ᠬᠤᠸᠠᠩ ᠶᠠ ᠯᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/28
    3 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃
    ᠬᠤᠸᠠᠩ ᠶᠠ ᠯᠢ ᠡᠩ ᠲᠡᠷᠢᠭᠦᠨ ᠳᠤ ᠠᠯᠠᠱᠠ ᠠᠶᠢᠮᠠᠭ ᠤᠨ ᠤᠶᠤᠨᠲᠤ ᠬᠤᠳᠠ ᠶᠢᠨ ᠬᠠᠮᠢᠶᠠᠷᠤᠯᠲᠠ ᠶᠢᠨ ᠵᠢᠯᠣᠭᠤᠳᠬᠤ ᠲᠥᠪ ᠪᠣᠯᠤᠨ ᠲᠥᠯᠥᠪᠵᠢᠭᠦᠯᠭᠡ ᠶᠢᠨ ᠦᠵᠡᠰᠬᠦᠯᠡᠩ ᠤᠨ ᠣᠷᠳᠣᠨ ᠳᠤ ᠬᠦᠷᠴᠦ᠂ ᠪᠦᠬᠦ ᠠᠶᠢᠮᠠᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠪᠣᠯᠤᠨ ᠬᠤᠳᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠳᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ ᠪᠥᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠨ ᠰᠠᠭᠤᠴᠠ ᠶᠢᠨ ᠪᠠᠲᠤᠯᠠᠭ᠎ᠠ᠂ ᠬᠤᠲᠠ ᠶᠢᠨ ᠪᠥᠲᠥᠭᠡᠨ ᠪᠠᠶᠢᠭᠤᠯᠤᠯᠲᠠ ᠪᠠ ᠬᠠᠯᠠᠭᠤᠨ ᠳᠤᠯᠠᠭᠠᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠬᠤᠸᠠᠩ ᠶᠠ ᠯᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠨᠢ ᠬᠤᠲᠠ ᠶᠢᠨ ᠠᠯᠤᠰ ᠬᠡᠲᠦ ᠶᠢᠨ ᠬᠥᠭᠵᠢᠯᠲᠡ ᠪᠠ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠶᠡᠷᠦᠩᠬᠡᠶ ᠱᠦᠵᠢ ᠰᠢ ᠶᠢᠨ ᠫᠢᠩ ᠤᠨ ᠬᠤᠲᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠠᠷᠠᠳ ᠲᠦᠮᠡᠨ ᠤ ᠲᠥᠯᠥᠭᠡ︾ ᠪᠠᠶᠢᠬᠤ ᠶᠢ ᠪᠠᠷᠢᠮᠲᠠᠯᠠᠵᠤ᠂ ᠬᠤᠲᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠰᠢᠰᠲ᠋ᠧᠮᠲᠦ ᠰᠡᠳᠬᠢᠬᠦᠶ ᠪᠠᠨ ᠴᠢᠩᠭᠠᠷᠠᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠤᠶᠠᠨ ᠬᠠᠳᠠᠨ ᠴᠢᠨᠠᠷ᠂ ᠤᠶᠤᠨᠲᠤ ᠬᠤᠲᠠ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠬᠤ ᠬᠡᠷᠡᠭᠲᠡᠶ᠃ ᠬᠤᠳᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠵᠦ᠂ ᠬᠤᠳᠠ ᠶᠢᠨ ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠵᠦ᠂ ᠬᠤᠳᠠ ᠶᠢ ᠰᠢᠨᠡᠳᠬᠡᠬᠦ ᠠᠵᠢᠯᠯᠠᠭ᠎ᠠ ᠪᠠ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠯᠠᠪᠳᠠᠭᠤᠨ ᠢᠶᠠᠷ ᠬᠡᠷᠡᠭᠵᠢᠭᠦᠯᠵᠦ᠂ ᠬᠠᠭᠤᠴᠢᠨ ᠬᠤᠭᠤᠯᠠᠢ ᠲᠣᠣᠷ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠪᠠᠭ᠎ᠠ ᠴᠡᠴᠡᠷᠯᠢᠭ ᠢ ᠪᠦᠳᠦᠭᠡᠨ  ᠪᠠᠶᠢᠭᠤᠯᠬᠤ᠂ ᠮᠤᠬᠤᠷ ᠵᠠᠮ ᠢ ᠨᠡᠪᠲᠡᠷᠡᠭᠦᠯᠬᠦ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠲᠦᠷᠬᠡᠨ ᠠᠬᠢᠭᠤᠯᠵᠤ᠂ ᠤᠳᠤ ᠶᠢᠨ ᠪᠠᠶᠢᠭ᠎ᠠ ᠡᠳ᠋ ᠬᠦᠷᠦᠩᠭᠡ ᠶᠢ ᠠᠮᠢᠳᠤᠯᠢᠭ ᠪᠣᠯᠭᠠᠵᠤ᠂ ᠴᠡᠴᠡᠷᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠪᠤᠰᠤᠳ ᠬᠤᠳᠠ ᠶᠢᠨ ᠬᠠᠮᠢᠶᠠᠷᠤᠯᠲᠠ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠤᠯᠢᠳᠠᠵᠤ᠂ ︽ᠳᠣᠶᠢᠯ ᠤᠨ ᠨᠠᠷᠢᠯᠢᠭ︾ ᠪᠠᠶᠢᠵᠦ᠂ ᠨᠠᠷᠢᠯᠢᠭ ᠶᠠᠪᠤᠳᠠᠯ ᠢ ᠭᠦᠢᠴᠡᠳ ᠬᠢᠵᠦ᠂ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠵᠠᠩᠭᠢᠯᠠᠭ᠎ᠠ ᠶᠢᠨ ︽ᠪᠠᠭ᠎ᠠ ᠶᠠᠪᠤᠳᠠᠯ︾ ᠢ ᠰᠡᠳᠬᠢᠯ ᠲᠠᠯᠪᠢᠨ ᠰᠠᠶᠢᠲᠤᠷ ᠬᠢᠵᠦ᠂ ᠬᠤᠳᠠ ᠶᠢᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠴᠢᠩᠭ᠎ᠠ᠂ ᠬᠠᠨᠤᠮᠵᠢ ᠶᠢᠨ ᠬᠡᠮᠵᠢᠶ᠎ᠡ ᠶᠢ ᠨᠡᠩ ᠥᠨᠳᠥᠷ ᠪᠣᠯᠭᠠᠬᠤ ᠬᠡᠷᠡᠭᠲᠡᠢ᠃ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠳᠡᠯᠦᠩᠭᠦᠶ ᠬᠢᠨᠠᠨ ᠬᠡᠮᠵᠢᠯᠲᠡ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠬᠡᠷᠡᠭᠲᠡᠶ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠡᠳᠬᠢᠴᠡ ᠶᠢᠨ ᠬᠠᠷᠠᠭ᠎ᠠ ᠪᠠᠨ ᠥᠷᠭᠡᠳᠬᠡᠵᠦ᠂ ᠪᠣᠳᠠᠲᠠᠶ ᠠᠵᠢᠯᠯᠠᠬᠤ ᠰᠤᠷᠲᠠᠯ ᠢ ᠪᠠᠳᠠᠷᠠᠭᠤᠯᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠᠨ ᠴᠢᠩᠭᠠᠳᠬᠠᠵᠤ᠂ ᠪᠥᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠶ ᠭᠡᠪᠡ᠃
   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号