ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ | ᠣᠶᠢᠯᠠᠭᠠᠭᠰᠠᠨ ᠢᠶᠠᠷ᠂ ᠤᠶᠢᠷ᠎ᠠ ᠳᠤ ᠮᠠᠨ ᠤ ᠤᠷᠤᠨ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ | ᠪᠠᠶᠠᠯᠢᠭ ᠢ ᠠᠷᠪᠢᠯᠠᠨ ᠡᠷᠴᠢᠮᠵᠢᠭᠦᠯᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠠᠵᠢᠯ | ᠬᠦᠯᠢᠶᠡᠵᠦ ᠡᠭᠦᠷᠭᠡ ᠳᠠᠭᠠᠭᠠᠴᠢᠯᠠᠬᠤ︾ ᠲᠥᠷᠥᠯ ᠵᠦᠢᠯ — ︽ᠬᠠᠲᠤᠨ ᠭᠤᠤᠯ ᠤᠨ ᠨᠡᠶᠢᠲᠡᠯᠢᠭ ᠰᠠᠯᠪᠤᠷᠢ | ᠤᠷᠤᠰᠬᠠᠯ ᠬᠢᠭᠡᠳ ᠬᠤᠲᠠ ᠶᠢᠨ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ | ᠠᠰᠢᠭᠯᠠᠬᠤ ᠮᠡᠷᠭᠡᠵᠢᠯ ᠵᠢᠴᠢ ᠵᠢᠱᠢᠶ᠎ᠡ ᠦᠵᠡᠭᠦᠯᠬᠦ ᠲᠥᠷᠥᠯ ᠵᠦᠢᠯ︾ ᠢ ᠬᠥᠬᠡᠬᠤᠲᠠ ᠳᠤ ᠡᠬᠢᠯᠡᠭᠦᠯᠦᠭᠰᠡᠨ ᠪᠠᠶᠢᠨ᠎ᠠ᠃ | ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠬᠠᠲᠤᠨ ᠭᠤᠤᠯ ᠤᠨ ᠰᠠᠪᠠ ᠭᠠᠵᠠᠷ ᠤᠨ ᠬᠤᠲᠠ ᠶᠢᠨ ᠪᠣᠷᠣᠭᠠᠨ | ᠦᠶᠡᠷ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠳᠤ ᠮᠡᠷᠭᠡᠵᠢᠯ ᠤᠨ ᠬᠠᠶᠢᠨ | ᠰᠥᠪᠡᠭᠴᠢᠯᠡᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ | ᠥᠨᠳᠥᠷ ᠪᠦᠲᠦᠮᠵᠢᠲᠡᠶ ᠪᠠᠷ ᠠᠰᠢᠭᠯᠠᠬᠤ ᠬᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠢᠷᠢ | ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ ᠠᠰᠢᠭᠯᠠᠬᠤ | ᠦᠷ᠎ᠡ ᠪᠦᠲᠦᠮᠵᠢ ᠪᠠ ᠪᠣᠷᠣᠭᠠᠨ ᠦᠶᠡᠷ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠬᠦ ᠳᠤ ᠬᠦᠴᠦᠲᠡᠶ | ᠲᠤᠯᠭᠠᠭᠤᠷᠢᠯᠠᠯ ᠬᠠᠩᠭᠠᠬᠤ ᠪᠣᠯᠤᠨ᠎ᠠ᠃ | ᠤᠶᠢᠯᠠᠭᠠᠭᠰᠠᠨ ᠢᠶᠠᠷ᠂ ᠲᠥᠷᠥᠯ ᠵᠦᠢᠯ ᠨᠢ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ | ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠤᠨ ᠵᠠᠩᠭᠢᠯᠠᠭ᠎ᠠ ᠶᠢᠨ ᠠᠰᠠᠭᠤᠳᠠᠯ ᠵᠢᠴᠢ ᠬᠤᠲᠠ ᠶᠢᠨ ᠪᠣᠷᠣᠭᠠᠨ | ᠦᠶᠡᠷ ᠤᠨ ᠭᠠᠮᠰᠢᠭ ᠡᠬᠦᠰᠬᠦ ᠪᠠ ᠨᠥᠯᠥᠭᠡᠯᠡᠬᠦ ᠬᠦᠴᠦᠨ ᠵᠦᠢᠯ ᠨᠢ ᠲᠣᠳᠣᠷᠬᠠᠶ ᠪᠤᠰᠤ ᠵᠡᠷᠭᠡ ᠪᠠᠶᠢᠳᠠᠯ ᠳᠤ | ᠴᠢᠭᠯᠡᠭᠦᠯᠦᠨ᠂ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠪᠠᠷ | ᠭᠤᠤᠯ ᠬᠠᠷᠠᠯᠲᠠ ᠪᠣᠯᠭᠠᠵᠤ᠂ ᠨᠡᠶᠢᠲᠡᠯᠢᠭ ᠰᠠᠯᠪᠤᠷᠢ ᠤᠷᠤᠰᠬᠠᠯ ᠬᠢᠭᠡᠳ ᠬᠤᠲᠠ ᠶᠢᠨ ᠪᠣᠷᠣᠭᠠᠨ ᠦᠶᠡᠷ ᠢ ᠨᠠᠷᠢᠯᠢᠭ | ᠣᠨᠣᠪᠴᠢᠲᠠᠶ ᠤᠷᠢᠳᠴᠢᠯᠠᠨ ᠮᠡᠳᠡᠭᠡᠯᠡᠬᠦ ᠮᠡᠷᠭᠡᠵᠢᠯ ᠪᠠ ᠪᠤᠷᠤᠭᠠᠯᠠᠵᠤ ᠦᠶᠡᠷᠯᠡᠬᠦ ᠶᠠᠪᠤᠴᠠ ᠶᠢ ᠣᠶᠤᠨᠴᠢ ᠪᠠᠷ ᠬᠢᠨᠠᠨ | ᠰᠢᠨᠵᠢᠬᠦ ᠵᠡᠷᠭᠡ ᠰᠤᠳᠤᠯᠭᠠᠨ ᠢ ᠥᠷᠨᠢᠭᠦᠯᠵᠦ᠂ ᠬᠠᠲᠤᠨ ᠭᠤᠤᠯ ᠤᠨ ᠰᠠᠪᠠ ᠭᠠᠵᠠᠷ ᠪᠠ ᠬᠤᠲᠠ ᠶᠢᠨ ᠪᠣᠷᠣᠭᠠᠨ | ᠦᠶᠡᠷ ᠤᠨ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠵᠢᠴᠢ ᠠᠮᠢ ᠠᠬᠤᠶ ᠶᠢ ᠶᠡᠷᠦᠩᠬᠡᠶᠢᠯᠡᠨ | ᠵᠠᠰᠠᠬᠤ ᠳᠤ ᠬᠦᠴᠦᠲᠡᠶ ᠮᠡᠷᠭᠡᠵᠢᠯ ᠤᠨ ᠳᠡᠮᠵᠢᠯᠭᠡ ᠪᠠ ᠪᠣᠯᠪᠠᠰᠤᠷᠠᠩᠭᠤᠶ ᠰᠢᠢᠳᠪᠦᠷᠢᠯᠡᠬᠦ ᠲᠥᠰᠦᠯ ᠢ ᠬᠠᠩᠭᠠᠨ᠎ᠠ᠃ | ᠲᠣᠰ ᠲᠥᠷᠥᠯ ᠵᠦᠢᠯ ᠢ ᠣᠷᠳᠣᠰ ᠬᠤᠲᠠ ᠶᠢᠨ ᠱᠧᠩ ᠶᠤᠸᠠᠨ ᠤᠰᠤᠨ ᠤ ᠶᠠᠪᠤᠳᠠᠯ ᠤᠨ ᠪᠦᠯᠦᠭᠯᠡᠯ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠦᠷᠦᠭᠦᠯᠡᠨ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤ | ᠴᠠᠬᠢᠯᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ 10 ᠨᠢᠭᠡᠴᠢ ᠲᠠᠢ ᠬᠤᠯᠪᠤᠭᠠᠯᠠᠨ᠂ ᠥᠪᠥᠷ ᠮᠣᠩᠭᠤᠯ ᠤᠨ | ᠬᠠᠲᠤᠨ ᠭᠤᠤᠯ ᠤᠨ ᠰᠠᠪᠠ ᠭᠠᠵᠠᠷ ᠤᠨ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠢ ᠥᠨᠳᠥᠷ | ᠪᠦᠲᠦᠮᠵᠢᠲᠡᠶ ᠪᠠᠷ ᠠᠰᠢᠭᠯᠠᠬᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ ᠬᠠᠮᠲᠤ ᠪᠠᠷ | ᠬᠡᠷᠡᠭᠵᠢᠭᠦᠯᠬᠦ ᠪᠤᠯᠤᠨ᠎ᠠ᠃ |