠨ ᠤ ᠪᠦᠷᠢᠯᠳᠦᠬᠦᠨ ᠤ ᠰᠤᠳᠤᠯᠤᠨ ᠨᠡᠭᠡᠭᠡᠬᠦ ᠮᠡᠷᠭᠡᠵᠢᠯ ᠢᠶᠠᠨ ᠰᠢᠯᠵᠢᠭᠦᠯᠦᠨ | ᠥᠭᠬᠦ᠂ ᠵᠥᠪᠰᠢᠶᠡᠷᠡᠯ ᠢᠶᠠᠷ ᠡᠷᠬᠡ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠢ ᠭᠦᠢᠴᠡᠳ ᠬᠡᠷᠡᠭᠵᠢᠭᠦᠯᠵᠦ ᠬᠡᠷᠡᠭᠯᠡᠬᠦ ᠶᠢᠨ ᠬᠠᠮᠲᠤ ᠵᠣᠬᠢᠬᠤ ᠠᠰᠢᠭ ᠣᠯᠵᠠᠪᠤᠷᠢ ᠣᠯᠬᠤ ᠶᠢ | ᠵᠣᠷᠢᠭᠵᠢᠭᠤᠯᠤᠨ᠎ᠠ᠃ ᠤᠯᠤᠰ ᠤᠨ ᠲᠤᠰᠬᠠᠶ ᠠᠰᠢᠭ ᠤᠨ ᠵᠥᠪᠰᠢᠶᠡᠷᠡᠯ ᠢ ᠨᠡᠭᠡᠭᠡᠬᠦ ᠳᠦᠷᠢᠮ ᠢ ᠬᠡᠷᠡᠭᠵᠢᠭᠦᠯᠵᠦ᠂ | ᠰᠢᠨ᠎ᠡ ᠶᠢ ᠡᠭᠦᠳᠬᠦ ᠭᠤᠤᠯ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠵᠥᠪᠰᠢᠶᠡᠷᠡᠬᠦ ᠪᠤᠶᠤ ᠡᠷᠬᠡ ᠶᠢᠨ | ᠪᠠᠶᠢᠳᠠᠯ ᠲᠣᠭᠲᠠᠭᠤᠨ ᠪᠠᠶᠢᠬᠤ ᠥᠨᠳᠥᠷ ᠥᠷᠲᠡᠭ ᠤᠨ ᠭᠤᠤᠯᠯᠠᠬᠤ ᠮᠡᠷᠭᠡᠵᠢᠯ ᠢ ᠣᠷᠣᠭᠤᠯᠤᠨ ᠠᠪᠴᠢᠷᠠᠨ᠎ᠠ᠃ | 12. ᠤᠯᠤᠰ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ ︽ᠨᠢᠭᠡ ᠪᠦᠰᠡ | ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢᠨ | ᠬᠡᠷᠡᠭᠴᠡᠭᠡ ᠱᠠᠭᠠᠷᠳᠠᠯᠭ᠎ᠠ ᠳᠤ ᠭᠦᠨᠵᠡᠭᠡᠶ ᠠᠭᠤᠰᠤᠯᠴᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ | ᠪᠠᠶᠢᠭᠤᠯᠬᠤ ᠤᠯᠤᠰ ᠪᠠ ᠭᠠᠵᠠᠷ ᠣᠷᠣᠨ ᠯᠤᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠮᠠᠨ ᠤ ᠠᠶᠢᠮᠠᠭ ᠤᠨ ᠳᠤᠮᠳᠠᠳᠤ ᠧᠦ᠋ᠷᠣᠫᠠ ᠶᠢᠨ ᠭᠠᠵᠠᠷ | ᠵᠦᠶ ᠶᠢᠨ ᠲᠡᠮᠳᠡᠭ ᠤᠨ ᠬᠡᠯᠡᠯᠴᠡᠭᠡᠷ ᠤᠨ ᠨᠠᠷᠢᠨ ᠲᠠᠩᠰᠠ ᠳᠤ ᠰᠣᠩᠭᠤᠭᠳᠠᠭᠰᠠᠨ ︽ᠠᠯᠠᠱᠠ ᠶᠢᠨ ᠬᠤᠤᠰ ᠪᠥᠬᠦᠲᠦ | ᠲᠡᠮᠡᠭᠡ︾᠂ ︽ᠠᠯᠠᠱᠠ ᠶᠢᠨ ᠴᠠᠭᠠᠨ ᠨᠣᠯᠣᠣᠷᠳᠣ ᠢᠮᠠᠭ᠎ᠠ︾ ᠵᠡᠷᠭᠡ 2 ᠭᠠᠵᠠᠷ ᠵᠦᠶ ᠶᠢᠨ ᠲᠡᠮᠳᠡᠭᠲᠦ | ᠪᠦᠲᠦᠭᠡᠭᠳᠡᠬᠦᠨ ᠤ ᠬᠠᠮᠠᠭᠠᠯᠠᠯᠲᠠ ᠶᠢ ᠰᠠᠶᠢᠲᠤᠷ ᠬᠢᠨ᠎ᠠ᠃ ᠠᠯᠠᠱᠠ ᠶᠢᠨ ᠭᠠᠵᠠᠷ ᠵᠦᠶ ᠶᠢᠨ ᠲᠡᠮᠳᠡᠭ ᠲᠠᠢ | ᠪᠦᠲᠦᠭᠡᠭᠳᠡᠬᠦᠨ ᠤ ᠰᠣᠩᠭᠤᠭᠳᠠᠭᠰᠠᠨ ᠬᠠᠷᠢᠯᠴᠠᠨ ᠮᠡᠳᠡᠷᠡᠬᠦ ᠨᠠᠷᠢᠨ ᠲᠠᠩᠰᠠ ᠶᠢ ᠨᠠᠩ ᠣᠯᠠᠨ ᠠᠬᠢᠭᠤᠯᠤᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠠᠳᠠᠭᠠᠳᠤ ᠳᠠᠬᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠭᠠᠳᠠᠭᠠᠳᠤ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠶᠤᠯ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠥᠨᠳᠥᠷ ᠦᠷ᠎ᠡ ᠪᠦᠲᠦᠮᠵᠢᠲᠡᠶ | ᠲᠣᠭᠲᠠᠴᠠ ᠶᠢ ᠪᠤᠶ ᠪᠣᠯᠭᠠᠨ᠎ᠠ᠃ | ︵ᠲᠦᠷᠪᠡ︶ ᠠᠷᠠᠳ ᠲᠤ ᠳᠦᠭᠦᠮ ᠪᠦᠭᠡᠳ ᠠᠰᠢᠭ ᠬᠦᠷᠳᠡᠭᠡᠭᠰᠡᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ | 13. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠴᠢᠩᠭᠠᠷᠠᠭᠤᠯᠤᠨ᠎ᠠ᠃ ᠵᠠᠰᠠᠭ ᠤᠨ ᠣᠷᠳᠣᠨ᠂ ᠪᠠᠩᠬᠢ᠂ ᠳᠠᠭᠠᠳᠬᠠᠯ ᠤᠨ ᠪᠠᠶᠢᠭᠤᠯᠤᠮᠵᠢ᠂ ᠳᠠᠭᠠᠭᠠᠯᠲᠠ ᠶᠢᠨ | ᠪᠠᠶᠢᠭᠤᠯᠤᠮᠵᠢ ᠶᠢᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢ ᠤᠯᠠᠷᠢᠭᠤᠯᠤᠨ ᠪᠠᠯᠠ ᠳᠣᠭᠢᠷᠠᠭᠤᠯᠬᠤ ᠠᠷᠭ᠎ᠠ ᠵᠠᠮ ᠢ | ᠥᠷᠭᠡᠳᠬᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳ᠋ ᠬᠥᠷᠥᠩᠭᠡ ᠶᠢ ᠦᠨᠡᠯᠡᠨ ᠵᠢᠱᠢᠬᠦ᠂ | ᠠᠵᠤ ᠠᠬᠤᠶᠢᠯᠠᠯ ᠢ ᠰᠢᠭᠰᠢᠨ ᠰᠣᠩᠭᠤᠬᠤ᠂ ᠲᠦᠭᠰᠢᠭᠦᠷᠢ ᠶᠢ ᠦᠨᠡᠯᠡᠬᠦ ᠪᠠ ᠪᠣᠳᠠᠰ ᠡᠳ᠋ ᠢ ᠰᠢᠢᠳᠪᠦᠷᠢᠯᠡᠬᠦ ᠵᠡᠷᠭᠡ | ᠪᠥᠬᠦ ᠴᠤᠪᠤᠷᠠᠯ ᠤᠨ ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠳᠠᠨᠵᠢᠯᠠᠭ᠎ᠠ ᠲᠠᠢ ᠪᠠᠯᠠ ᠳᠣᠭᠢᠷᠠᠭᠤᠯᠬᠤ᠂ ᠲᠤᠰᠬᠠᠶ ᠠᠰᠢᠭ ᠤᠨ ᠳᠠᠭᠠᠳᠬᠠᠯ ᠵᠡᠷᠭᠡ | ᠲᠤᠬᠠᠶᠢᠯᠠᠭᠰᠠᠨ ᠠᠵᠢᠯ ᠥᠷᠨᠢᠭᠦᠯᠬᠦ ᠶᠢ ᠠᠬᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ | ᠳᠠᠨᠵᠢᠯᠠᠵᠤ ᠪᠠᠯᠠ ᠳᠣᠭᠢᠷᠠᠭᠤᠯᠬᠤ ︽ᠬᠦᠷᠢᠶᠡᠯᠡᠩ ᠳᠤ ᠣᠷᠣᠵᠤ ᠠᠵᠤ ᠠᠬᠤᠶᠢᠯᠠᠯ ᠳᠤ ᠠᠰᠢᠭ ᠬᠦᠷᠲᠡᠭᠡᠬᠦ︾ | ᠲᠤᠰᠬᠠᠶ ᠠᠵᠢᠯᠯᠠᠭ᠎ᠠ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠯᠠ | ᠲᠣᠬᠢᠷᠠᠭᠤᠯᠭ᠎ᠠ ᠪᠠᠷ ᠳᠠᠨᠵᠢᠯᠠᠬᠤ ᠲᠦᠭᠰᠢᠭᠦᠷᠢ ᠶᠢᠨ ᠨᠥᠬᠦᠪᠥᠷᠢ ᠦᠭᠭᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | 14. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯᠯᠠᠭᠠᠨ ᠳᠤ ᠦᠢᠯᠡᠴᠢᠯᠡᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠣᠤᠷ ᠴᠡᠭ ᠤᠨ ᠪᠠᠶᠢᠭᠤᠯᠤᠯᠲᠠ ᠶᠢ ᠲᠦᠷᠭᠡᠳᠬᠡᠨ᠂ ᠠᠶᠢᠮᠠᠭ ᠤᠨ ᠳᠣᠲᠣᠷᠠᠬᠢ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠵᠡᠷᠭᠡ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠡᠭᠡᠭᠡᠯᠲᠡ ᠶᠢᠨ ᠣᠷᠣᠨ᠂ ᠵᠢᠱᠢᠶ᠎ᠡ | ᠦᠵᠡᠭᠦᠯᠬᠦ ᠣᠷᠣᠨ ᠵᠡᠷᠭᠡ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠳᠤ ᠭᠦᠨᠵᠡᠭᠡᠢ | ᠠᠭᠤᠰᠤᠯᠴᠠᠬᠤ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠣᠷᠣᠯᠠᠨ ᠭᠦᠢᠴᠡᠳᠬᠡᠬᠦ᠂ | ᠬᠠᠤᠯᠢ ᠴᠠᠭᠠᠵᠠ᠂ ᠮᠡᠳᠡᠭᠡ ᠵᠠᠩᠭᠢ᠂ ᠯᠠᠪᠯᠠᠯᠭ᠎ᠠ ᠥᠭᠬᠦ ᠵᠡᠷᠭᠡ ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠦᠴᠦᠯᠡᠨ | ᠳᠡᠭᠡᠭᠰᠢᠯᠡᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠡᠳ᠋ ᠬᠥᠷᠥᠩᠭᠡ ᠶᠢ ᠦᠨᠡᠯᠡᠨ ᠵᠢᠱᠢᠬᠦ᠂ ᠠᠷᠠᠯᠵᠢᠶᠠᠯᠠᠬᠤ᠂ ᠤᠯᠠᠷᠢᠭᠤᠯᠬᠤ᠂ ᠨᠠᠶᠢᠳᠠᠨ | ᠬᠠᠮᠢᠶᠠᠷᠤᠭᠤᠯᠬᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠦᠷᠳᠡᠭ ᠨᠡᠮᠡᠭᠳᠡᠭᠦᠯᠬᠦ ᠦᠢᠯᠡᠴᠢᠯᠡᠭᠡ ᠶᠢ | ᠵᠢᠷᠤᠮᠵᠢᠭᠤᠯᠤᠨ ᠥᠷᠨᠢᠭᠦᠯᠬᠦ ᠶᠢ ᠳᠡᠮᠵᠢᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ | ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠢ ᠬᠥᠲᠥᠯᠦᠨ | ᠵᠢᠯᠣᠭᠤᠳᠴᠤ ᠪᠠᠶᠢᠭᠠᠳ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠭᠲᠠᠭᠠᠯ ᠳᠤ ᠨᠡᠶᠢᠴᠡᠭᠰᠡᠨ ᠬᠠᠮᠢᠶᠠᠷᠤᠯᠲᠠ ᠶᠢᠨ ᠰᠢᠰᠲ᠋ᠧᠮᠵᠢ ᠶᠢᠨ ᠱᠠᠭᠠᠷᠳᠠᠯᠭ᠎ᠠ ︵GB/T29490 — | 2023︶︾ ᠶᠢᠨ ᠤᠯᠤᠰ ᠤᠨ ᠪᠠᠷᠢᠮᠵᠢᠶ᠎ᠠ ᠪᠠ ︽ᠰᠢᠨ᠎ᠡ ᠶᠢ ᠡᠭᠦᠳᠬᠦ ᠬᠠᠮᠢᠶᠠᠷᠤᠯᠲᠠ — ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠢᠶᠠᠷᠬᠤ ᠵᠢᠯᠣᠭᠤᠳᠣᠮᠵᠢ ︵ISO56005︶︾ ᠶᠢᠨ ᠣᠯᠠᠨ | ᠤᠯᠤᠰ ᠤᠨ ᠪᠠᠷᠢᠮᠵᠢᠶ᠎ᠠ ᠶᠢ ᠲᠤᠤᠱᠯᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ | ᠶᠠᠪᠤᠴᠠ ᠶᠢᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ᠎ᠡ᠃ | 15. ᠪᠥᠬᠦ ᠲᠠᠯ᠎ᠠ ᠶᠢᠨ ᠤᠬᠠᠭᠤᠯᠭ᠎ᠠ ᠶᠢᠨ ᠪᠠᠶᠢᠷᠢᠰᠢᠯ ᠢ ᠪᠠᠶᠢᠭᠤᠯᠤᠨ᠎ᠠ᠃ ᠰᠣᠶᠣᠯ ᠤᠨ ᠣᠶᠢᠯᠠᠭᠠᠭᠳᠠᠬᠤᠨ ᠢ | ᠬᠦᠨᠵᠡᠭᠡᠶᠢᠷᠡᠬᠦᠯᠵᠦ᠂ ᠠᠷᠠᠳ ᠢᠷᠭᠡᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠤᠬᠠᠮᠰᠠᠷ ᠠᠴᠠ ᠪᠠᠨ ᠬᠦᠨᠳᠦᠳᠬᠡᠬᠦ ᠪᠠ ᠬᠠᠮᠠᠭᠠᠯᠠᠬᠤ ᠳᠠᠳᠬᠠᠯ ᠢ ᠬᠥᠮᠦᠵᠢᠭᠦᠯᠵᠦ᠂ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ ᠪᠠ ᠬᠠᠮᠠᠭᠠᠯᠠᠬᠤ | ᠨᠡᠶᠢᠭᠡᠮ ᠤᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠶ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠰᠣᠶᠣᠯ ᠤᠨ ᠤᠯᠠᠮᠵᠢᠯᠠᠨ ᠲᠠᠷᠬᠠᠭᠠᠬᠤ ᠪᠥᠬᠦ ᠲᠠᠯ᠎ᠠ ᠶᠢᠨ ᠵᠢᠭᠰᠠᠭᠠᠯ ᠤᠨ ᠭᠠᠵᠠᠷ ᠢ | ᠪᠠᠶᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ | ᠵᠠᠭᠤᠴᠢᠯᠠᠭᠤᠷ ᠢ ᠪᠦᠲᠦᠮᠵᠢᠲᠡᠢ ᠠᠰᠢᠭᠯᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠶᠤᠯ ᠢ | ᠠᠭᠤᠰᠤᠯᠴᠠᠭᠤᠯᠤᠨ ᠤᠯᠠᠮᠵᠢᠯᠠᠵᠤ᠂ ᠡᠯ᠎ᠡ ᠵᠦᠢᠯ ᠤᠨ ᠴᠢᠬᠤᠯᠠ ᠠᠵᠢᠯᠯᠠᠭ᠎ᠠ ᠶᠢ ᠭᠦᠢᠴᠡᠳ ᠠᠰᠢᠭᠯᠠᠨ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ | ᠣᠶᠢᠯᠠᠭᠠᠭᠳᠠᠬᠤᠨ ᠢ ᠥᠷᠭᠡᠨ ᠢᠶᠠᠷ ᠤᠬᠠᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ︽ᠲᠠᠪᠤ ᠳᠤ ᠣᠷᠣᠭᠤᠯᠬᠤ︾ ᠠᠵᠢᠯᠯᠠᠭ᠎ᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠲᠥᠯᠥᠪᠯᠡᠭᠡ ᠳᠤ ᠣᠷᠣᠭᠤᠯᠤᠨ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠬᠢᠭᠡᠳ ᠬᠠᠤᠯᠢ ᠪᠠᠷ ᠵᠠᠰᠠᠬᠤ ᠶᠢ ᠬᠠᠷᠢᠯᠴᠠᠨ | ᠠᠬᠢᠭᠤᠯᠵᠤ᠂ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | 16. ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠠᠯᠠᠱᠠ | ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ | ᠭᠠᠵᠠᠷ ᠢ ᠪᠥᠲᠥᠭᠡᠨ ᠪᠠᠶᠢᠭᠤᠯᠵᠤ᠂ ᠺᠠᠳ᠋ᠷᠴᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠯᠪᠠᠨ ᠲᠤᠰᠢᠶᠠᠯᠲᠤ ᠬᠠᠤᠯᠢᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠰᠦᠪᠡᠭᠴᠢᠯᠡᠵᠦ᠂ ᠲᠤᠰᠬᠠᠶ ᠠᠰᠢᠭ ᠤᠨ ᠣᠷᠣᠯᠠᠨ ᠭᠦᠢᠴᠡᠳᠬᠡᠭᠴᠢ ᠶᠢᠨ ᠡᠩᠨᠡᠭᠡ ᠶᠢ | ᠪᠤᠵᠠᠭᠠᠶᠢᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠯ᠎ᠡ ᠲᠥᠷᠥᠯ ᠤᠨ ᠪᠣᠳᠠᠲᠤ | ᠶᠠᠪᠤᠳᠠᠯ ᠤᠨ ᠴᠢᠳᠠᠪᠤᠷᠢᠲᠠᠨ ᠢ ᠬᠥᠮᠦᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠣᠳᠠᠲᠤ | ᠶᠠᠪᠤᠳᠠᠯ ᠤᠨ ᠪᠣᠯᠪᠠᠰᠤᠷᠠᠯ ᠢ ᠥᠷᠨᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠷᠡᠭᠦᠦ ᠶᠢᠨ ᠬᠡᠷᠡᠭ ᠤᠨ | ᠬᠠᠤᠯᠢ ᠴᠠᠭᠠᠵᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠠᠵᠢᠯᠲᠠᠨ ᠤ | ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠠᠵᠢᠯ ᠳᠠᠬᠢ | ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠬᠡᠰᠡᠭ ᠲᠠᠯ᠎ᠠ ᠶᠢᠨ ᠬᠠᠮᠲᠤᠷᠠᠭᠰᠠᠨ | ᠬᠤᠷᠠᠯ ᠤᠨ ᠲᠦᠷᠢᠮ ᠢ ᠪᠠᠶᠢᠭᠤᠯᠤᠨ᠂ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠵᠣᠬᠢᠴᠠᠭᠤᠯᠬᠤ᠂ ᠳᠡᠭᠡᠳᠦ | ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ ᠬᠤᠰᠢᠭᠤ ︵ | ᠣᠷᠣᠨ︶ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠴᠢᠬᠤᠯᠠ ᠶᠡᠭᠡ ᠠᠰᠠᠭᠤᠳᠠᠯ ᠢ | ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠬᠤ ᠬᠡᠷᠡᠭᠲᠡᠶ᠃ | ︵ᠬᠤᠶᠠᠷ︶ ᠳᠡᠮᠵᠢᠯᠭᠡ ᠪᠠᠲᠤᠯᠠᠭ᠎ᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠶᠢ | ᠪᠠᠲᠤᠯᠠᠬᠤ ᠳᠦᠷᠢᠮ ᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ | ᠵᠠᠷᠤᠳᠠᠯ ᠢ ᠠᠶᠢᠮᠠᠭ᠂ ᠬᠤᠰᠢᠭᠤ ︵ᠣᠷᠣᠨ︶ ᠬᠤᠶᠠᠷ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠦ | ᠂ ᠡᠳ᠋ ᠤᠨ ᠬᠦᠴᠦᠨ ᠢᠶᠠᠨ ᠦᠨᠳᠦᠰᠦᠯᠡᠨ ᠪᠡᠯᠡ ᠮᠥᠩᠭᠦ ᠶᠢᠨ ᠣᠷᠣᠭᠤᠯᠤᠯᠲᠠ ᠶᠢ ᠴᠠᠭ ᠳᠣᠬᠠᠢ ᠳᠤᠨᠢ | ᠲᠣᠬᠢᠷᠠᠭᠤᠯᠤᠨ ᠨᠡᠮᠡᠭᠳᠡᠭᠦᠯᠬᠦ ᠬᠡᠷᠡᠭᠲᠡᠶ᠃ ᠡᠳ᠋ ᠤᠨ ᠵᠠᠰᠠᠭ ᠭᠠᠶᠢᠯᠢ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ | ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ | ᠣᠯᠠᠨ ᠡᠰᠢᠵᠢᠭᠰᠡᠨ᠂ ᠣᠯᠠᠨ ᠠᠷᠭ᠎ᠠ ᠵᠠᠮ ᠪᠦᠬᠦᠢ ᠪᠡᠯᠡ ᠮᠥᠩᠭᠦ ᠶᠢᠨ ᠣᠷᠣᠭᠤᠯᠤᠯᠲᠠ ᠶᠢᠨ ᠰᠢᠰᠲ᠋ᠧᠮᠵᠢ ᠶᠢ ᠪᠣᠶ | ᠪᠣᠯᠭᠠᠵᠤ᠂ ᠭᠤᠤᠯᠳᠠᠯᠭ᠎ᠠ ᠪᠠᠨ ᠲᠣᠪᠤᠶᠢᠯᠭᠠᠨ᠂ ᠪᠦᠲᠦᠴᠡ ᠪᠠᠨ ᠰᠢᠯᠢᠳᠡᠭᠵᠢᠭᠦᠯᠵᠦ᠂ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃ | ︵ᠭᠤᠷᠪᠠ︶ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠳᠬᠠᠨ᠎ᠠ᠃ ᠡᠯ᠎ᠡ ᠬᠤᠰᠢᠭᠤ ︵ᠣᠷᠣᠨ︶ ᠨᠢ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠠᠶᠢᠮᠠᠭ ᠢᠶᠠᠨ ᠬᠦᠴᠦᠷᠭᠡᠭᠵᠢᠬᠦᠯᠬᠦ ᠪᠠᠶᠢᠭᠤᠯᠤᠯᠲᠠ ᠶᠢᠨ | ᠠᠵᠢᠯ ᠢ ᠡᠯ᠎ᠡ ᠱᠠᠲᠤᠨ ᠤ ᠤᠳᠤᠷᠢᠳᠬᠤ ᠪᠠᠭ ᠤᠨ ᠪᠣᠳᠠᠲᠤ ᠠᠮᠵᠢᠯᠲᠠ ᠶᠢ ᠰᠢᠯᠭᠠᠨ ᠬᠢᠨᠠᠬᠤ ᠠᠭᠤᠯᠭ᠎ᠠ ᠳᠤ | ᠣᠷᠣᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠢ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ | ᠡᠷᠴᠢᠮ ᠢᠶᠠᠨ ᠴᠢᠩᠭᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠠᠶᠢᠮᠠᠭ ᠢᠶᠠᠨ | ᠬᠦᠴᠦᠷᠭᠡᠭᠵᠢᠬᠦᠯᠬᠦ ᠪᠠᠶᠢᠭᠤᠯᠤᠯᠲᠠ ᠶᠢᠨ ᠠᠵᠢᠯ ᠢ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠠᠶᠢᠮᠠᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ︶ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠲᠣᠭᠲᠠᠮᠠᠯ ᠬᠤᠭᠤᠴᠠᠭ᠎ᠠ ᠲᠠᠢ ᠪᠠᠷ | ᠬᠢᠨᠠᠨ ᠬᠡᠮᠵᠢᠬᠦ ᠪᠠ ᠦᠨᠡᠯᠡᠨ ᠵᠢᠱᠢᠵᠦ ᠳ᠋ᠦᠩᠨᠡᠵᠦ᠂ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠰᠢᠮᠳᠠᠭᠤᠯᠤᠨ ᠪᠠᠶᠢᠴᠠᠭᠠᠵᠤ᠂ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠷᠠᠭᠤᠯᠬᠤ ᠬᠡᠷᠡᠭᠲᠡᠶ᠃ ᠡᠯ᠎ᠡ ᠬᠤᠰᠢᠭᠤ ︵ᠣᠷᠣᠨ︶ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠲᠣᠰ | ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠵᠠᠳᠠᠯᠵᠤ᠂ ᠬᠡᠷᠡᠭᠵᠢᠭᠦᠯᠬᠦ ᠳᠤᠮᠳᠠ ᠲᠤᠯᠭᠠᠷᠠᠭᠰᠠᠨ | ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ | ᠠᠶᠢᠮᠠᠭ ᠤᠨ ᠨᠠᠮ ᠤᠨ ᠬᠤᠷᠢᠶ᠎ᠠ ᠪᠠ ᠵᠠᠬᠢᠷᠭ᠎ᠠ ᠳᠤ ᠮᠡᠳᠡᠬᠦᠯᠵᠦ ᠵᠢᠭᠠᠪᠤᠷᠢ ᠠᠪᠬᠤ ᠬᠡᠷᠡᠭᠲᠡᠶ᠃ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | |