ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/27
     3 ᠰᠠᠷ᠎ᠠ ᠶᠢᠨ 26 ᠤ ᠡᠳᠤᠷ᠂ ᠠᠶᠢᠮᠠᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠠᠶᠢᠮᠠᠭ ᠤᠨ ᠲᠠᠷᠤᠭ᠎ᠠ ᠪᠠᠢ ᠬᠠᠢ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠤ ᠠᠯᠠᠱᠠ ᠠᠶᠢᠮᠠᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ᠂  ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠠᠵᠢᠯ ᠢ ᠠᠬᠢᠭᠤᠯᠬᠤ ᠲᠥᠰᠦᠯ᠂ ᠬᠤᠲᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠡᠷᠡᠭᠵᠢᠭᠦᠯᠬᠦ ᠲᠥᠰᠦᠯ᠂ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠬᠤ︾ ᠢᠨᠵᠧᠨᠧᠷᠢᠩ ᠤᠨ ᠬᠡᠷᠡᠭᠵᠢᠭᠦᠯᠬᠦ ᠲᠥᠰᠦᠯ ᠪᠣᠯᠤᠨ ᠴᠢᠯᠥᠭᠡᠲᠦ ᠠᠷᠠᠯᠵᠢᠶᠠᠨ ᠤ ᠣᠷᠣᠨ ᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠠᠭᠤᠯᠪᠤᠷᠢᠯᠠᠨ ᠳᠡᠯᠭᠡᠷᠡᠬᠦᠯᠬᠦ ᠠᠷᠭ᠎ᠠ ᠬᠡᠮᠵᠢᠶ᠎ᠡ ᠶᠢ ᠰᠣᠳᠣᠯᠣᠨ ᠬᠢᠨᠠᠨ ᠵᠦᠪᠯᠡᠪᠡ᠃ ᠬᠤᠷᠠᠯ ᠠᠴᠠ᠂ ᠡᠯ᠎ᠡ ᠬᠤᠰᠢᠭᠤ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠳᠣᠣᠱᠯᠠᠭᠤᠯᠵᠦ᠂ ᠠᠯᠠᠱᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ ᠠᠵᠢᠯ ᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠵᠤ᠂ ᠣᠷᠣᠨ ᠨᠤᠲᠤᠭ ᠤᠨ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠢ ᠣᠯᠠᠨ ᠲᠦᠮᠡᠨ ᠳᠤ ᠬᠦᠷᠲᠡᠭᠡᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠤ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢ ᠰᠤᠷᠤᠯᠴᠠᠨ ᠬᠡᠷᠡᠭᠯᠡᠭᠰᠡᠨ ᠲᠤᠷᠰᠢᠯᠭ᠎ᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠬᠤ ᠰᠠᠨᠠᠯ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠢ ᠰᠤᠳᠤᠯᠵᠠᠢ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ︽ᠮᠢᠩᠭ᠎ᠠ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠦᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠵᠤ ᠦᠢᠯᠡᠰ ᠤᠨ ᠲᠦᠪᠰᠢᠨ ᠢ ᠳᠡᠭᠡᠭᠰᠢᠯᠡᠭᠦᠯᠬᠦ᠂ ᠲᠠᠬᠢᠨ ᠶᠠᠳᠠᠭᠤᠷᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠤᠯᠠᠨ ᠲᠦᠮᠡᠨ ᠤ ᠰᠡᠳᠬᠢᠯ ᠳᠤ ᠳᠠᠭᠠᠯᠠᠭᠳᠠᠭᠰᠠᠨ ᠪᠣᠳᠠᠲᠠᠢ ᠶᠠᠪᠤᠳᠠᠯ ᠰᠠᠶᠢᠨ ᠶᠠᠪᠤᠳᠠᠯ ᠢ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠬᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠠᠭᠤᠷ ᠠᠮᠢᠰᠬᠤᠯ ᠤᠨ ᠬᠤᠪᠢᠷᠠᠯᠳᠠ ᠢᠯᠡᠷᠬᠡᠶ ᠪᠠᠶᠢᠨ᠎ᠠ᠂ ᠴᠠᠭ ᠠᠭᠤᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠴᠢᠮ ᠶᠠᠭᠠᠷᠠᠯᠲᠠᠢ ᠠᠬᠢᠭᠤᠯᠵᠤ᠂ ᠤᠰᠤ ᠪᠤᠷᠳᠤᠭᠤᠷ ᠢ ᠲᠣᠬᠢᠷᠠᠭᠤᠯᠤᠨ ᠡᠵᠡᠮᠳᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠣᠬᠢᠷᠠᠭᠤᠯᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠠᠶᠢᠨ ᠬᠤᠷᠢᠶᠠᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠤ ᠠᠶᠢᠮᠠᠭ ᠤᠨ ᠵᠠᠬᠢᠷᠭ᠎ᠠ ᠶᠢᠨ 2024 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠢ ᠰᠤᠳᠤᠯᠪᠠ᠃ ᠬᠤᠷᠠᠯ ᠠᠴᠠ᠂ ᠬᠠᠷᠢᠭᠤᠴᠠᠯᠭ᠎ᠠ ᠶᠢ ᠮᠡᠳᠡᠵᠦ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠬᠠᠷᠠᠯᠲᠠ ᠪᠠᠨ ᠬᠡᠮᠵᠢᠶᠡᠵᠢᠭᠦᠯᠵᠦ᠂ ᠠᠬᠢᠴᠠ ᠶᠢᠨ ᠲᠤᠬᠢᠷᠠᠭᠤᠯᠤᠯᠳᠠ ᠶᠢ ᠨᠠᠷᠢᠯᠢᠬᠵᠢᠭᠤᠯᠵᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂  ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠳᠦᠯᠦᠪᠯᠡᠭᠡ ᠶᠣᠰᠣᠭᠠᠷ ᠠᠵᠢᠯᠯᠠᠵᠦ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠤ ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠬᠠᠷᠠᠯᠲᠠ ᠪᠠᠨ ᠲᠣᠭᠲᠠᠭᠠᠵᠤ᠂ ᠣᠨᠣᠪᠴᠢᠳᠠᠢ ᠪᠠᠷ ᠬᠦᠴᠦᠯᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠠᠷᠠᠳ ᠢᠶᠠᠷ ᠢᠶᠠᠨ ᠳᠡᠮᠵᠢᠬᠦ᠂ ᠪᠦᠬᠦ ᠠᠷᠠᠳ ᠢᠶᠠᠷ ᠢᠶᠠᠨ ᠣᠷᠣᠯᠴᠠᠬᠤ᠂ ᠪᠦᠬᠦ ᠠᠷᠠᠳ ᠢᠶᠠᠷ ᠢᠶᠠᠨ ᠠᠰᠢᠭ ᠬᠦᠷᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠵᠤ᠂ ᠡᠭᠦᠳᠦᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号