ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/3/28
     3 ᠰᠠᠷ᠎ᠠ ᠶᠢᠨ 26 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠵᠦ᠂ ᠶᠡᠷᠦᠩᠬᠡᠶ ᠰᠠᠶᠢᠳ ᠯᠢ ᠴᠢᠶᠠᠩ ᠤᠨ ᠴᠣᠬᠤᠯᠠᠪᠤᠷᠢ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠱᠦᠵᠢ ᠪᠠᠶ ᠬᠠᠶ ᠯᠢᠨ ᠬᠤᠷᠠᠯ ᠢ ᠡᠷᠭᠢᠯᠡᠪᠡ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠤᠨᠠᠨ ᠳᠤ ᠰᠢᠨᠵᠢᠯᠡᠨ ᠪᠠᠶᠢᠴᠠᠭᠠᠬᠤ ᠪᠠ ᠪᠥᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠥᠬᠦᠶ ᠪᠦᠯᠬᠦᠮ ᠳᠤᠭᠤᠶᠢᠯᠠᠩ ᠤᠨ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ ᠂ ᠠᠶᠢᠮᠠᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠭᠦᠨᠵᠡᠭᠡᠢ ᠠᠭᠤᠳᠠᠯᠤᠨ ᠨᠠᠷᠢᠯᠢᠭ ᠰᠤᠳᠤᠯᠵᠤ᠂ ᠵᠣᠬᠢᠴᠠᠭᠤᠯᠤᠨ ᠬᠡᠷᠡᠭᠵᠢᠭᠦᠯᠵᠦ᠂ ᠤᠯᠠᠷᠢᠭᠤᠯᠤᠨ ᠠᠬᠢᠭᠤᠯᠬᠤ ᠠᠵᠢᠯ ᠢ ᠰᠠᠶᠢᠲᠤᠷ ᠬᠢᠵᠦ᠂ ᠭᠤᠶᠤᠴᠢᠯᠠᠯ ᠭᠠᠷᠭᠠᠵᠤ ᠳᠡᠶᠢᠯᠬᠦ ᠶᠢ ᠨᠢ ᠪᠦᠬᠦᠨ ᠢ ᠭᠤᠶᠤᠴᠢᠯᠠᠵᠤ᠂ ᠰᠠᠨᠠᠭᠠᠴᠢᠯᠠᠭᠠᠲᠤ ᠡᠷᠬᠡ ᠶᠢ ᠡᠵᠡᠮᠰᠢᠬᠦ ᠬᠡᠷᠡᠭᠲᠡᠢ᠃ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠮᠠᠭᠠᠳᠯᠠᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠲᠦᠷᠭᠡᠬᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ ᠂ ᠪᠦᠷᠢᠳᠬᠡᠯ ᠳᠤ ᠣᠷᠣᠭᠤᠯᠬᠤ ᠪᠠ ᠳᠦᠯᠦᠪᠵᠢᠬᠦᠯᠬᠡ ᠳᠤ ᠣᠷᠣᠭᠤᠯᠬᠤ ᠡᠷᠴᠢᠮ ᠢ ᠴᠢᠩᠭᠠᠷᠠᠭᠤᠯᠤᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠬᠤ ᠪᠠ ᠬᠥᠭᠵᠢᠭᠦᠯᠵᠦ᠂ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠰᠠᠭᠤᠷᠢ ᠶᠢ ᠪᠠᠲᠤᠳᠬᠠᠨ᠂ ᠬᠦᠴᠦᠨ ᠴᠢᠳᠠᠯ ᠢ ᠬᠤᠷᠠᠮᠳᠤᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ 24 ᠵᠦᠢᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠵᠤ᠂ ᠡᠷᠲᠡ ᠡᠬᠢᠯᠡᠵᠦ ᠴᠢᠳᠠᠪᠠᠯ ᠡᠷᠲᠡ ᠪᠡᠶᠡᠯᠡᠭᠦᠯᠵᠦ᠂ ᠦᠨᠡᠨ ᠬᠦ ᠰᠡᠳᠬᠢᠯ ᠳᠤᠯᠠᠭᠠᠴᠠᠭᠤᠯᠬᠤ ᠪᠣᠳᠠᠲᠠᠢ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠯᠠᠱᠠ ᠠᠭᠤᠯᠠ᠂ ᠲᠣᠣᠷᠠᠢ ᠶᠢᠨ ᠤᠢ ᠵᠡᠷᠭᠡ ᠵᠠᠩᠭᠢᠯᠠᠭ᠎ᠠ ᠶᠢᠨ ᠣᠷᠣᠨ ᠪᠦᠰᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠨ ᠴᠢᠩᠭᠠᠳᠬᠠᠵᠤ᠂ ᠬᠡᠭᠡᠷ᠎ᠡ ᠶᠢᠨ ᠳᠦᠢᠮᠡᠷ ᠢ ᠴᠢᠩᠭ᠎ᠠ ᠡᠵᠡᠮᠳᠡᠵᠦ᠂ ᠴᠠᠭ ᠲᠤᠬᠠᠢ ᠳᠤᠨᠢ ᠢᠯᠡᠷᠡᠭᠦᠯᠵᠦ᠂ ᠲᠦᠷᠭᠡᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠶᠡᠷᠦᠩᠬᠡᠢ ᠰᠠᠶᠢᠳ ᠯᠢ ᠴᠢᠶᠠᠩ ᠤᠨ ᠬᠠᠪᠤᠷ ᠤᠨ ᠤᠯᠠᠷᠢᠯ ᠤᠨ ᠲᠠᠷᠢᠶᠠᠯᠠᠩ ᠦᠢᠯᠡᠳᠪᠦᠷᠢᠯᠡᠯ ᠵᠢᠴᠢ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠳᠤᠬᠢᠷᠠᠭᠤᠯᠤᠯᠳᠠ ᠪᠠ ᠵᠢᠯᠤᠭᠤᠳᠤᠯᠭ᠎ᠠ ᠶᠢ ᠴᠢᠩᠭᠠᠳᠬᠠᠵᠤ᠂ ᠤᠰᠤ ᠪᠤᠷᠳᠤᠭᠤᠷ ᠢ ᠲᠤᠬᠢᠷᠠᠭᠤᠯᠤᠨ ᠡᠵᠡᠮᠳᠡᠬᠦ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ᠂ ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠣᠨᠣᠪᠴᠢᠳᠠᠢ ᠰᠠᠶᠢᠲᠤᠷ ᠬᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠡᠵᠢᠭᠡᠯ ᠪᠣᠷᠳᠣᠭᠠᠨ ᠤ ᠬᠠᠩᠭᠠᠯᠭ᠎ᠠ ᠪᠠ ᠮᠠᠯ ᠤᠨ ᠤᠰᠤ ᠤᠮᠳᠠ ᠶᠢ ᠪᠠᠲᠤᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠡᠯᠪᠡᠭ ᠬᠤᠷᠢᠶᠠᠯᠲᠠ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ ᠬᠤᠷᠠᠯ ᠤᠨ ᠳᠠᠷᠠᠭ᠎ᠠ᠂ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号