ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠥᠯᠵᠡᠶ ᠰᠤᠮᠤ ᠳᠤ ᠭᠦᠨᠵᠡᠭᠡᠶᠢᠷᠡᠨ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/28
     3 ᠳ᠋ᠤᠭᠠᠷ ᠰᠠᠷ᠎ᠠ ᠶᠢᠨ 27 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠥᠯᠵᠡᠶ ᠰᠤᠮᠤᠨ ᠳᠤ ᠭᠦᠨᠵᠡᠭᠡᠶᠢᠷᠡᠨ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃
    ᠪᠠᠶ ᠬᠠᠶ ᠯᠢᠨ ᠠᠯᠠᠱᠠ ᠠᠶᠢᠮᠠᠭ ᠤᠨ ᠠᠯᠳᠠᠨ ᠭᠤᠪᠢ ᠢᠩᠭᠡᠨ ᠰᠦ ᠳᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ ᠤᠨ ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠷᠰᠢᠶᠠᠵᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠢᠩᠭᠡᠨ ᠰᠦ ᠪᠣᠯᠪᠠᠰᠤᠷᠠᠭᠤᠯᠬᠤ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠ ᠲᠤᠯᠭᠠᠷᠠᠵᠤ ᠪᠠᠶᠢᠭ᠎ᠠ ᠬᠦᠴᠢᠷᠳᠡᠯ᠂ ᠠᠰᠠᠭᠤᠳᠠᠯ ᠢ ᠨᠠᠷᠢᠨ ᠣᠶᠢᠯᠠᠭᠠᠵᠤ᠂ ᠠᠶᠢᠮᠠᠭ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠠᠰᠠᠭᠤᠳᠠᠯ ᠢ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠬᠡᠷᠡᠭᠲᠡᠶ ᠭᠡᠵᠦ ᠱᠠᠭᠠᠷᠳᠠᠪᠠ᠃     ᠪᠠᠶ ᠬᠠᠶ ᠯᠢᠨ᠂ ᠥᠯᠵᠡᠶ ᠰᠤᠮᠤ ᠶᠢᠨ ᠣᠷᠣᠨ ᠪᠠᠶᠢᠷᠢ ᠶᠢᠨ ᠨᠥᠬᠦᠴᠡᠯ ᠰᠠᠶᠢᠨ᠂ ᠳᠡᠮᠡᠭᠡ ᠣᠯᠠᠨ᠂ ᠠᠯᠠᠱᠠ ᠵᠡᠭᠦᠨ ᠬᠤᠰᠢᠭᠤᠨ ᠤ ᠬᠤᠶᠢᠲᠤ ᠬᠡᠰᠡᠭ ᠤᠨ ᠰᠤᠮᠤ ᠶᠢ ᠨᠥᠯᠥᠭᠡᠯᠡᠨ ᠳᠠᠶᠢᠴᠢᠯᠠᠬᠤ ᠴᠢᠳᠠᠮᠵᠢ ᠴᠢᠩᠭ᠎ᠠ ᠪᠠᠶᠢᠵᠤ᠂ ᠲᠡᠮᠡᠭᠡᠨ ᠤ ᠠᠵᠤ ᠦᠢᠯᠡᠰ ᠢ ᠬᠥᠭᠵᠢᠭᠦᠯᠬᠦ ᠳᠠᠪᠠᠭᠤᠯᠢᠭ ᠢᠯᠡᠳᠲᠡ ᠪᠠᠶᠢᠨ᠎ᠠ᠃ ᠬᠠᠷᠠᠯᠲᠠ ᠪᠠᠨ ᠲᠣᠭᠲᠠᠭᠠᠵᠤ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ᠡᠯ᠎ᠡ ᠲᠦᠷᠦᠯ ᠤᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠡᠮᠵᠢᠨ ᠵᠢᠯᠣᠭᠤᠳᠴᠤ᠂ ᠲᠡᠮᠡᠭᠡ ᠲᠡᠵᠢᠭᠡᠨ ᠦᠷᠡᠵᠢᠭᠦᠯᠬᠦ᠂ ᠢᠩᠭᠡᠨ ᠰᠦ ᠪᠣᠯᠪᠠᠰᠤᠷᠠᠭᠤᠯᠬᠤ᠂ ᠲᠡᠮᠡᠭᠡᠨ ᠤ ᠰᠢᠷᠢᠰ ᠪᠦᠲᠦᠭᠡᠭᠳᠡᠬᠦᠨ ᠢ ᠪᠣᠷᠣᠯᠠᠭᠤᠯᠬᠤ ᠵᠡᠷᠭᠡ ᠬᠡᠪᠴᠢᠶᠡᠵᠢᠭᠰᠡᠨ᠂ ᠠᠵᠤ ᠦᠢᠯᠡᠰᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠯᠠᠱᠠ ᠵᠡᠭᠦᠨ ᠬᠤᠰᠢᠭᠤ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ ᠠᠰᠠᠭᠤᠳᠠᠯ ᠢ ᠰᠢᠢᠳᠪᠦᠷᠢᠯᠡᠬᠦ︾ ᠪᠠ ︽ᠰᠢᠯᠢᠳᠡᠭ ᠢᠶᠠᠷ ᠰᠢᠢᠳᠪᠦᠷᠢᠯᠡᠬᠦ︾ ᠰᠡᠳᠬᠢᠬᠦᠶ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠬᠦᠴᠢᠷ ᠲᠦᠪᠡᠭᠲᠡᠶ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠲᠡᠮᠡᠭᠡᠨ ᠤ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号