ᠸᠠᠩ ᠯᠢ ᠰᠢᠶᠠ ᠪᠤᠭᠤᠲᠤ ᠳᠤ ︽ᠬᠤᠪᠣᠷ ᠰᠢᠷᠣᠶ ᠶᠢᠨ ᠬᠤᠶᠠᠷ ᠰᠠᠭᠤᠷᠢᠨ︾ ᠤ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/28
   3 ᠰᠠᠷ᠎ᠠ ᠶᠢᠨ 25 ᠠᠴᠠ 26 ᠤ ᠡᠳᠦᠷ ᠪᠣᠯᠲᠠᠯ᠎ᠠ᠂ ᠸᠠᠩ ᠯᠢ ᠰᠢᠶᠠ ᠪᠤᠭᠤᠲᠤ ᠳᠤ ︽ᠬᠤᠪᠣᠷ ᠰᠢᠷᠣᠢ ᠶᠢᠨ ᠬᠤᠶᠠᠷ ᠰᠠᠭᠤᠷᠢᠨ︾ ᠤ ᠪᠦᠳᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ᠃    ᠸᠠᠩ ᠯᠢ ᠰᠢᠶᠠ ᠮᠢᠩ ᠶᠠᠩ ᠡᠨᠧᠷᠭᠢ ᠶᠢᠨ ᠺᠣᠮᠫᠠᠨᠢ ᠳᠤ ᠬᠦᠷᠴᠦ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠢᠯᠡᠳᠪᠦᠷᠢᠯᠡᠬᠦ᠂ ᠤᠭᠰᠠᠷᠠᠬᠤ᠂ ᠲᠡᠭᠡᠭᠡᠪᠦᠷᠢᠯᠡᠬᠦ᠂ ᠬᠡᠷᠡᠭᠯᠡᠬᠦ ᠵᠡᠷᠭᠡ ᠭᠤᠭᠴᠤᠭ᠎ᠠ ᠶᠢᠨ ᠲᠣᠭᠤᠷᠢᠨ ᠳᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠠᠬᠤᠶᠢᠯᠠᠯ ᠨᠢ ᠪᠦᠬᠦ ᠪᠥᠮᠪᠥᠷᠴᠡᠭ ᠤᠨ ᠠᠩᠬᠠᠳᠠᠭᠴᠢ ᠪᠠᠭᠤᠷᠠᠨ ᠵᠠᠳᠠᠷᠠᠵᠤ ᠪᠣᠯᠬᠤ ᠡᠭᠡᠭᠦᠯᠦᠨ ᠬᠤᠷᠢᠶᠠᠵᠤ ᠪᠣᠯᠬᠤ ᠰᠠᠯᠬᠢᠨ ᠬᠦᠴᠦᠨ ᠤ ᠴᠠᠬᠢᠯᠭᠠᠨ ᠤ ᠮᠠᠰᠢᠨ ᠤ ᠰᠠᠷᠬᠢᠷᠠᠭᠤᠷ ᠰᠤᠳᠤᠯᠤᠨ ᠦᠢᠯᠡᠳᠦᠭᠰᠡᠨ ᠢ ᠣᠶᠢᠯᠠᠭᠠᠭᠠᠳ᠂ ᠲᠡᠷᠡ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠡᠴᠦᠰ ᠤᠨ ᠦᠢᠯᠡᠳᠬᠦᠨ ᠢ ᠲᠥᠯᠥᠪᠵᠢᠭᠦᠯᠦᠨ ᠪᠠᠶᠢᠷᠢᠰᠢᠭᠤᠯᠵᠤ᠂ ᠡᠭᠡᠭᠦᠯᠦᠨ ᠬᠤᠷᠢᠶᠠᠵᠤ ᠲᠠᠬᠢᠨ ᠠᠰᠢᠭᠯᠠᠬᠤ ᠶᠢ ᠰᠢᠨ᠎ᠡ ᠠᠵᠤ ᠦᠢᠯᠡᠰ ᠪᠣᠯᠭᠠᠬᠤ ᠬᠡᠷᠡᠭᠲᠡᠢ ᠭᠡᠵᠦ ᠵᠠᠬᠢᠪᠠ᠃    ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠪᠠᠷᠢᠯᠭ᠎ᠠ ᠶᠢᠨ ᠠᠬᠤᠶ ᠲᠠᠯᠠᠪᠠᠶ ᠳᠤ ᠮᠠᠰᠢᠨ ᠮᠤᠬᠠᠨᠢᠭ ᠬᠦᠷᠴᠢᠭᠢᠨᠡᠵᠥ ᠪᠠᠶᠢᠯ᠎ᠠ᠂ ᠸᠠᠩ ᠯᠢ ᠰᠢᠶᠠ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠷᠣᠵᠤ ᠰᠠᠭᠤᠭᠰᠠᠨ ᠠᠵᠤ ᠠᠬᠤᠶᠢᠯᠠᠯ ᠳᠤ ᠦᠨᠡᠨ ᠪᠣᠳᠠᠲᠠᠶ ᠳᠡᠮᠵᠢᠯᠭᠡ ᠦᠵᠡᠭᠦᠯᠵᠦ᠂ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠵᠠᠬᠢᠪᠠ᠃ ᠤᠯᠤᠰ ᠤᠨ ᠬᠤᠪᠣᠷ ᠰᠢᠷᠣᠶ ᠶᠢᠨ ᠴᠢᠳᠠᠮᠵᠢᠳᠦ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠲᠤ᠂ ᠲᠡᠷᠡ ᠠᠵᠤ ᠠᠬᠤᠶᠢᠯᠠᠯ ᠤᠨ ᠲᠣᠭᠤᠷᠢᠨ ᠳᠤ ᠰᠤᠳᠤᠯᠤᠨ ᠨᠡᠭᠡᠭᠡᠯᠲᠡ ᠬᠢᠵᠦ᠂ ᠨᠡᠭᠡᠭᠡᠯᠲᠡ ᠬᠢᠬᠦ ᠰᠡᠳᠭᠢᠬᠦᠶ ᠪᠠ ᠠᠭᠤᠳᠠᠮᠴᠢ ᠰᠡᠳᠭᠢᠯᠭᠡ ᠪᠠᠷ ᠨᠠᠩ ᠣᠯᠠᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ ᠲᠡᠳᠡᠨ ᠣᠷᠣᠯᠴᠠᠭᠤᠯᠵᠤ᠂ ︽ᠥᠨᠳᠦᠷᠯᠢᠭ ᠭᠠᠵᠠᠷ︾ ᠲᠤ ᠯᠠᠪᠳᠠᠭᠤᠨ ᠵᠣᠭᠰᠣᠵᠤ᠂ ᠳᠠᠬᠢᠨ ︽ᠨᠣᠶᠠᠨ ᠣᠷᠭᠢᠯ︾ ᠳᠤ ᠮᠠᠴᠤᠬᠤ ᠬᠡᠷᠡᠭᠲᠡᠶ ᠭᠡᠵᠦ ᠱᠠᠭᠠᠷᠳᠠᠪᠠ᠃    ᠸᠠᠩ ᠯᠢ ᠰᠢᠶᠠ ᠪᠠᠶᠠᠨ ᠲᠡᠮᠦᠷ ᠤᠨ ᠠᠭᠤᠷᠬᠠᠢ᠂ ᠤᠮᠠᠷᠠᠲᠤ ᠶᠢᠨ ᠬᠤᠪᠣᠷ ᠰᠢᠷᠣᠢ᠂ ᠵᠢᠩ ᠰᠧ ᠲᠤ ᠬᠤᠪᠣᠷ ᠰᠣᠷᠢᠨᠵᠢᠨ ᠪᠣᠯᠤᠨ ᠰᠢᠩ ᠪᠥᠸᠧ ᠬᠥᠳᠡᠯᠭᠡᠬᠦ ᠬᠦᠴᠦᠨ ᠤ ᠺᠣᠮᠫᠠᠨᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠢᠨ ᠢ ᠮᠠᠯᠲᠠᠬᠤ ᠪᠠ ᠦᠢᠯᠡᠳᠪᠦᠷᠢᠯᠡᠬᠦ ᠤᠶᠤᠨᠴᠢᠯᠠᠯᠳᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠳᠠ ᠦᠭᠡᠢ ᠤᠷᠲᠤᠳᠬᠠᠵᠤ᠂ ᠠᠵᠤ ᠦᠢᠯᠡᠰ ᠤᠨ ᠴᠤᠬᠯᠠᠷᠠᠯ ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ ᠭᠡᠵᠦ ᠵᠠᠬᠢᠪᠠ᠃    ᠠᠬᠤᠶ ᠲᠠᠯᠠᠪᠠᠶ ᠶᠢᠨ ᠠᠵᠢᠯ ᠤᠨ ᠬᠤᠷᠠᠯ ᠳᠡᠭᠡᠷ᠎ᠡ᠂ ᠸᠠᠩ ᠯᠢ ᠰᠢᠶᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠬᠢᠴᠢᠶᠡᠩᠭᠦ᠋ᠯᠡᠨ ᠵᠢᠷᠤᠮᠯᠠᠵᠤ᠂ ᠰᠢᠨ᠎ᠡ ᠵᠠᠮ ᠢ ᠨᠡᠭᠡᠭᠡᠬᠦ᠂ ᠳᠤᠮᠳᠠ ᠳᠦᠪᠰᠢᠨ ᠳᠤ ᠣᠷᠣᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ︽ᠠᠭᠤᠷᠬᠠᠢ︾ ᠠᠴᠠ ︽ᠬᠤᠪᠤᠷ ᠰᠢᠷᠣᠢ︾ ᠪᠣᠯᠬᠤ᠂ ︽ᠬᠤᠪᠤᠷ ᠰᠢᠷᠣᠢ︾ ᠠᠴᠠ ︽ᠮᠠᠲ᠋ᠧᠷᠢᠶᠠᠯ︾ ᠪᠣᠯᠬᠤ᠂ ︽ᠮᠠᠲ᠋ᠧᠷᠢᠶᠠᠯ︾ ᠠᠴᠠ ︽ᠬᠡᠷᠡᠭᠯᠡᠬᠡᠨ ᠤ ᠵᠦᠢᠯ︾ ᠪᠤᠯᠬᠤ ᠭᠤᠷᠪᠠᠨ ᠠᠵᠢᠯ ᠢ ᠰᠠᠶᠢᠳᠤᠷ ᠬᠢᠵᠥ᠂ ᠪᠦᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠣᠯᠤᠨ ᠪᠦᠬᠦ ᠪᠥᠮᠪᠥᠷᠴᠡᠭ ᠤᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠪᠦᠳᠦᠭᠡᠨ ᠪᠠᠶᠢᠭᠤᠯᠬᠤ ᠬᠡᠷᠡᠭᠲᠡᠢ᠃ ᠲᠡᠷᠢᠭᠦᠨ ᠤ ᠦᠢᠯᠡᠳᠬᠦ ᠦᠢᠯᠡᠰ ᠤᠨ ︽ᠠᠰᠢᠭ ᠦᠬᠡᠢ ᠪᠠᠶᠢᠳᠠᠯ ᠢᠶᠠᠨ ᠬᠤᠪᠢᠷᠠᠭᠤᠯᠬᠤ ᠳᠡᠮᠡᠴᠡᠯ︾ ᠢ ᠰᠠᠶᠢᠲᠤᠷ ᠬᠢᠵᠦ᠂ ᠰᠢᠨ᠎ᠡ ᠶᠢ ᠡᠭᠦᠳᠬᠦ ᠰᠡᠳᠭᠢᠬᠦᠶ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠳᠡᠭᠡᠷ᠎ᠡ ᠬᠦᠴᠦ ᠲᠠᠯᠪᠢᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠶ᠃ ︽ᠰᠡᠳᠭᠢᠯ ᠬᠠᠨᠤᠮᠵᠢᠲᠠᠶ ᠪᠠᠶᠢᠯᠭᠠᠬᠤ᠂ ᠰᠠᠨᠠᠭ᠎ᠠ ᠠᠮᠤᠷ ᠪᠠᠶᠢᠯᠭᠠᠬᠤ︾ ᠲᠦᠷᠦᠯ ᠲᠡᠮᠳᠡᠭ ᠢ ᠦᠷᠭᠦᠯᠵᠢᠯᠡᠨ ᠬᠢᠯᠠᠯᠵᠠᠭᠤᠯᠵᠥ᠂ ᠣᠮᠤᠭ ᠲᠡᠭᠦᠯᠳᠡᠷ ᠢᠶᠠᠷ ᠠᠵᠤ ᠠᠬᠤᠶᠢᠯᠠᠯ ᠳᠤ ᠦᠢᠯᠡᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠵᠥ ᠦᠭᠴᠤ᠂ ᠵᠠᠬ᠎ᠠ ᠳᠡᠯᠭᠡᠭᠦᠷ ᠤᠯᠭᠤᠵᠥ ᠦᠭᠴᠤ᠂ ᠬᠡᠯᠬᠢᠶ᠎ᠡ ᠪᠦᠷᠢ ᠶᠢᠨ ᠬᠠᠮᠲᠤᠷᠠᠯᠴᠠᠭ᠎ᠠ᠂ ᠭᠤᠬᠴᠤᠭ᠎ᠠ ᠪᠦᠷᠢ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠲᠤᠰᠬᠠᠶ ᠵᠠᠰᠠᠯᠲᠠ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠠᠶᠤᠯᠬᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠬᠡᠪᠡ᠃    ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号