ᠪᠠᠶ ᠬᠠᠶ ᠯᠢᠨ ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠵᠢᠴᠢ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠳᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/29
     3 ᠳ᠋ᠤᠭᠠᠷ ᠰᠠᠷ᠎ᠠ ᠶᠢᠨ 27 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠵᠢᠴᠢ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠳᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ 4 ᠠᠵᠤ ᠠᠬᠤᠶᠢᠯᠠᠯ ᠪᠠ 2 ᠬᠤᠰᠢᠭᠤ ᠣᠷᠣᠨ ᠬᠤᠷᠠᠯ ᠳᠡᠭᠡᠷ᠎ᠡ ᠣᠪᠣᠷ ᠢᠶᠠᠨ ᠢᠯᠡᠳᠬᠡᠬᠦ ᠦᠭᠡ ᠬᠡᠯᠡᠪᠡ᠃
     ᠪᠠᠢ ᠬᠠᠢ ᠯᠢᠨ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠪᠣᠯᠤᠨ ᠨᠢᠭᠡ ᠴᠤᠬᠴᠠᠵᠢᠭᠤᠯᠤᠬᠰᠠᠨ ᠢᠨᠵᠧᠨᠧᠷᠢᠩ ᠨᠢᠭᠡᠨᠲᠡ ᠭᠡᠷᠡᠭᠵᠢᠬᠦᠯᠦᠭᠳᠡᠬᠦ ᠰᠢᠵᠢᠷ ᠠᠯᠳᠠᠨ ᠬᠤᠭᠤᠴᠠᠭᠠᠨ ᠳᠠᠭᠠᠨ ᠪᠠᠶᠢᠨ᠎ᠠ᠂ ᠡᠯ᠎ᠡ ᠬᠤᠰᠢᠭᠤ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠤ ᠠᠬᠤᠶᠢᠯᠠᠯ ᠤᠨ ᠬᠢᠨ ᠡᠷᠴᠢ ᠵᠣᠷᠢᠭ ᠢᠶᠠᠨ ᠬᠥᠪᠴᠢᠯᠡᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠤᠳᠤ ᠦᠶ᠎ᠡ ᠳᠤ ᠭᠠᠪᠢᠶ᠎ᠠ ᠲᠠᠢ᠂ ᠮᠢᠩᠭᠠᠨ ᠤᠨ ᠳᠤ ᠠᠰᠢᠭ ᠲᠠᠢ᠂ ᠨᠢᠭᠡ ᠯᠡ ᠳᠡᠭᠡᠷ᠎ᠡ ᠤᠯᠠᠨ ᠦᠷ᠎ᠡ ᠪᠦᠳᠦᠮᠵᠢ ᠣᠯᠬᠤ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠢ ᠬᠡᠪᠡ᠃
     ᠪᠠᠶ ᠬᠠᠶ ᠯᠢᠨ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠮᠦᠨᠡᠬᠢ ᠬᠤᠭᠤᠴᠠᠭᠠᠨ ᠤ ᠠᠵᠢᠯ ᠢ ᠪᠣᠳᠠᠳᠠᠶᠢᠵᠢᠭᠤᠯᠵᠦ᠂ ᠭᠠᠷ ᠭᠦᠢᠴᠡᠳᠬᠡᠯ ᠤᠨ ᠶᠠᠪᠤᠴᠠ ᠶᠢ ᠳᠥᠭᠦᠮᠴᠢᠯᠡᠵᠦ᠂ ᠲᠥᠷᠥᠯ ᠵᠦᠢᠯ ᠤᠨ ᠭᠡᠷᠡᠭᠰᠡᠬᠦ ᠭᠠᠵᠠᠷ ᠢ ᠲᠦᠷᠭᠡᠨ ᠨᠠᠶᠢᠳᠠᠪᠤᠷᠢᠵᠢᠭᠤᠯᠵᠤ᠂ ᠠᠶᠢᠮᠠᠭ ᠤᠨ ᠳᠡᠳ᠋ ᠳᠠᠷᠤᠭ᠎ᠠ ᠬᠠᠭᠠᠰ ᠰᠠᠷ᠎ᠠ ᠳᠤ ᠨᠢᠭᠡ ᠤᠳᠠᠭ᠎ᠠ ᠲᠣᠬᠢᠷᠠᠭᠤᠯᠵᠤ᠂ ᠬᠤᠰᠢᠭᠤ ᠣᠷᠣᠨ ᠪᠣᠯᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ︽ᠪᠠᠶᠢᠭᠤᠯᠬᠤ᠂ ᠬᠠᠮᠢᠶᠠᠷᠬᠤ᠂ ᠬᠠᠮᠠᠭᠠᠯᠠᠬᠤ︾ ᠶᠢ ᠨᠢᠭᠡ ᠴᠤᠬᠴᠠᠵᠢᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ ᠮᠡᠷᠭᠡᠵᠢᠯ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠠᠵᠢᠯ ᠤᠨ ᠦᠷ᠎ᠡ ᠪᠦᠲᠦᠮᠵᠢ ᠪᠣᠯᠤᠨ ᠡᠯᠡᠰᠦ ᠶᠢ ᠵᠠᠰᠠᠭᠰᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠶᠢᠯᠡᠭᠰᠡᠨ ᠦᠢᠯᠡᠳᠦᠯ ᠢ ᠶᠡᠬᠡᠰᠬᠡᠵᠦ᠂ ᠮᠠᠯᠴᠢᠨ ᠲᠠᠷᠢᠶᠠᠴᠢᠨ ᠢ ᠵᠣᠷᠢᠭᠵᠢᠭᠤᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠪᠡᠶ᠎ᠡ ᠪᠠᠨ ᠳᠠᠭᠠᠭᠠᠵᠤ  ᠢᠨᠵᠧᠨᠧᠷᠢᠩ ᠤᠨ ᠮᠠᠲ᠋ᠧᠷᠢᠶᠠᠯ ᠢ ᠴᠢᠷᠮᠠᠶᠢᠨ ᠬᠠᠩᠭᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠣᠭᠤᠯᠤᠯᠲᠠ ᠶᠢ ᠲᠠᠲᠠᠬᠤ ᠪᠠ ᠥᠷᠭᠡᠳᠬᠡᠵᠦ᠂ ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠣᠷᠣᠯᠭ᠎ᠠ ᠶᠢ ᠨᠡᠮᠡᠭᠳᠡᠭᠦᠯᠦᠨ ᠬᠠᠮᠲᠤ ᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠭᠠᠵᠠᠷ᠂ ᠤᠰᠤ᠂ ᠴᠠᠬᠢᠯᠭᠠᠨ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠯᠢᠦ ᠳ᠋ᠧ ᠣᠷᠣᠯᠴᠠᠵᠠᠢ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠣᠷᠣᠨ ᠳᠤ ᠬᠤᠪᠢᠶᠠᠷᠢ ᠲᠠᠯᠠᠪᠠᠢ ᠲᠤᠬᠢᠷᠠᠭᠤᠯᠵᠠᠢ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号