ᠬᠤᠸᠠᠩ ᠶᠠ ᠯᠢ ᠬᠤᠲᠠ ᠶᠢᠨ ᠴᠡᠴᠡᠷᠯᠢᠭ ᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/26
    3 ᠳ᠋ᠤᠭᠠᠷ ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠬᠦᠷᠴᠦ᠂ ᠬᠤᠲᠠ ᠶᠢᠨ ᠴᠡᠴᠡᠷᠯᠢᠭ ᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠪᠠᠶᠢᠴᠠᠭᠠᠨ ᠰᠤᠳᠤᠯᠪᠠ᠃
     ᠬᠤᠸᠠᠩ ᠶᠠ ᠯᠢ ᠣᠪᠣᠭᠠᠨ ᠭᠤᠣᠯ ᠠᠮᠢ ᠠᠬᠤᠢ ᠶᠢᠨ ᠴᠡᠴᠡᠷᠯᠢᠭ ᠲᠤ ᠬᠠᠮᠢᠶ᠎ᠠ ᠪᠦᠬᠦᠢ ᠲᠠᠨᠢᠯᠴᠠᠭᠤᠯᠭ᠎ᠠ ᠶᠢ ᠰᠣᠨᠣᠰᠴᠤ᠂ ᠶᠡᠷᠦᠩᠬᠡᠢ ᠪᠠᠶᠢᠷᠢᠰᠢᠭᠤᠯᠤᠯᠲᠠ᠂ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠪᠣᠯᠣᠨ ᠦᠢᠯᠡᠳᠦᠯ ᠢ ᠪᠠᠳᠠᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠲᠠ ᠶᠢᠨ ᠴᠡᠴᠡᠷᠯᠢᠭ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠪᠥᠲᠥᠭᠡᠨ ᠪᠠᠶᠢᠭᠤᠯᠵᠤ᠂ ᠰᠠᠶᠢᠲᠤᠷ ᠬᠠᠮᠢᠶᠠᠷᠬᠤ ᠪᠣᠯ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠡᠭᠡ ᠶᠠᠪᠤᠳᠠᠯ᠂ ᠪᠣᠳᠠᠲᠤ ᠶᠠᠪᠤᠳᠠᠯ ᠮᠥᠨ᠃ ᠣᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠠᠯᠠᠱᠠ ᠶᠢᠨ ᠣᠨᠴᠠᠯᠢᠭ ᠢ ᠳᠣᠪᠤᠶᠢᠯᠭᠠᠨ᠂ ᠬᠤᠲᠠ ᠶᠢᠨ ᠴᠡᠴᠡᠷᠯᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠲᠣ ᠶᠢᠨ ᠪᠠᠶᠢᠭ᠎ᠠ ᠲᠥᠬᠦᠭᠡᠷᠦᠮᠵᠢ ᠪᠠ ᠦᠵᠡᠮᠵᠢ ᠶᠢᠨ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠥᠬᠡᠶ᠂ ᠭᠠᠩ ᠬᠠᠭᠰᠠᠷᠠᠭᠠᠨ ᠳᠤ ᠳᠠᠭᠠᠭᠠᠮᠠᠭᠠᠶ ᠣᠶᠢᠲᠤ ᠭᠠᠵᠠᠷ ᠢ ᠢᠯᠡᠭᠦᠬᠡᠨ ᠬᠡᠷᠡᠭᠯᠡᠵᠦ᠂ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠰᠡᠯᠡᠭᠦᠴᠡᠯ ᠵᠤᠭ᠎ᠠ ᠴᠡᠩᠭᠡᠯ ᠤᠨ ᠴᠢᠳᠠᠮᠵᠢ ᠶᠢ ᠨᠡᠮᠡᠭᠳᠡᠭᠦᠯᠵᠦ᠂ ᠬᠥᠮᠦᠨ ᠤ ᠲᠤᠭ᠎ᠠ ᠶᠢ ᠨᠡᠮᠡᠭᠳᠡᠭᠦᠯᠵᠦ᠂ ᠣᠯᠠᠨ ᠲᠦᠮᠡᠨ ᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠵᠤ᠂ ᠬᠤᠲᠠ ᠶᠢᠨ ᠴᠡᠴᠡᠷᠯᠢᠭ ᠢ ᠦᠨᠡᠨ ᠬᠦ ᠥᠷᠭᠡᠨ ᠣᠯᠠᠨ ᠰᠠᠭᠤᠭᠠᠯᠢ ᠠᠷᠠᠳ ᠪᠠ ᠵᠤᠭᠠᠴᠠᠭᠰᠠᠳ ᠤᠨ ᠲᠣᠭᠤᠷᠢᠨ ᠦᠵᠡᠬᠦ᠂ ᠠᠮᠠᠷᠠᠵᠤ ᠰᠡᠯᠡᠭᠦᠴᠡᠬᠦ ᠳᠤ ᠵᠠᠪᠠᠯ ᠱᠠᠭᠠᠷᠳᠠᠭᠳᠠᠬᠤ ᠭᠠᠵᠠᠷ ᠪᠣᠯᠭᠠᠬᠤ ᠬᠡᠷᠡᠭᠲᠡᠶ ᠭᠡᠪᠡ᠃      ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠸᠧᠶ ᡁᠢ ᠭᠦᠸᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号