ᠪᠠᠢ ᠬᠠᠢ ᠯᠢᠨ ᠵᠢᠢ ᠯᠢ ᠬᠤᠪᠢ ᠡᠵᠡᠮᠳᠡᠭᠰᠡᠨ ᠪᠦᠯᠦᠭᠯᠡᠯ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠦᠯᠦᠭᠯᠡᠯ᠂ ᠶᠦᠨ ᠳ᠋ᠠ ᠡᠨᠧᠷᠭᠢ ᠶᠢᠨ ᠪᠦᠯᠦᠭᠯᠡᠯ ᠤᠨ ᠠᠵᠤ ᠠᠬᠤᠶᠢᠯᠠᠯᠲᠠᠨ ᠤ ᠲᠥᠯᠥᠭᠡᠯᠡᠭᠴᠢ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2024/3/27
    3 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠵᠧᠵᠢᠶᠠᠩ ᠤᠨ ᠵᠢᠢ ᠯᠢ ᠬᠤᠪᠢ ᠡᠵᠡᠮᠳᠡᠭᠰᠡᠨ ᠪᠦᠯᠦᠭᠯᠡᠯ᠂ ᠳᠤᠮᠳᠠᠳᠤ ᠤᠯᠤᠰ ᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠦᠯᠦᠭᠯᠡᠯ ᠤᠨ ᠰᠢᠨ᠎ᠡ ᠡᠨᠧᠷᠭᠢ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠂ ᠶᠦᠨ ᠳ᠋ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠲᠠᠢ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠪᠠ ᠪᠥᠬᠦ ᠠᠵᠤ ᠦᠢᠯᠡᠰ ᠤᠨ ᠬᠡᠯᠬᠢᠶ᠎ᠡ ᠶᠢ ᠬᠦᠭᠵᠢᠬᠦᠯᠬᠦ ᠲᠣᠭᠤᠷᠢᠨ ᠳᠤ ᠭᠦᠨᠵᠡᠭᠡᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃
     ᠪᠠᠢ ᠬᠠᠢ ᠯᠢᠨ ᠠᠵᠤ ᠠᠬᠤᠶᠢᠯᠠᠯᠲᠠᠳ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠬᠦᠴᠦ ᠪᠠᠨ ᠲᠥᠪᠯᠡᠷᠡᠭᠦᠯᠦᠨ ᠳ᠋ᠦᠩᠰᠢᠭᠤᠷ ᠺᠢᠯᠣᠸᠠᠲ ᠤᠨ ᠰᠢᠨ᠎ᠡ ᠡᠨᠧᠷᠭᠢ ᠶᠢᠨ ᠲᠤᠮᠤ ᠰᠠᠭᠤᠷᠢᠨ ᠢ ᠪᠦᠳᠦᠭᠡᠨ ᠪᠠᠶᠢᠭᠤᠯᠵᠤ ᠪᠠᠶᠢᠨ᠎ᠠ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ  ᠢᠷᠡᠭᠡᠳᠦᠢ ᠮᠠᠰᠢ ᠭᠡᠭᠡᠨ ᠰᠠᠷᠠᠭᠤᠯ ᠪᠠᠶᠢᠨ᠎ᠠ᠃ ᠠᠵᠤ ᠠᠬᠤᠶᠢᠯᠠᠯ ᠤᠨ ᠬᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠯᠠᠱᠠ ᠲᠠᠢ ᠬᠠᠮᠲᠤ ᠪᠠᠷ ᠬᠤᠣᠰ ᠴᠢᠭᠯᠡᠯ ᠢᠶᠠᠷ ᠬᠦᠴᠦᠯᠡᠵᠦ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ ᠴᠡᠪᠡᠷ ᠡᠨᠧᠷᠭᠢ ᠶᠢ ᠰᠢᠩᠭᠡᠭᠡᠬᠦ᠂ ᠡᠭᠦᠰᠭᠡᠭᠴᠢ ᠳᠣᠣᠷ ᠳᠠᠭᠠᠭᠠᠴᠠ ᠨᠦᠬᠡᠴᠡ᠂ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠤᠨ ᠲᠦᠷᠦᠯ ᠵᠦᠢᠯ ᠢ ᠲᠦᠷᠭᠡᠨ ᠪᠠᠶᠢᠷᠢᠰᠢᠭᠤᠯᠤᠨ ᠠᠬᠢᠭᠤᠯᠵᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠳᠦᠪᠯᠡᠷᠡᠯ ᠢ ᠬᠦᠴᠦ ᠪᠠᠨ ᠬᠠᠮᠲᠤᠳᠬᠠᠨ ᠪᠠᠶᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ᠂ ᠨᠡᠩ ᠰᠠᠶᠢᠨ ᠬᠥᠭᠵᠢᠯᠲᠡ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠠᠯᠠᠱᠠ ᠶᠢᠨ ᠬᠢᠨ ᠢᠳᠡᠪᠬᠢᠲᠡᠶ ᠪᠠᠷ ᠴᠢᠷᠮᠠᠶᠢᠨ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠡᠯ᠎ᠡ ᠵᠦᠢᠯ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠲᠡᠮᠵᠢᠨ᠎ᠠ ᠭᠡᠪᠡ᠃
     ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠳ᠂ ᠠᠯᠠᠱᠠ ᠶᠢᠨ ᠰᠠᠯᠬᠢ ᠬᠡᠷᠡᠯ ᠪᠣᠯᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠳᠠᠪᠠᠭᠤᠯᠢᠭ ᠲᠤᠪᠤᠶᠢᠮ᠎ᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠡᠷᠴᠢᠮᠳᠡᠢ ᠪᠠᠶᠢᠨ᠎ᠠ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠶᠢ ᠲᠦᠷᠭᠡᠳᠬᠡᠵᠦ᠂ ᠬᠠᠮᠲᠤᠷᠠᠯᠴᠠᠭᠠᠨ ᠤ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠵᠦ ᠰᠠᠨᠠᠯ ᠨᠢᠭᠡᠲᠡᠢ ᠢᠯᠡᠳᠬᠡᠪᠡ᠃
     ᠪᠦᠦ ᠶᠧ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号