ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ
ᠨᠡᠶᠢᠲᠡᠯᠡᠭᠰᠡᠨ ᠴᠠᠭ᠄
2024/3/4
   ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠬᠠᠷᠠᠯᠲᠠ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠴᠢᠬᠤᠯᠠ ᠠᠭᠤᠯᠭ᠎ᠠ ᠮᠥᠨ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂  ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠨ ᠠᠬᠢᠭᠤᠯᠬᠤ ᠶᠢᠨ ᠲᠥᠯᠥᠭᠡ  ᠤᠳᠤ ᠳᠣᠣᠷᠠᠬᠢ ᠮᠡᠲᠦ ᠰᠠᠨᠠᠯ ᠢ ᠳᠤᠷᠠᠳᠤᠶ᠎ᠠ᠃    ᠨᠢᠭᠡ᠂ ᠰᠢᠨ᠎ᠡ ᠴᠠᠭ ᠦᠶ᠎ᠡ ᠰᠢᠨ᠎ᠡ ᠠᠶᠠᠨ ᠳᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠬᠠᠭᠤᠳᠠᠰᠤ ᠶᠢ ᠨᠡᠭᠡᠭᠡᠨ᠎ᠡ    ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠭᠦ ᠲᠠᠯ᠎ᠠ ᠶᠢᠨ ᠠᠵᠢᠯ ᠤᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠭᠦ ᠲᠠᠯ᠎ᠠ ᠪᠠᠷ᠂ ᠪᠦᠭᠦ ᠣᠷᠣᠨ ᠪᠦᠰᠡ ᠪᠠᠷ᠂ ᠪᠦᠭᠦ ᠶᠠᠪᠤᠴᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠴᠡᠭᠴᠡᠯᠡᠨ ᠵᠠᠰᠠᠬᠤ ᠠᠴᠠ ᠰᠢᠰᠲ᠋ᠧᠮ ᠲᠠᠢ ᠵᠠᠰᠠᠬᠤ᠂ ᠰᠠᠨᠠᠭᠠᠴᠢᠯᠠᠭᠠᠲᠤ ᠪᠤᠰᠤ ᠪᠠᠷ ᠠᠷᠭᠠᠴᠠᠭᠠᠬᠤ ᠠᠴᠠ ᠰᠠᠨᠠᠭᠠᠴᠢᠯᠠᠭ᠎ᠠ ᠲᠠᠢ ᠪᠠᠷ ᠠᠵᠢᠯᠯᠠᠬᠤ᠂ ᠪᠦᠭᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠣᠷᠣᠯᠴᠠᠭᠴᠢ ᠠᠴᠠ ᠳᠠᠭᠠᠭᠤᠯᠤᠭᠴᠢ ᠪᠤᠯᠬᠤ᠂ ᠦᠢᠯᠡᠳᠦᠯᠭᠡ ᠶᠢᠨ ᠰᠦᠪᠡᠭᠴᠢᠯᠡᠯᠲᠡ ᠠᠴᠠ ᠰᠢᠨᠵᠢᠯᠡᠬᠦ ᠤᠬᠠᠭᠠᠨᠴᠢ ᠣᠨᠣᠯ ᠤᠨ ᠵᠢᠯᠣᠭᠤᠳᠤᠯᠭ᠎ᠠ ᠪᠣᠯᠤᠭᠰᠠᠨ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃     ᠣᠳᠣᠬᠠᠨ ᠳᠤ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠲᠦᠷᠭᠡᠨ ᠢᠶᠠᠷ ᠬᠤᠪᠢᠷᠠᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠮᠥᠨ ᠬᠦ ᠳᠠᠷᠤᠯᠲᠠ ᠳᠠᠪᠬᠤᠴᠠᠭᠰᠠᠨ᠂ ᠳᠠᠷᠤᠭᠠᠰᠤ ᠲᠠᠢ ᠪᠠᠷ ᠤᠷᠤᠭᠰᠢᠯᠠᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠴᠡ ᠶᠢᠨ ᠴᠢᠨᠠᠷᠲᠠᠢ᠂ ᠦᠨᠳᠦᠰᠦ ᠰᠤᠷᠪᠤᠯᠵᠢ ᠶᠢᠨ ᠴᠢᠨᠠᠷᠲᠠᠢ᠂ ᠬᠠᠨᠳᠤᠰᠢ ᠶᠢᠨ ᠴᠢᠨᠠᠷᠲᠠᠢ ᠳᠠᠷᠤᠯᠲᠠ ᠶᠢ ᠬᠠᠷᠠᠬᠠᠨ ᠦᠨᠳᠦᠰᠦᠨ ᠠᠴᠠ ᠨᠢ ᠨᠠᠮᠳᠠᠭᠤᠯᠵᠤ ᠳᠡᠶᠢᠯᠦᠭᠡᠳᠦᠢ ᠪᠠᠶᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠣᠲᠣᠭᠠᠳᠤ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠤ ᠳᠤᠮᠳᠠ ᠰᠠᠶᠢᠵᠢᠷᠠᠬᠤ ᠰᠠᠭᠤᠷᠢ ᠪᠠᠰᠠ ᠪᠠᠲᠤ ᠪᠠᠬᠢ ᠪᠢᠰᠢ ᠪᠠᠶᠢᠵᠤ᠂ ᠬᠡᠰᠡᠭ ᠣᠷᠣᠨ ᠪᠦᠰᠡ ᠶᠢᠨ ᠠᠮᠢ ᠠᠬᠤᠢ ᠶᠢᠨ ᠰᠢᠰᠲ᠋ᠧᠮ ᠮᠠᠭᠤᠳᠠᠬᠤ ᠬᠠᠨᠳᠤᠰᠢ ᠶᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠵᠤ ᠳᠡᠶᠢᠯᠦᠭᠡᠳᠦᠢ ᠪᠣᠯᠬᠤᠷ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠮᠥᠨ ᠬᠦ ᠪᠡᠷᠬᠡ ᠬᠠᠲᠠᠭᠤᠵᠢᠯᠲᠠᠢ ᠪᠠᠶᠢᠨ᠎ᠠ᠃ ᠰᠢᠨ᠎ᠡ ᠠᠶᠠᠨ ᠳᠤ᠂ ᠡᠷᠬᠡᠪᠰᠢ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠵᠢᠭᠰᠠᠨ᠂ ᠠᠮᠢ ᠠᠬᠤᠢ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠲᠡᠭᠷᠢ ᠨᠢ ᠴᠡᠯᠮᠡᠭ᠂ ᠬᠥᠷᠥᠰᠥ ᠨᠢ ᠨᠣᠭᠤᠭᠠᠨ᠂ ᠤᠰᠤ ᠨᠢ ᠲᠤᠩᠭᠠᠯᠠᠭ ᠰᠠᠶᠢᠨ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠬᠤ ᠬᠡᠷᠡᠭᠲᠡᠢ᠃    ᠬᠤᠶᠠᠷ᠂ ᠶᠡᠷᠦᠩᠬᠡᠢ ᠱᠠᠭᠠᠷᠳᠠᠯᠭ᠎ᠠ    ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠭᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠂ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠪᠠ ᠬᠠᠮᠵᠢᠯᠴᠠᠨ ᠵᠠᠰᠠᠬᠤ᠂ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠰᠡᠷᠭᠦᠭᠡᠬᠦ᠂ ᠭᠠᠳᠠᠭᠠᠳᠤ ᠬᠢᠵᠠᠭᠠᠷᠯᠠᠯ ᠪᠠ ᠳᠣᠲᠣᠭᠠᠳᠤ ᠬᠥᠳᠡᠯᠭᠡᠬᠦ ᠬᠦᠴᠦᠨ᠂ ︽ᠬᠤᠣᠰ ᠨᠡᠭᠦᠷᠡᠰᠦᠲᠥ᠋ᠷᠥᠭᠴᠢ︾ ᠶᠢᠨ ᠠᠮᠠᠯᠠᠯᠲᠠ ᠪᠠ ᠪᠡᠶ᠎ᠡ ᠪᠠᠨ ᠳᠠᠭᠠᠭᠠᠭᠰᠠᠨ ᠠᠵᠢᠯᠯᠠᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠪᠣᠬᠢᠷᠳᠤᠯ ᠢ ᠵᠠᠰᠠᠬᠤ᠂ ᠠᠮᠢ ᠠᠬᠤᠢ ᠶᠢᠨ ᠬᠠᠮᠠᠭᠠᠯᠠᠯᠲᠠ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠶᠢ ᠨᠢᠭᠡᠳᠦᠯᠲᠡᠢ ᠲᠥᠯᠥᠪᠵᠢᠭᠦᠯᠵᠦ᠂ ᠨᠡᠭᠦᠷᠡᠰᠦᠲᠥ᠋ᠷᠥᠭᠴᠢ   ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠵᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠡᠶᠡᠯᠡᠭᠦᠯᠬᠦ ᠪᠠᠷ ᠤᠳᠤᠷᠢᠳᠤᠮᠵᠢ ᠪᠤᠯᠭᠠᠬᠰᠠᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠤᠢ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠮᠢ ᠠᠬᠤᠢ ᠶᠢᠨ ᠦᠨᠳᠦᠰᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃    ᠭᠤᠣᠯ ᠬᠠᠷᠠᠯᠲᠠ ᠪᠣᠯ᠄  2027 ᠣᠨ ᠪᠤᠯᠬᠤ ᠳᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ  ᠬᠥᠭᠵᠢᠯᠲᠡ ᠶᠢ ᠭᠦᠨᠵᠡᠭᠡᠢ ᠠᠬᠢᠭᠤᠯᠵᠤ᠂ ᠭᠤᠣᠯ ᠪᠤᠯᠬᠤ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ ᠬᠤᠲᠠ ᠬᠥᠳᠡᠭᠡ ᠶᠢᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠵᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠨᠡᠩ ᠪᠦᠷᠢᠨᠰᠢᠭᠦᠯᠵᠦ᠂ ᠨᠢᠭᠡ ᠪᠦᠯᠦᠭ ᠦᠢᠯᠡᠳᠦᠯᠭᠡ ᠶᠢᠨ ᠦᠯᠢᠭᠡᠷ ᠳᠠᠭᠤᠷᠢᠶᠠᠯ ᠢ ᠪᠦᠷᠢᠯᠳᠦᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠣᠨ᠎ᠠ᠃ 2035 ᠣᠨ ᠪᠤᠯᠬᠤ ᠳᠤ᠂ ᠪᠣᠬᠢᠷᠳᠤᠯ ᠦᠭᠡᠢ ᠦᠢᠯᠡᠳᠪᠦᠷᠢᠯᠡᠯ ᠪᠠ ᠠᠮᠢᠳᠤᠷᠠᠯ ᠤᠨ  ᠭᠡᠯᠪᠡᠷᠢ ᠶᠢ ᠥᠷᠭᠡᠨ ᠢᠶᠠᠷ ᠪᠦᠷᠢᠯᠳᠦᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ   ᠳᠤ ᠭᠦᠷᠦᠭᠰᠡᠨ ᠤ ᠳᠠᠷᠠᠭ᠎ᠠ ᠲᠣᠭᠲᠠᠭᠤᠨ ᠤ ᠳᠤᠮᠳᠠ ᠪᠠᠭᠤᠷᠠᠵᠤ᠂ ᠠᠮᠢ ᠠᠬᠤᠢ ᠣᠷᠴᠢᠨ ᠲᠣᠭᠤᠷᠢᠨ ᠦᠨᠳᠦᠰᠦᠨ ᠠᠴᠠ ᠪᠠᠨ ᠰᠠᠶᠢᠵᠢᠷᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠦᠭᠦ ᠲᠠᠯ᠎ᠠ ᠪᠠᠷ ᠪᠦᠷᠢᠯᠳᠦᠭᠦᠯᠵᠦ᠂ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ ᠲᠣᠭᠲᠠᠭᠤᠨ ᠴᠢᠨᠠᠷ ᠦᠷᠭᠦᠯᠵᠢᠯᠡᠬᠦ ᠴᠢᠨᠠᠷ ᠢ ᠢᠯᠡᠳᠲᠡ ᠳᠡᠭᠡᠭᠰᠢᠯᠡᠭᠦᠯᠵᠦ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠨᠠᠩ ᠪᠠᠬᠢᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠲᠤᠰ ᠵᠠᠭᠤᠨ ᠤ ᠳᠤᠮᠳᠠᠴᠢ ᠦᠶ᠎ᠡ ᠶᠢ ᠪᠠᠷᠠᠯᠠᠬᠤᠶ᠎ᠠ᠂ ᠠᠮᠢ ᠠᠬᠤᠢ ᠶᠢᠨ ᠪᠣᠯᠪᠠᠰᠤᠨ ᠪᠦᠭᠦ ᠲᠠᠯ᠎ᠠ ᠪᠠᠷ ᠳᠡᠭᠡᠭᠰᠢᠯᠡᠵᠦ᠂ ᠪᠣᠬᠢᠷᠳᠤᠯ ᠦᠭᠡᠢ ᠬᠥᠭᠵᠢᠯᠲᠡ ᠶᠢᠨ ᠭᠡᠯᠪᠡᠷᠢ ᠪᠣᠯᠣᠨ ᠠᠮᠢᠳᠤᠷᠠᠯ ᠤᠨ ᠭᠡᠯᠪᠡᠷᠢ ᠪᠦᠭᠦ ᠲᠠᠯ᠎ᠠ ᠪᠠᠷ ᠪᠦᠷᠢᠯᠳᠦᠵᠦ᠂ ᠭᠤᠣᠯᠳᠠᠯᠭ᠎ᠠ ᠲᠠᠢ ᠬᠦᠷᠢᠶᠡᠨ ᠳᠤ ᠨᠡᠭᠦᠷᠡᠰᠦᠲᠥ᠋ᠷᠥᠭᠴᠢ ᠶᠢ ᠭᠦᠨᠵᠡᠭᠡᠢ ᠦᠭᠡᠶᠢᠳᠡᠭᠦᠯᠵᠦ᠂ ᠠᠮᠢ ᠠᠬᠤᠢ ᠣᠷᠴᠢᠨ ᠲᠣᠭᠤᠷᠢᠨ ᠡᠷᠡᠭᠦᠯ ᠭᠤᠶᠢᠳᠠ ᠰᠠᠶᠢᠬᠠᠨ ᠪᠣᠯᠵᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠭᠦ ᠲᠠᠯ᠎ᠠ ᠪᠠᠷ ᠪᠡᠶᠡᠯᠡᠭᠦᠯᠦᠨ᠎ᠡ᠃    ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠴᠢᠭᠯᠡᠨ᠂ ᠤᠨᠢᠨ ᠳᠡᠭᠡᠷ᠎ᠡ ᠨᠢ ᠪᠣᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠡᠷᠡᠭᠴᠡᠭᠡ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠢ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢ ᠦᠨᠳᠦᠰᠦᠯᠡᠵᠦ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢᠨ ᠲᠤᠭ᠎ᠠ ᠶᠢᠨ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠬᠦ ᠶᠢ ᠲᠦᠷᠭᠡᠳᠬᠡᠨ ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠵᠦ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠠᠬᠢᠵᠢᠭᠦᠯᠦᠨ ᠥᠷᠭᠡᠳᠬᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠪᠦᠭᠦ ᠲᠠᠯ᠎ᠠ ᠪᠠᠷ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ ︽ᠠᠷᠪᠠᠨ ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ  ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠤᠷᠢᠨ   ᠢ ᠦᠨᠳᠦᠰᠦᠨ  ᠠᠴᠠ   ᠨᠢ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ ᠳᠣᠣᠷᠠᠬᠢ ᠬᠡᠳᠦᠨ ᠲᠠᠯ᠎ᠠ ᠶᠢ ᠪᠡᠶᠡᠯᠡᠭᠦᠯᠬᠦ   ᠶᠢ ᠪᠠᠷᠢᠮᠲᠠᠯᠠᠬᠤ ᠬᠡᠷᠡᠭᠲᠡᠢ᠄    ᠪᠦᠭᠦ ᠬᠦᠷᠢᠶᠡᠨ ᠳᠤ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ ᠶᠢ ᠶᠡᠭᠡ ᠪᠠᠷ ᠠᠬᠢᠭᠤᠯᠵᠤ᠂ ᠡᠨᠧᠷᠭᠢ᠂ ᠠᠵᠤ ᠦᠢᠯᠡᠳᠪᠦᠷᠢ᠂ ᠵᠠᠮ ᠲᠡᠭᠡᠭᠡᠪᠦᠷᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠵᠡᠷᠭᠡ ᠬᠦᠷᠢᠶᠡᠨ ᠳᠠᠬᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠣᠬᠢᠷᠳᠤᠯ ᠦᠭᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠳᠣᠲᠣᠭᠠᠳᠤ ᠬᠥᠳᠡᠯᠭᠡᠬᠦ ᠬᠦᠴᠦᠨ᠂ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠴᠢᠩᠭᠠᠷᠠᠭᠤᠯᠤᠨ᠎ᠠ᠃    ᠪᠦᠭᠦ ᠲᠠᠯ᠎ᠠ ᠪᠠᠷ ᠳᠡᠭᠡᠭᠰᠢᠯᠡᠭᠦᠯᠭᠦ ᠶᠢ ᠪᠡᠶᠡᠯᠡᠭᠦᠯᠦᠨ᠎ᠡ᠃ ᠬᠦᠴᠦᠨ ᠵᠦᠢᠯ ᠢ ᠨᠢᠭᠡᠳᠦᠯᠲᠡᠢ ᠲᠥᠯᠥᠪᠵᠢᠭᠦᠯᠬᠦ ᠪᠠ ᠬᠤᠲᠠ ᠬᠥᠳᠡᠭᠡ ᠶᠢ ᠠᠭᠤᠰᠤᠯᠴᠠᠭᠤᠯᠬᠤ ᠶᠢ ᠪᠠᠷᠢᠮᠲᠠᠯᠠᠵᠤ᠂ ︽ᠦᠵᠡᠰᠬᠦᠯᠡᠩᠲᠦ ᠰᠠᠶᠢᠬᠠᠨ ᠰᠢᠷᠢᠰ︾ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡ ᠴᠣᠭᠴᠠᠵᠢᠭᠤᠯᠤᠨ ᠥᠷᠨᠢᠭᠦᠯᠵᠦ᠂ ᠦᠵᠡᠰᠬᠦᠯᠡᠩᠲᠦ ᠰᠠᠶᠢᠬᠠᠨ ᠬᠥᠬᠡ ᠣᠭᠲᠠᠷᠭᠤᠢ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ᠂ ᠦᠵᠡᠰᠬᠦᠯᠡᠩᠲᠦ ᠰᠠᠶᠢᠬᠠᠨ ᠲᠡᠯᠡᠶ ᠶᠢᠨ ᠪᠤᠯᠤᠩ᠂ ᠦᠵᠡᠰᠬᠦᠯᠡᠩᠲᠦ ᠰᠠᠶᠢᠬᠠᠨ ᠠᠭᠤᠯᠠ ᠤᠰᠤᠨ ᠤ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ᠂ ᠦᠵᠡᠰᠬᠦᠯᠡᠩᠲᠦ ᠰᠠᠶᠢᠬᠠᠨ ᠬᠤᠲᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠲᠣᠰ  ᠲᠣᠰ ᠤᠨ ᠢᠶᠠᠨ ᠭᠤᠸ᠎ᠠ ᠰᠠᠶᠢᠬᠠᠨ ᠲᠠᠢ᠂ ᠭᠤᠸ᠎ᠠ ᠰᠠᠶᠢᠬᠠᠨ ᠢᠶᠠᠨ ᠬᠠᠮᠲᠤᠳᠬᠠᠭᠰᠠᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠰᠢᠨ᠎ᠡ ᠬᠠᠭᠤᠳᠠᠰᠤ ᠶᠢ ᠵᠢᠷᠤᠭᠯᠠᠨ᠎ᠠ᠃    ᠪᠦᠭᠦ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠣᠷᠣᠨ ᠪᠦᠰᠡ ᠶᠢ ᠪᠦᠷᠬᠦᠭᠦᠯᠬᠦ ᠶᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠱᠠᠲᠤ ᠳᠠᠷᠠᠭᠠᠯᠠᠨ ᠠᠬᠢᠭᠤᠯᠵᠤ᠂ ᠦᠵᠡᠰᠬᠦᠯᠡᠩᠲᠦ ᠰᠠᠶᠢᠬᠠᠨ ᠪᠠᠷᠠᠭᠤᠨ ᠣᠷᠣᠨ ᠤ ᠰᠦᠷᠯᠢᠭ ᠰᠠᠶᠢᠬᠠᠨ ᠳᠦᠷᠰᠦ ᠪᠠᠶᠢᠳᠠᠯ᠂ ᠦᠵᠡᠰᠬᠦᠯᠡᠩᠲᠦ ᠰᠠᠶᠢᠬᠠᠨ ᠵᠡᠭᠦᠨ ᠬᠤᠶᠢᠲᠤ ᠣᠷᠣᠨ ᠤ ᠥᠷᠭᠡᠨ ᠠᠭᠤᠳᠠᠮ ᠥᠩᠭᠡ ᠦᠵᠡᠮᠵᠢ᠂ ᠦᠵᠡᠰᠬᠦᠯᠡᠩᠲᠦ ᠰᠠᠶᠢᠬᠠᠨ ᠳᠤᠮᠳᠠ ᠣᠷᠣᠨ ᠤ ᠭᠤᠶᠣᠮᠰᠤᠭ ᠰᠠᠶᠢᠬᠠᠨ ᠠᠭᠤᠯᠠ ᠤᠰᠤ᠂ ᠡᠶ᠎ᠡ ᠵᠣᠬᠢᠴᠠᠩᠭᠤᠢ ᠵᠡᠭᠦᠨ ᠣᠷᠣᠨ ᠤ ᠭᠤᠶᠢᠳᠠ ᠰᠠᠶᠢᠬᠠᠨ ᠵᠢᠷᠤᠭ ᠳᠦᠷᠰᠦ ᠶᠢ ᠢᠯᠡᠷᠡᠭᠦᠯᠵᠦ᠂ ᠲᠤᠰ ᠲᠤᠰ ᠤᠨ ᠣᠨᠴᠠᠯᠢᠭ ᠲᠠᠢ᠂ ᠥᠩᠭᠡ ᠢᠯᠭᠠᠷᠠᠭᠰᠠᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠵᠡᠮᠵᠢ ᠶᠢ ᠵᠢᠷᠤᠭᠯᠠᠨ᠎ᠠ᠃ᠪᠦᠭᠦ ᠨᠡᠶᠢᠭᠡᠮ ᠢᠶᠠᠷ ᠢᠶᠠᠨ ᠬᠥᠳᠡᠯᠦᠯᠴᠡᠨ᠎ᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠠᠷᠠᠳ ᠲᠦᠮᠡᠨ ᠤ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠦᠨᠳᠦᠰᠦᠨ ᠱᠠᠲᠤᠨ ᠤ ᠨᠢᠭᠡᠴᠢ ᠶᠢᠨ ᠪᠣᠬᠢᠷᠳᠤᠯ ᠦᠭᠡᠢ᠂ ᠠᠷᠢᠭᠤᠨ ᠴᠡᠪᠡᠷ᠂ ᠨᠡᠭᠦᠷᠡᠰᠦᠲᠥ᠋ᠷᠥᠭᠴᠢ ᠦᠭᠡᠢ ᠲᠡᠶᠢᠰᠢ ᠬᠥᠲᠥᠯᠥᠨ ᠳᠠᠭᠠᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠬᠥᠮᠥᠨ ᠪᠦᠭᠦᠨ ᠣᠷᠣᠯᠴᠠᠬᠰᠠᠨ᠂ ᠬᠥᠮᠥᠨ ᠪᠦᠭᠦᠨ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠨ᠎ᠠ᠃   ᠭᠤᠷᠪᠠ᠂ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ   ︵ᠨᠢᠭᠡ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠦᠨ᠎ᠡ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠢ ᠪᠦᠷᠢᠨᠰᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠲᠠᠷᠢᠶᠠᠯᠠᠩ᠂ ᠠᠮᠢ ᠠᠬᠤᠢ᠂ ᠬᠤᠲᠠ ᠪᠠᠯᠭᠠᠰᠤ ᠵᠡᠷᠭᠡ ᠡᠯ᠎ᠡ ᠲᠦᠷᠦᠯ ᠤᠨ ᠣᠷᠣᠨ ᠵᠠᠢ ᠶᠢᠨ ᠪᠠᠶᠢᠷᠢᠰᠢᠯ ᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠪᠠ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠵᠤ᠂ ᠪᠦᠭᠦ ᠤᠯᠤᠰ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠢ ᠶᠢ 315 ᠲᠦᠮᠡᠨ ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠡᠷᠡᠰ ᠰᠠᠬᠢᠵᠤ᠂ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠠᠰᠢᠭᠯᠠᠵᠤ ᠪᠤᠯᠬᠤ ᠲᠠᠷᠢᠶᠠᠨ ᠭᠠᠵᠠᠷ ᠢ ᠳᠠᠭᠢᠵᠤ ᠪᠠᠭᠠᠰᠬᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠴᠢᠩᠭ᠎ᠠ ᠬᠠᠮᠢᠶᠠᠷᠤᠨ ᠡᠵᠡᠮᠳᠡᠵᠦ᠂ ᠬᠤᠲᠠ ᠪᠠᠯᠭᠠᠰᠤᠨ ᠤ ᠣᠷᠣᠨ ᠵᠠᠢ ᠶᠢᠨ ᠠᠭᠤᠯᠤᠭᠳᠠᠬᠤᠨ ᠮᠠᠶ᠋ᠢᠭ ᠤᠨ ᠡᠷᠴᠢᠮᠵᠢᠭᠰᠡᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠤ ᠡᠷᠭᠢ ᠳᠠᠭᠠᠤ ᠣᠷᠣᠨ ᠵᠠᠢ ᠳᠠᠬᠢ ᠬᠠᠮᠢᠶᠠᠷᠤᠯᠲᠠ ᠡᠵᠡᠮᠳᠡᠯ ᠢ ᠴᠢᠩᠳᠠᠯᠠᠨ᠎ᠠ᠃ ᠲᠠᠯᠠᠢ ᠲᠠᠩᠭᠢᠰ ᠪᠠ ᠲᠠᠯᠠᠢ ᠶᠢᠨ ᠡᠷᠭᠢ ᠶᠢᠨ ᠪᠦᠰᠡ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠳᠠᠬᠢ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠲᠠᠯᠠᠢ ᠲᠠᠩᠭᠢᠰ ᠢ ᠦᠷ᠎ᠡ ᠠᠰᠢᠭ ᠪᠠᠭᠠᠲᠠᠢ ᠪᠠᠷ ᠠᠰᠢᠭᠯᠠᠬᠤ ᠲᠦᠷᠦᠯ ᠵᠦᠢᠯ ᠢ ᠤᠬᠤᠷᠢᠭᠤᠯᠤᠨ ᠭᠠᠷᠭᠠᠯᠭᠠᠬᠤ ᠲᠣᠭᠲᠠᠴᠠ ᠶᠢ ᠪᠠᠶᠢᠭᠤᠯᠵᠤ᠂ ᠤᠯᠤᠰ ᠤᠨ ᠴᠢᠬᠤᠯᠠ ᠶᠡᠭᠡ ᠲᠦᠷᠦᠯ ᠵᠦᠢᠯ ᠠᠴᠠ ᠭᠠᠳᠠᠨ᠎ᠠ᠂ ᠲᠠᠯᠠᠢ ᠶᠢ ᠬᠦᠷᠢᠶᠡᠯᠡᠨ ᠪᠥᠭᠯᠡᠬᠦ ᠲᠦᠷᠦᠯ ᠵᠦᠢᠯ ᠢ ᠰᠢᠨ᠎ᠡ ᠪᠠᠷ ᠨᠡᠮᠡᠭᠳᠡᠭᠦᠯᠬᠦ ᠦᠭᠡᠢ᠃ ᠪᠦᠭᠦ ᠣᠷᠣᠨ ᠪᠦᠰᠡ ᠶᠢ ᠬᠠᠮᠤᠷᠤᠭᠰᠠᠨ ᠠᠮᠢ ᠠᠬᠤᠢ ᠶᠢᠨ ᠣᠷᠴᠢᠨ ᠨᠥᠬᠦᠴᠡᠯ ᠤᠨ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠥᠭᠵᠢᠯᠲᠡ ᠶᠢᠨ ︽ᠬᠤᠷᠢᠭ᠎ᠠ ᠱᠤᠭᠤᠮ ᠢ ᠲᠣᠳᠣᠷᠬᠠᠶᠢᠯᠠᠵᠤ︾᠂ ︽ᠵᠠᠭᠠᠭ ᠱᠤᠭᠤᠮ ᠢ ᠲᠣᠭᠲᠠᠭᠠᠨ᠎ᠠ︾᠃ 2035 ᠣᠨ ᠪᠤᠯᠬᠤ ᠳᠤ᠂ ᠡᠬᠡ ᠬᠠᠭᠤᠷᠠᠢ ᠶᠢᠨ ᠪᠠᠶᠢᠭᠠᠯᠢᠯᠢᠭ ᠡᠷᠭᠢ ᠳᠠᠭᠠᠤ ᠣᠷᠣᠨ ᠢ ᠪᠠᠲᠤᠯᠠᠬᠤ ᠨᠣᠷᠮ᠎ᠠ ᠶᠢ  35% ᠠᠴᠠ ᠳᠣᠣᠷ᠎ᠠ ᠪᠠᠶᠢᠯᠭᠠᠬᠤ ᠦᠭᠡᠢ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠠᠮᠢ ᠠᠬᠤᠢ ᠶᠢᠨ ᠴᠢᠳᠠᠮᠵᠢ ᠶᠢ ᠪᠠᠭᠤᠷᠠᠭᠤᠯᠬᠤ ᠦᠭᠡᠢ᠂ ᠰᠢᠨᠵᠢ ᠴᠢᠨᠠᠷ ᠢ ᠬᠤᠪᠢᠷᠠᠭᠤᠯᠬᠤ ᠦᠭᠡᠢ᠃    ︵ᠬᠤᠶᠠᠷ︶ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢ ᠲᠥᠯᠥᠪᠯᠡᠭᠡ ᠲᠠᠢ ᠠᠯᠬᠤᠮ ᠲᠠᠷᠠᠭ᠎ᠠ ᠲᠠᠢ ᠪᠠᠷ ᠬᠡᠷᠡᠭᠵᠢᠭᠦᠯᠵᠦ᠂ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ  ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠵᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠬᠤ ᠳᠤ ᠰᠠᠭᠤᠷᠢ ᠶᠢ ᠲᠠᠯᠪᠢᠵᠤ ᠥᠭᠭᠦᠨ᠎ᠡ᠃ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠨ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠲᠥᠯᠥᠪᠵᠢᠭᠦᠯᠦᠨ ᠪᠠᠶᠢᠭᠤᠯᠵᠤ᠂ ᠡᠨᠧᠷᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠨᠡᠭᠦᠷᠡᠰᠦ ᠵᠡᠷᠭᠡ ᠴᠢᠯᠠᠭᠤᠵᠢᠮᠠᠯ ᠤᠨ ᠡᠨᠧᠷᠭᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠪᠠᠷ ᠬᠢᠵᠠᠭᠠᠷᠯᠠᠵᠤ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠨ᠂ ᠴᠢᠯᠠᠭᠤᠵᠢᠮᠠᠯ ᠤᠨ ᠪᠤᠰᠤ ᠡᠨᠧᠷᠭᠢ ᠶᠢ ᠶᠡᠭᠡ ᠪᠠᠷ ᠬᠥᠭᠵᠢᠭᠦᠯᠵᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠤᠯᠠᠨ ᠬᠦᠷᠢᠶᠡᠨ ᠳᠠᠬᠢ ᠤᠯᠠᠨ ᠲᠡᠰ ᠳᠠᠪᠬᠤᠷᠭ᠎ᠠ ᠪᠦᠬᠦᠢ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠠᠮᠵᠢᠯᠴᠠᠨ ᠰᠢᠨ᠎ᠡ ᠶᠢ ᠡᠭᠦᠳᠬᠦ ᠲᠤᠷᠰᠢᠯᠲᠠ ᠶᠢ ᠥᠷᠨᠢᠭᠦᠯᠦᠨ᠎ᠡ᠃ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠢ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠪᠣᠯᠣᠨ ᠬᠦᠴᠦᠯᠡᠴᠡ ᠶᠢᠨ ᠬᠤᠣᠰ ᠡᠵᠡᠮᠳᠡᠯ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠤᠨ ᠰᠠᠭᠤᠷᠢ ᠴᠢᠳᠠᠪᠤᠷᠢ ᠪᠣᠯᠣᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠬᠦᠯᠡᠮᠵᠢ ᠶᠢᠨ ᠬᠡᠢ ᠪᠡᠶᠡᠲᠦ ᠶᠢᠨ ᠨᠠᠷᠢᠨ ᠲᠠᠩᠰᠠ ᠶᠢ ᠵᠢᠯ ᠳᠠᠷᠠᠭᠠᠯᠠᠨ ᠨᠠᠶᠢᠷᠠᠭᠤᠯᠤᠨ ᠵᠣᠬᠢᠶᠠᠨ᠎ᠠ᠃ ᠮᠧᠲ᠋ᠠᠨ ᠤ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠠᠵᠢᠯᠯᠠᠭ᠎ᠠ ᠶᠢᠨ ᠲᠥᠰᠥᠯ ᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠤᠰᠤ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠪᠤᠰᠤᠳ ᠠᠵᠢᠯᠯᠠᠭ᠎ᠠ ᠶᠢᠨ ᠲᠥᠰᠥᠯ ᠢ ᠰᠤᠳᠤᠯᠤᠨ ᠲᠣᠭᠲᠠᠭᠠᠨ᠎ᠠ᠃ ᠪᠦᠭᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠢ ᠴᠢᠨᠠᠭᠰᠢᠳᠠ ᠬᠥᠭᠵᠢᠭᠦᠯᠵᠦ᠂ ᠠᠵᠢᠯ ᠲᠦᠷᠦᠯ ᠤᠨ ᠬᠠᠮᠤᠷᠬᠤ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠨ᠂ ᠠᠷᠠᠯᠵᠢᠶᠠᠯᠠᠬᠤ ᠲᠦᠷᠦᠯ ᠵᠦᠢᠯ ᠪᠠ ᠠᠷᠭ᠎ᠠ ᠮᠠᠶ᠋ᠢᠭ ᠢ ᠪᠠᠶᠠᠯᠢᠭᠵᠢᠭᠤᠯᠵᠤ᠂ ᠪᠦᠭᠦ ᠤᠯᠤᠰ ᠤᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠤᠨ ᠲᠡᠭᠦᠯᠳᠡᠷᠵᠢᠭᠦᠯᠦᠨ᠎ᠡ᠃ 2035 ᠣᠨ ᠪᠤᠯᠬᠤ ᠳᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠳᠠᠬᠢ ᠴᠢᠯᠠᠭᠤᠵᠢᠮᠠᠯ ᠤᠨ ᠪᠤᠰᠤ ᠡᠨᠧᠷᠭᠢ ᠶᠢᠨ ᠡᠵᠡᠯᠡᠬᠦ ᠬᠤᠪᠢ ᠶᠢᠨ ᠵᠢᠩ ᠢ ᠴᠢᠨᠠᠭᠰᠢᠳᠠ ᠳᠡᠭᠡᠭᠰᠢᠯᠡᠭᠦᠯᠵᠦ᠂ ᠨᠠᠩ ᠪᠦᠲᠦᠮᠵᠢᠲᠡᠶ᠂ ᠨᠠᠩ ᠠᠮᠢᠵᠢᠷᠠᠯ ᠤᠨ ᠬᠦᠴᠦᠨ ᠲᠠᠢ᠂  ᠳᠡᠯᠡᠬᠡᠢ ᠶᠢᠨ ᠨᠥᠯᠥᠭᠡᠯᠡᠬᠦ ᠬᠦᠴᠦᠨ ᠢᠶᠠᠷ ᠨᠡᠩ ᠴᠢᠩᠭ᠎ᠠ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠢ ᠪᠠᠶᠢᠭᠤᠯᠤᠨ᠎ᠠ᠃    ︵ᠭᠤᠷᠪᠠ︶ ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠠᠵᠤ ᠦᠢᠯᠡᠰ ᠤᠨ ᠲᠣᠭᠠᠴᠢᠯᠠᠯᠲᠠ᠂ ᠣᠶᠤᠨᠴᠢᠯᠠᠯᠲᠠ ᠶᠢᠨ ᠪᠣᠬᠢᠷᠳᠤᠯ ᠦᠭᠡᠢ ᠯᠦᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠮᠡᠷᠭᠡᠵᠢᠯ ᠤᠨ ᠠᠵᠤ ᠦᠢᠯᠡᠰ᠂  ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ᠂  ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠣᠷᠣᠬᠤ ᠶᠢ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ᠂ ᠳᠣᠣᠷ᠎ᠠ ᠲᠦᠪᠰᠢᠨ ᠪᠦᠬᠦᠢ ᠲᠥᠷᠥᠯ ᠵᠦᠢᠯ ᠢ ᠰᠣᠬᠤᠷ ᠪᠠᠯᠠᠢ ᠪᠠᠷ ᠡᠬᠢᠯᠡᠭᠦᠯᠬᠦ ᠶᠢ ᠡᠷᠡᠰ ᠬᠤᠷᠢᠭᠯᠠᠨ᠎ᠠ᠃ ᠤᠯᠠᠮᠵᠢᠯᠠᠯᠲᠤ ᠠᠵᠤ ᠦᠢᠯᠡᠰ ᠤᠨ ᠭᠠᠷ ᠤᠷᠠᠯᠠᠯ᠂ ᠮᠡᠷᠭᠡᠵᠢᠯ᠂ ᠲᠣᠨᠤᠭ ᠲᠥᠬᠦᠭᠡᠷᠦᠮᠵᠢ ᠶᠢᠨ ᠳᠡᠰ ᠳᠡᠪᠰᠢᠬᠦ ᠶᠢ ᠶᠡᠭᠡ  ᠪᠠᠷ ᠠᠬᠢᠭᠤᠯᠵᠤ᠂  ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠵᠦ᠂ ᠴᠡᠪᠡᠷ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠦᠨ᠎ᠡ᠃ ᠨᠢᠭᠡᠨᠲᠡ ᠪᠠᠶᠢᠭ᠎ᠠ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ ᠶᠢ ᠲᠦᠷᠭᠡᠳᠬᠡᠵᠦ᠂ ᠭᠡᠲᠦ ᠳᠣᠣᠷ᠎ᠠ ᠡᠨᠧᠷᠭᠢ ᠶᠢᠨ ᠬᠤᠷᠣᠭᠳᠠᠭᠤᠯᠤᠯ ᠲᠠᠢ᠂ ᠪᠠᠭ᠎ᠠ ᠨᠡᠭᠦᠷᠡᠰᠦᠲᠥ᠋ᠷᠥᠭᠴᠢᠲᠦ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ︽ᠵᠠᠰᠠᠮᠠᠯ ᠵᠠᠮ ᠢᠶᠠᠷ ᠲᠡᠭᠡᠭᠡᠪᠦᠷᠢᠯᠡᠬᠦ ᠶᠢ ᠲᠡᠮᠦᠷ ᠵᠠᠮ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾᠂ ︽ᠵᠠᠰᠠᠮᠠᠯ ᠵᠠᠮ ᠢᠶᠠᠷ ᠲᠡᠭᠡᠭᠡᠪᠦᠷᠢᠯᠡᠬᠦ ᠶᠢ ᠤᠰᠤᠨ ᠵᠠᠮ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾ ᠶᠢ ᠶᠡᠭᠡ ᠪᠠᠷ ᠠᠬᠢᠭᠤᠯᠵᠤ᠂ ᠲᠡᠮᠦᠷ ᠵᠠᠮ ᠤᠨ ᠲᠤᠰᠬᠠᠢ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠥᠭᠡᠮ ᠪᠠᠷᠠᠭ᠎ᠠ ᠶᠢ ᠴᠡᠪᠡᠷᠰᠢᠭᠦᠯᠦᠨ ᠲᠡᠭᠡᠭᠡᠪᠦᠷᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ ᠲᠡᠮᠦᠷ ᠵᠠᠮ ᠤᠨ ᠲᠠᠯᠠᠪᠤᠷ ᠥᠷᠲᠡᠭᠡ᠂ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠭᠠᠷᠠᠮ᠂ ᠪᠠᠷᠠᠭ᠎ᠠ ᠶᠢᠨ ᠭᠦᠢᠯᠭᠡᠭᠡ ᠶᠢᠨ ᠬᠦᠷᠢᠶᠡᠯᠡᠩ ᠲᠣᠭᠤᠷᠢᠭ ᠵᠡᠷᠭᠡ ᠶᠢᠨ ᠪᠣᠬᠢᠷᠳᠤᠯ ᠦᠭᠡᠢ ᠥᠭᠡᠷᠡᠴᠢᠯᠡᠯᠲᠡ ᠪᠠ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠠᠬᠢᠭᠤᠯᠵᠤ᠂ ᠭᠡᠲᠦ ᠳᠣᠣᠷ᠎ᠠ ᠪᠠ ᠦᠨᠳᠦᠰᠦᠨ ᠳᠡᠭᠡᠨ ᠭᠠᠳᠠᠭᠰᠢᠯᠠᠭᠤᠯᠤᠯᠲᠠ ᠦᠭᠡᠢ ᠲᠡᠷᠭᠡ ᠬᠥᠰᠬᠡ ᠶᠢ ᠬᠡᠪᠴᠢᠶᠡᠵᠢᠭᠦᠯᠦᠨ ᠬᠡᠷᠡᠭᠯᠡᠬᠦ᠂ ᠵᠠᠮ ᠬᠠᠷᠢᠯᠴᠠᠭᠠᠨ ᠤ ᠪᠤᠰᠤ ᠰᠢᠯᠵᠢᠭᠡ ᠮᠠᠰᠢᠨ ᠮᠧᠬᠠᠨᠢᠭ ᠤᠨ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠬᠡᠷᠡᠭᠯᠡᠯᠲᠡ ᠶᠢ ᠠᠬᠢᠭᠤᠯᠤᠨ᠎ᠠ᠃  2027 ᠣᠨ ᠪᠤᠯᠬᠤ ᠳᠤ᠂ ᠰᠢᠨ᠎ᠡ ᠪᠠᠷ ᠨᠡᠮᠡᠭᠳᠡᠬᠦ ᠮᠠᠰᠢᠨ ᠲᠡᠷᠭᠡᠨ ᠤ ᠳᠣᠲᠣᠷ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠯᠡᠬᠦ ᠬᠠᠷᠢᠴᠠᠯ ᠢ 45% ᠳᠤ ᠬᠦᠷᠭᠡᠬᠦ ᠪᠠᠷ ᠴᠢᠷᠮᠠᠶᠢᠵᠤ᠂ ᠬᠠᠭᠤᠴᠢᠨ ᠳᠣᠲᠣᠭᠠᠳᠤ ᠰᠢᠲᠠᠯᠲᠠ ᠶᠢᠨ ᠮᠠᠰᠢᠨ ᠲᠡᠷᠭᠡ ᠶᠢ ᠦᠨᠳᠦᠰᠦᠨ ᠳᠡᠭᠡᠨ ᠰᠢᠭᠰᠢᠭᠳᠡᠭᠦᠯᠵᠦ᠂ ᠭᠠᠷᠠᠮ ᠤᠨ ᠴᠢᠩᠭᠡᠯᠢᠭ ᠤᠨ ᠲᠡᠮᠦᠷ ᠵᠠᠮ ᠤᠰᠤᠨ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠬᠡᠮᠵᠢᠶ᠎ᠡ ᠶᠢᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠨ᠎ᠠ; 2035 ᠣᠨ ᠪᠤᠯᠬᠤ ᠳᠤ᠂ ᠶᠡᠷᠦᠩᠬᠡᠢ ᠡᠷᠭᠢᠯᠲᠡ ᠶᠢᠨ ᠬᠡᠮᠵᠢᠶᠡᠨ ᠳᠠᠬᠢ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠶᠢᠨ ᠡᠵᠡᠯᠡᠬᠦ ᠬᠠᠷᠢᠴᠠᠯ ᠢ 25% ᠣᠷᠴᠢᠮ ᠳᠤ ᠬᠦᠷᠭᠡᠨ᠎ᠡ᠃    ︵ᠳᠥᠷᠪᠡ︶ ᠡᠯ᠎ᠡ ᠲᠥᠷᠥᠯ ᠤᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠤᠨ᠎ᠠ᠃ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠨᠧᠷᠭᠢ ᠠᠷᠪᠢᠯᠠᠬᠤ᠂ ᠤᠰᠤ ᠠᠷᠪᠢᠯᠠᠬᠤ᠂ ᠭᠠᠵᠠᠷ ᠰᠢᠷᠣᠢ ᠶᠢ ᠠᠷᠪᠢᠯᠠᠬᠤ᠂ ᠮᠠᠲ᠋ᠧᠷᠢᠶᠠᠯ ᠠᠷᠪᠢᠯᠠᠬᠤ᠂ ᠠᠭᠤᠷᠬᠠᠢ ᠠᠷᠪᠢᠯᠠᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠡᠨᠧᠷᠭᠢ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠡᠵᠡᠮᠳᠡᠯ ᠢ ᠴᠢᠩᠭᠠᠳᠬᠠᠵᠤ᠂ ᠤᠰᠤ ᠬᠡᠷᠡᠭᠯᠡᠬᠦ ᠭᠤᠣᠯᠳᠠᠯᠭ᠎ᠠ ᠲᠠᠢ ᠠᠵᠢᠯ ᠲᠦᠷᠦᠯ᠂ ᠦᠢᠯᠡᠳᠬᠦᠨ ᠤ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠬᠡᠪ ᠤᠨ ᠪᠤᠰᠤ ᠤᠰᠤᠨ ᠰᠤᠷᠪᠤᠯᠵᠢ ᠶᠢ ᠲᠣᠬᠢᠷᠠᠭᠤᠯᠤᠨ ᠠᠰᠢᠭᠯᠠᠬᠤ ᠶᠢ ᠴᠢᠩᠭᠠᠳᠬᠠᠨ᠎ᠠ᠃ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠳᠦᠷᠢᠮ ᠢ ᠪᠦᠷᠢᠨᠰᠢᠭᠦᠯᠵᠦ᠂ ᠭᠠᠵᠠᠷ ᠰᠢᠷᠣᠢ ᠠᠷᠪᠢᠯᠠᠬᠤ ᠮᠡᠷᠭᠡᠵᠢᠯ ᠪᠣᠯᠣᠨ ᠵᠠᠭᠪᠤᠷ ᠢ ᠳᠡᠯᠭᠡᠷᠡᠭᠦᠯᠦᠨ᠎ᠡ᠃ ᠪᠣᠬᠢᠷᠳᠤᠯ ᠦᠭᠡᠢ ᠦᠢᠯᠡᠳᠬᠦ ᠰᠢᠰᠲ᠋ᠧᠮ ᠪᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠬᠠᠶᠠᠭᠳᠠᠮᠠᠯ ᠬᠠᠭᠤᠴᠢᠨ ᠮᠠᠰᠢᠨ ᠤ ᠰᠠᠷᠬᠢᠷᠠᠭᠤᠯ᠂ ᠭᠡᠷᠡᠯᠴᠢ ᠴᠡᠨᠡᠭ ᠤᠨ ᠲᠣᠨᠤᠭ᠂ ᠬᠥᠳᠡᠯᠭᠡᠬᠦ ᠬᠦᠴᠦᠨ ᠤ ᠳ᠋ᠢᠶᠠᠨ ᡂᠢ᠂ ᠲᠦᠷᠭᠡᠨ ᠬᠦᠷᠭᠡᠯᠲᠡ ᠶᠢᠨ ᠪᠣᠭᠤᠳᠠᠯ ᠵᠡᠷᠭᠡ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃ ᠲᠦᠭᠦᠬᠡᠢ ᠮᠠᠲ᠋ᠧᠷᠢᠶᠠᠯ ᠢ ᠠᠷᠪᠢᠯᠠᠬᠤ ᠪᠠ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ᠳᠠᠭᠢᠨ ᠦᠢᠯᠡᠳᠬᠦ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠤᠨ᠎ᠠ᠃ 2035 ᠣᠨ ᠪᠤᠯᠬᠤ ᠳᠤ᠂ ᠡᠨᠧᠷᠭᠢ ᠪᠠ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠭᠡᠨ᠎ᠡ᠃    ᠳᠥᠷᠪᠡ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠤᠨ᠎ᠠ    ︵ᠲᠠᠪᠤ︶ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠨ᠎ᠡ᠃ ᠪᠡᠭᠡᠵᠢᠩ ᠲᠢᠶᠠᠨᠵᠢᠨ ᠾᠧᠪᠧᠢ ᠵᠢᠴᠢ ᠡᠷᠭᠢᠨ ᠲᠣᠭᠤᠷᠢᠨ᠂  ᠬᠥᠬᠡᠮᠥ᠋ᠷᠡᠨ ᠤ ᠭᠤᠷᠪᠠᠯᠵᠢᠨ ᠬᠤᠶᠢᠭ᠂ ᠹᠧᠨ ᠾᠧ ᠭᠤᠣᠯ ᠸᠧᠢ ᠾᠧ ᠭᠤᠣᠯ ᠤᠨ ᠲᠠᠯ᠎ᠠ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠪᠠᠷ ᠭᠤᠣᠯ ᠳᠠᠶᠢᠯᠠᠯᠳᠤᠭᠠᠨ ᠤ ᠲᠠᠯᠠᠪᠤᠷ ᠪᠤᠯᠭᠠᠵᠤ᠂ ᠨᠠᠷᠢᠨ ᠮᠥᠬᠦᠯᠢᠭᠲᠦ ᠪᠣᠳᠠᠰ ᠢ ᠡᠵᠡᠮᠳᠡᠬᠦ ᠪᠠᠷ ᠭᠤᠣᠯ ᠱᠤᠭᠤᠮ ᠪᠤᠯᠭᠠᠵᠤ᠂ ᠣᠯᠠᠨ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠵᠢᠯᠴᠠᠨ ᠪᠠᠭᠠᠰᠬᠠᠬᠤ ᠶᠢ ᠶᠡᠭᠡ ᠪᠠᠷ ᠠᠬᠢᠭᠤᠯᠤᠨ᠎ᠠ᠃ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠵᠤ᠂ ᠡᠬᠢ ᠡᠭᠦᠰᠦᠯ ᠠᠴᠠ ᠨᠢ ᠣᠷᠣᠯᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠪᠣᠯᠣᠳ ᠲᠡᠮᠦᠷ᠂ ᠱᠦᠢᠨᠢ᠂ ᠬᠡᠦᠷᠰᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠵᠢᠴᠢ ᠨᠡᠭᠦᠷᠡᠰᠦ ᠰᠢᠲᠠᠭᠠᠬᠤ ᠭᠦᠸᠧᠯᠦ ᠶᠢ ᠭᠡᠲᠦ ᠳᠣᠣᠷ᠎ᠠ ᠭᠠᠳᠠᠭᠰᠢᠯᠠᠭᠤᠯᠤᠯᠲᠠ ᠲᠠᠢ ᠪᠣᠯᠭᠠᠨ ᠥᠭᠡᠷᠡᠴᠢᠯᠡᠬᠦ ᠶᠢ ᠴᠢᠨᠠᠷ ᠰᠠᠶᠢᠲᠠᠢ ᠠᠬᠢᠭᠤᠯᠤᠨ᠎ᠠ᠃ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ ᠴᠡᠪᠡᠷ ᠡᠨᠧᠷᠭᠢ᠂ ᠲᠥᠪᠯᠡᠷᠡᠭᠦᠯᠦᠨ ᠢᠯᠴᠢ ᠬᠠᠩᠭᠠᠬᠤ ᠪᠠᠷ ᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠰᠤᠯᠠ ᠨᠡᠭᠦᠷᠡᠰᠦ᠂ ᠨᠡᠭᠦᠷᠡᠰᠦ ᠰᠢᠲᠠᠭᠠᠬᠤ ᠭᠦᠸᠧᠯᠦ᠂ ᠠᠵᠤ ᠦᠢᠯᠡᠳᠪᠦᠷᠢ ᠶᠢᠨ ᠵᠤᠤᠬ᠎ᠠ ᠶᠢᠨ ᠪᠣᠬᠢᠷᠳᠤᠯ ᠢ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠣᠷᠣᠨ ᠪᠦᠰᠡ ᠳᠤ ᠨᠡᠭᠦᠷᠡᠰᠦᠨ ᠤ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ ᠦᠷᠭᠦᠯᠵᠢᠯᠡᠨ ᠬᠡᠷᠡᠭᠵᠢᠭᠦᠯᠦᠨ᠎ᠡ᠃  ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ ᠲᠠᠷᠠᠭᠠᠴᠢ ᠶᠢᠨ ᠱᠠᠲᠤᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠰᠢᠨ᠎ᠡ ᠱᠠᠲᠤᠨ ᠳᠠᠬᠢ ᠲᠣᠰᠣᠨ ᠤ ᠵᠦᠢᠯ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠰᠤᠳᠤᠯᠭᠠᠨ ᠢ ᠥᠷᠨᠢᠭᠦᠯᠵᠦ᠂ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠳᠬᠠᠵᠤ᠂ ᠬᠦᠨᠳᠦ ᠪᠣᠬᠢᠷᠳᠤᠯ ᠲᠠᠢ ᠴᠠᠭ ᠠᠭᠤᠷ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠠᠵᠢᠯ ᠤᠨ ᠠᠮᠵᠢᠯᠲᠠ ᠪᠦᠲᠦᠮᠵᠢ ᠶᠢ ᠲᠠᠰ ᠬᠤᠪᠢᠶᠠᠬᠤ ᠶᠢ ᠭᠦᠨᠵᠡᠭᠡᠶᠢᠷᠡᠭᠦᠯᠦᠨ᠎ᠡ᠃ ᠱᠤᠤᠭᠢᠶᠠᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠦᠮᠡᠬᠡᠢ ᠦᠨᠦᠷ᠂ ᠢᠳᠡᠭᠡᠨ ᠤᠮᠳᠠᠭᠠᠨ ᠤ ᠲᠣᠰᠣᠨ ᠤᠲᠤᠭ᠎ᠠ ᠵᠡᠷᠭᠡ ᠪᠣᠬᠢᠷᠳᠤᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠣᠽᠣᠨ ᠤ ᠳᠠᠪᠬᠤᠷᠭ᠎ᠠ ᠶᠢᠨ ᠪᠣᠳᠠᠰ ᠪᠠ ᠤᠰᠤᠲᠥ᠋ᠷᠥᠭᠴᠢ ᠹᠯᠣᠷ ᠤᠨ ᠨᠡᠭᠦᠷᠡᠰᠦᠲᠥ᠋ᠷᠥᠭᠴᠢᠲᠦ ᠪᠣᠳᠠᠰ ᠢ ᠬᠤᠷᠣᠭᠳᠠᠭᠤᠯᠬᠤ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ 2027 ᠣᠨ ᠪᠤᠯᠬᠤ ᠳᠤ᠂ ᠪᠦᠭᠦ ᠤᠯᠤᠰ ᠤᠨ ᠨᠠᠷᠢᠨ ᠮᠥᠬᠦᠯᠢᠭᠲᠦ ᠪᠣᠳᠠᠰ ᠤᠨ ᠳᠤᠮᠳᠠᠴᠢ ᠥᠳᠬᠡᠴᠡ ᠶᠢ 28 ᠮᠢᠺᠷᠥᠭᠷᠠᠮ / ᠪᠣᠰᠤᠭ᠎ᠠ ᠳᠥᠷᠪᠡᠯᠵᠢᠨ ᠮᠧᠲᠷ ᠠᠴᠠ ᠳᠣᠷᠣᠭᠰᠢ ᠪᠤᠯᠲᠠᠯ᠎ᠠ ᠪᠠᠭᠤᠷᠠᠭᠤᠯᠵᠤ᠂ ᠡᠯ᠎ᠡ ᠲᠤᠰᠬᠠᠢ ᠭᠠᠵᠠᠷ ᠤᠨ ᠲᠠᠰ ᠤᠨ ᠬᠤᠳᠠ ᠵᠢᠴᠢ ᠲᠡᠭᠦᠨ ᠠᠴᠠ ᠳᠡᠭᠡᠭᠰᠢᠬᠢ ᠬᠤᠲᠠ ᠲᠤᠰ ᠪᠠᠷᠢᠮᠵᠢᠶ᠎ᠠ ᠳᠤ ᠬᠦᠷᠭᠡᠬᠦ ᠪᠠᠷ ᠴᠢᠷᠮᠠᠶᠢᠨ᠎ᠠ; 2035 ᠣᠨ ᠪᠤᠯᠬᠤ ᠳᠤ᠂ ᠪᠦᠭᠦ ᠤᠯᠤᠰ ᠤᠨ ᠨᠠᠷᠢᠨ ᠮᠥᠬᠦᠯᠢᠭᠲᠦ ᠪᠣᠳᠠᠰ ᠤᠨ ᠥᠳᠬᠡᠴᠡ ᠶᠢ 25 ᠮᠢᠺᠷᠥᠭᠷᠠᠮ / ᠪᠣᠰᠤᠭ᠎ᠠ ᠳᠥᠷᠪᠡᠯᠵᠢᠨ ᠮᠧᠲᠷ ᠠᠴᠠ ᠳᠣᠷᠣᠭᠰᠢ ᠪᠤᠯᠲᠠᠯ᠎ᠠ ᠪᠠᠭᠤᠷᠠᠭᠤᠯᠵᠤ᠂ ᠠᠭᠠᠷ ᠪᠠᠶᠢᠩᠭᠤ ᠰᠣᠷᠭᠤᠭ ᠪᠠᠶᠢᠵᠤ᠂ ᠬᠥᠬᠡ ᠣᠭᠲᠠᠷᠭᠤᠢ  ᠪᠠᠶᠢᠩᠭᠤ ᠴᠡᠯᠮᠡᠭ ᠪᠠᠶᠢᠬᠤ ᠶᠢ ᠪᠡᠶᠡᠯᠡᠭᠦᠯᠦᠨ᠎ᠡ᠃    ︵ᠵᠢᠷᠭᠤᠭ᠎ᠠ︶ ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠨ᠎ᠡ᠃ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠥᠬᠡᠮᠥ᠋ᠷᠡᠨ᠂ ᠬᠠᠳᠤᠨ ᠭᠤᠣᠯ ᠵᠡᠷᠭᠡ ᠶᠡᠭᠡ ᠭᠤᠣᠯ ᠮᠥᠷᠡᠨ ᠪᠣᠯᠣᠨ ᠴᠢᠬᠤᠯᠠ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠶᠢ ᠭᠦᠨᠵᠡᠭᠡᠢ ᠠᠬᠢᠭᠤᠯᠵᠤ᠂ ᠤᠰᠤᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠵᠢᠴᠢ ᠬᠠᠮᠢᠶᠠᠷᠤᠯᠲᠠ ᠶᠢᠨ ᠳᠦᠷᠢᠮ ᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠤᠰᠤᠨ ᠰᠤᠷᠪᠤᠯᠵᠢ ᠶᠢᠨ ᠭᠠᠵᠠᠷ ᠢ ᠵᠢᠷᠤᠮᠵᠢᠭᠤᠯᠤᠨ ᠪᠦᠲᠦᠭᠡᠨ ᠪᠠᠶᠢᠭᠤᠯᠬᠤ ᠪᠠ ᠪᠡᠯᠡᠳᠬᠡᠯ ᠤᠰᠤᠨ ᠰᠤᠷᠪᠤᠯᠵᠢ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ  ᠠᠬᠢᠭᠤᠯᠤᠨ᠎ᠠ᠃ ᠭᠤᠣᠯ ᠮᠥᠷᠡᠨ ᠲᠠᠯᠠᠢ ᠲᠠᠩᠭᠢᠰ ᠤᠷᠤᠭᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠰᠡᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠰᠡᠭ ᠢ ᠬᠢᠨᠠᠨ ᠬᠡᠮᠵᠢᠵᠦ ᠬᠠᠮᠢᠶᠠᠷᠬᠤ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠤᠨ᠎ᠠ᠃ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠪᠣᠬᠢᠷ ᠤᠰᠤ ᠶᠢ ᠵᠠᠰᠠᠬᠤ ᠬᠢᠭᠡᠳ ᠭᠠᠳᠠᠭᠰᠢᠯᠠᠭᠤᠯᠬᠤ ᠲᠦᠪᠰᠢᠨ ᠤ ᠠᠮᠵᠢᠯᠲᠠ ᠪᠦᠲᠦᠮᠵᠢ ᠶᠢ ᠲᠠᠰ ᠬᠤᠪᠢᠶᠠᠬᠤ ᠶᠢ ᠬᠡᠷᠡᠭᠵᠢᠭᠦᠯᠦᠨ᠎ᠡ᠃ ᠬᠤᠲᠠ ᠪᠠᠯᠭᠠᠰᠤ ᠶᠢᠨ ᠪᠣᠬᠢᠷ ᠤᠰᠤ ᠴᠤᠭᠯᠠᠭᠤᠯᠬᠤ ᠪᠠ ᠰᠢᠢᠳᠪᠦᠷᠢᠯᠡᠬᠦ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠬᠤᠲᠠ ᠶᠢᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠪᠦᠭᠦᠨ ᠢ ᠪᠦᠷᠬᠦᠭᠦᠯᠦᠭᠰᠡᠨ ᠥᠯᠢᠭᠡᠷ ᠳᠠᠭᠤᠷᠢᠶᠠᠯ ᠪᠦᠬᠦᠢ ᠲᠣᠭᠤᠷᠢᠭ ᠢ ᠪᠦᠲᠦᠭᠡᠨ ᠪᠠᠶᠢᠭᠤᠯᠵᠤ᠂ ᠪᠣᠬᠢᠷ ᠰᠢᠪᠠᠷ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠂ ᠪᠣᠬᠢᠷ ᠤᠰᠤ  ᠶᠢ ᠰᠢᠢᠳᠪᠦᠷᠢᠯᠡᠬᠦ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠡᠪ ᠳᠠᠭᠤᠷᠢᠶᠠᠯ ᠪᠦᠬᠦᠢ ᠦᠢᠯᠡᠳᠪᠦᠷᠢ ᠶᠢ ᠪᠦᠲᠦᠭᠡᠨ ᠪᠠᠶᠢᠭᠤᠯᠤᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠣᠲᠣᠭᠠᠳᠤ ᠢᠷᠡᠯᠲᠡ ᠶᠢᠨ ᠪᠣᠬᠢᠷᠳᠤᠯ ᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠶᠢ ᠥᠷᠨᠢᠭᠦᠯᠵᠦ᠂ ᠬᠤᠲᠠ ᠬᠥᠳᠡᠭᠡ ᠶᠢᠨ ᠪᠣᠬᠢᠷ ᠦᠮᠡᠬᠡᠢ ᠤᠰᠤ ᠶᠢ ᠦᠨᠳᠦᠰᠦᠨ ᠳᠤᠨᠢ ᠠᠷᠢᠯᠭᠠᠬᠤ ᠶᠢᠨ ᠬᠠᠮᠲᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠤᠰᠤᠨ ᠤ ᠠᠮᠢ ᠠᠬᠤᠢ ᠶᠢ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠷᠣᠨ ᠪᠠ ᠠᠮᠢ ᠠᠬᠤᠢ ᠶᠢᠨ ᠨᠠᠮᠬᠠᠳᠬᠠᠬᠤ ᠪᠦᠰᠡ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠬᠤ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠨ᠎ᠠ᠃ ᠡᠬᠡ ᠬᠠᠭᠤᠷᠠᠢ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ᠂ ᠭᠤᠣᠯ ᠮᠥᠷᠡᠨ ᠳᠠᠯᠠᠢ ᠲᠠᠩᠭᠢᠰ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠳᠠᠯᠠᠢ ᠶᠢᠨ ᠣᠷᠣᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ᠳᠠᠯᠠᠢ ᠶᠢᠨ ᠪᠤᠯᠤᠩ ᠢᠶᠠᠷ ᠦᠨᠳᠦᠰᠦᠨ ᠨᠢᠭᠡᠴᠢ ᠪᠤᠯᠭᠠᠵᠤ᠂︽ᠨᠢᠭᠡ ᠪᠤᠯᠤᠩ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ ᠡᠷᠭᠢ ᠣᠶᠢᠷᠠᠯᠴᠠᠭ᠎ᠠ ᠳᠠᠯᠠᠢ ᠶᠢᠨ ᠣᠷᠣᠨ ᠤ ᠪᠣᠬᠢᠷᠳᠤᠯ ᠢ ᠰᠡᠷᠭᠡᠶᠢᠯᠡᠨ ᠵᠠᠰᠠᠭ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠡᠷᠭᠢ ᠳᠠᠩ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠠᠮᠵᠢᠯᠴᠠᠨ ᠠᠬᠢᠭᠤᠯᠵᠤ᠂ ᠤᠯᠠᠭᠠᠨ ᠮᠣᠳᠣᠨ ᠤᠢ ᠵᠡᠷᠭᠡ ᠳᠠᠯᠠᠢ ᠲᠠᠩᠭᠢᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠳᠠᠯᠠᠢ ᠶᠢᠨ ᠤᠰᠤ ᠪᠠᠷ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠴᠢᠩᠭᠠᠳᠬᠠᠨ᠎ᠠ᠃ ᠬᠥᠬᠡ ᠵᠠᠮᠠᠭ ᠤᠨ ᠤᠰᠤᠨ ᠥᠷᠥᠮᠡᠲᠦᠯ᠂ ᠤᠯᠠᠭᠠᠨ ᠲᠦᠯᠬᠢᠭᠡᠨ ᠨᠣᠭᠤᠭᠠᠨ ᠲᠦᠯᠬᠢᠭᠡᠨ ᠵᠡᠷᠭᠡ ᠠᠮᠢ ᠠᠬᠤᠢ ᠶᠢᠨ ᠭᠠᠮᠰᠢᠭ ᠢ ᠢᠳᠡᠪᠬᠢᠲᠡᠢ ᠠᠷᠭᠠᠴᠠᠭᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠬᠥᠪᠥᠮᠡᠯ ᠪᠣᠳᠠᠰ ᠢ ᠴᠡᠪᠡᠷᠯᠡᠬᠦ ᠪᠠ ᠳᠠᠯᠠᠢ ᠲᠠᠩᠭᠢᠰ ᠤᠨ ᠬᠤᠭ ᠨᠣᠪᠰᠢ ᠶᠢ ᠵᠠᠰᠠᠬᠤ ᠶᠢ ᠠᠬᠢᠭᠤᠯᠤᠨ᠎ᠠ᠃ 2027 ᠣᠨ ᠪᠤᠯᠬᠤ ᠳᠤ᠂ ᠪᠦᠭᠦ ᠤᠯᠤᠰ ᠤᠨ ᠭᠠᠵᠠᠷ ᠳᠡᠭᠡᠷᠡᠬᠢ ᠤᠰᠤᠨ ᠤ ᠴᠢᠨᠠᠷ᠂ ᠡᠷᠭᠢ ᠣᠶᠢᠷᠠᠯᠴᠠᠭ᠎ᠠ ᠲᠡᠯᠡᠶ ᠶᠢᠨ ᠣᠷᠣᠨ ᠤ ᠤᠰᠤᠨ ᠤ ᠴᠢᠨᠠᠷ ᠤᠨ ᠰᠢᠯᠢᠳᠡᠭ ᠤᠨ ᠬᠠᠷᠢᠴᠠᠯ ᠢ ᠲᠣᠰ ᠲᠣᠰ 90%᠂ 83% ᠣᠷᠴᠢᠮ ᠳᠤ ᠬᠦᠷᠭᠡᠵᠦ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ᠂ ᠦᠵᠡᠰᠬᠦᠯᠡᠩᠲᠦ ᠰᠠᠶᠢᠬᠠᠨ ᠲᠡᠯᠡᠶ ᠶᠢᠨ ᠪᠤᠯᠤᠩ ᠢ ᠪᠠᠶᠢᠭᠤᠯᠤᠭᠰᠠᠨ ᠨᠣᠷᠮ᠎ᠠ ᠶᠢ 40% ᠣᠷᠴᠢᠮ ᠳᠤ ᠭᠦᠷᠭᠡᠨ᠎ᠡ᠃  2035 ᠣᠨ ᠪᠤᠯᠬᠤ ᠳᠤ᠂ ︽ᠬᠥᠮᠥᠨ ᠤᠰᠤ ᠡᠶ᠎ᠡ ᠵᠣᠬᠢᠴᠠᠩᠭᠤᠢ︾ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠪᠦᠷᠢᠳᠦ᠂ ᠦᠵᠡᠰᠬᠦᠯᠡᠩᠲᠦ ᠰᠠᠶᠢᠬᠠᠨ ᠳᠠᠯᠠᠢ ᠶᠢᠨ ᠪᠤᠯᠤᠩ ᠢ ᠦᠨᠳᠦᠰᠦᠨ ᠳᠡᠭᠡᠨ ᠪᠠᠶᠢᠭᠤᠯᠤᠨ᠎ᠠ᠃    ︵ᠳᠣᠯᠤᠭ᠎ᠠ︶ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠨ᠎ᠡ᠃ ᠬᠥᠷᠥᠰᠥ ᠰᠢᠷᠣᠢ ᠶᠢᠨ ᠪᠣᠬᠢᠷᠳᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠥᠷᠨᠢᠭᠦᠯᠵᠦ᠂ ᠰᠢᠨ᠎ᠡ ᠪᠠᠷ ᠨᠡᠮᠡᠭᠳᠡᠬᠦ ᠪᠣᠬᠢᠷᠳᠤᠯ ᠢ ᠴᠢᠩᠭ᠎ᠠ ᠰᠡᠷᠭᠡᠶᠢᠯᠡᠨ᠂ ᠣᠷᠳᠣ ᠬᠤᠭᠤᠴᠠᠭ᠎ᠠ ᠪᠠᠷ ᠬᠤᠷᠠᠮᠳᠤᠭᠰᠠᠨ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ ᠤ ᠬᠦᠨᠳᠦ ᠨᠣᠴᠢᠲᠠᠢ ᠪᠣᠬᠢᠷᠳᠤᠯ ᠤᠨ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠤᠷᠢᠳ ᠢᠶᠠᠷ  ᠬᠠᠮᠠᠭᠠᠯᠠᠬᠤ ᠲᠥᠷᠥᠯ ᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠪᠠ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠬᠦᠨᠳᠦ ᠲᠡᠮᠦᠷᠯᠢᠭ ᠤᠨ ᠪᠣᠬᠢᠷᠳᠤᠯ ᠤᠨ ᠡᠬᠢ ᠰᠤᠷᠪᠤᠯᠵᠢ ᠶᠢ ᠮᠥᠷᠳᠡᠬᠦ ᠪᠠ ᠴᠡᠭᠴᠡᠯᠡᠨ ᠵᠠᠰᠠᠬᠤ ᠶᠢ ᠪᠦᠭᠦᠨ ᠢ ᠪᠦᠷᠬᠦᠭᠦᠯᠬᠦ ᠶᠢ ᠱᠠᠲᠤ ᠬᠤᠪᠢᠶᠠᠨ ᠠᠬᠢᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠪᠠ ᠪᠣᠬᠢᠷᠲᠤᠭᠰᠠᠨ ᠭᠠᠵᠠᠷ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢᠨ ᠬᠠᠮᠲᠤᠷᠠᠨ ᠬᠥᠳᠡᠯᠦᠯᠴᠡᠬᠦ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂  ᠲᠣᠮᠣ ᠭᠡᠯᠪᠡᠷᠢ ᠶᠢᠨ ᠪᠣᠬᠢᠷᠲᠤᠭᠰᠠᠨ ᠲᠠᠯᠠᠪᠤᠷ ᠭᠠᠵᠠᠷ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠰᠡᠷᠭᠦᠭᠡᠬᠦ ᠶᠢ ᠠᠬᠢᠭᠤᠯᠤᠨ᠎ᠠ᠃ ᠬᠥᠷᠥᠰᠥ ᠰᠢᠷᠣᠢ ᠶᠢᠨ ᠪᠣᠬᠢᠷᠳᠤᠯ ᠤᠨ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ ᠶᠢᠨ ᠡᠷᠭᠢᠨ ᠲᠣᠭᠤᠷᠢᠨ ᠤ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠪᠦᠭᠦ ᠲᠠᠯ᠎ᠠ ᠪᠠᠷ ᠥᠷᠨᠢᠭᠦᠯᠵᠦ᠂ ᠬᠤᠶᠠᠳᠤᠭᠠᠷ ᠤᠳᠠᠭᠠᠨ ᠤ ᠪᠦᠭᠦ ᠤᠯᠤᠰ ᠤᠨ ᠬᠥᠷᠥᠰᠥ ᠰᠢᠷᠣᠢ ᠶᠢᠨ ᠪᠣᠬᠢᠷᠳᠤᠯ ᠤᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠦᠨ᠎ᠡ᠃ ᠪᠦᠭᠦ ᠤᠯᠤᠰ ᠤᠨ ᠭᠠᠵᠠᠷ ᠳᠣᠣᠷᠠᠬᠢ ᠤᠰᠤᠨ ᠤ ᠪᠣᠬᠢᠷᠳᠤᠯ ᠢ ᠪᠠᠶᠢᠴᠠᠭᠠᠨ ᠦᠨᠡᠯᠡᠬᠦ ᠠᠵᠢᠯ ᠢ ᠥᠷᠨᠢᠭᠦᠯᠵᠦ᠂ ᠭᠠᠵᠠᠷ ᠳᠣᠣᠷᠠᠬᠢ ᠤᠰᠤᠨ ᠤ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠭᠠᠵᠠᠷ ᠳᠣᠣᠷᠠᠬᠢ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠤ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠴᠢᠩᠭ᠎ᠠ ᠡᠵᠡᠮᠳᠡᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠪᠣᠬᠢᠷᠳᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ 2027 ᠣᠨ ᠪᠤᠯᠬᠤ ᠳᠤ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠨᠣᠷᠮ᠎ᠠ ᠶᠢ 94% ᠠᠴᠠ ᠳᠡᠭᠡᠭᠰᠢ ᠳᠤ ᠬᠦᠷᠭᠡᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠶᠢ ᠪᠦᠲᠦᠮᠵᠢᠲᠡᠶ ᠪᠠᠲᠤᠯᠠᠨ᠎ᠠ᠃  2035 ᠣᠨ ᠪᠤᠯᠬᠤ ᠳᠤ ᠂ ᠭᠠᠵᠠᠷ ᠳᠣᠣᠷᠠᠬᠢ ᠤᠰᠤᠨ ᠤ ᠤᠯᠤᠰ ᠠᠴᠠ ᠡᠵᠡᠮᠳᠡᠬᠦ ᠪᠠᠶᠢᠷᠢ ᠴᠡᠭ ᠤᠨⅠ-Ⅳ ᠲᠥᠷᠥᠯ  ᠤᠨ ᠤᠰᠤᠨ  ᠤ ᠬᠠᠷᠢᠴᠠᠯ ᠢ 80% ᠠᠴᠠ ᠳᠡᠭᠡᠭᠰᠢ ᠳᠤ ᠬᠦᠷᠭᠡᠵᠦ᠂ ᠬᠥᠷᠥᠰᠥ ᠰᠢᠷᠣᠢ  ᠶᠢᠨ ᠣᠷᠴᠢᠨ ᠲᠣᠭᠤᠷᠢᠨ  ᠤ  ᠠᠶᠤᠯ ᠲᠦᠭᠰᠢᠭᠦᠷᠢ ᠶᠢ ᠪᠦᠭᠦ ᠲᠠᠯ᠎ᠠ ᠪᠠᠷ ᠬᠠᠮᠢᠶᠠᠷᠤᠨ ᠡᠵᠡᠮᠳᠡᠨ᠎ᠡ᠃    ︵ᠨᠠᠢᠮᠠ︶ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠰᠢᠨ᠎ᠡ ᠪᠣᠬᠢᠷ ᠪᠣᠳᠠᠰ ᠤᠨ ᠵᠠᠰᠠᠯᠲᠠ ᠶᠢ ᠴᠢᠩᠭᠠᠷᠠᠭᠤᠯᠤᠨ᠎ᠠ᠃ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠪᠣᠬᠢᠷᠳᠤᠯ ᠪᠣᠳᠠᠰ ᠢ ᠵᠠᠰᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠳᠤ ︽ᠬᠠᠶᠠᠭᠳᠠᠮᠠᠯ ᠦᠭᠡᠢ︾᠂ ᠣᠷᠴᠢᠨ ᠲᠣᠭᠤᠷᠢᠨ ᠡᠷᠡᠭᠦᠯ ᠮᠡᠨᠳᠦ ᠪᠠᠶᠢᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠲᠠᠸᠠᠷ ᠢ ᠬᠡᠲᠦᠷᠬᠡᠢ  ᠪᠣᠭᠤᠳᠠᠯᠯᠠᠬᠤ ᠶᠢ ᠬᠢᠵᠠᠭᠠᠷᠯᠠᠵᠤ᠂ ᠰᠦᠯᠢᠶᠥᠦ ᠶᠢᠨ ᠪᠣᠬᠢᠷᠳᠤᠯ ᠢ ᠪᠦᠭᠦ ᠬᠡᠯᠬᠢᠶ᠎ᠡ ᠪᠠᠷ ᠵᠠᠰᠠᠨ᠎ᠠ᠃ ︽ᠬᠠᠷᠢ ᠶᠢᠨ ᠬᠤᠭ ᠨᠣᠪᠰᠢ︾ ᠶᠢᠨ ᠬᠢᠯᠢ ᠳᠤ ᠣᠷᠣᠵᠤ ᠢᠷᠡᠬᠦ ᠶᠢ ᠪᠦᠭᠦ ᠲᠠᠯ᠎ᠠ ᠪᠠᠷ ᠴᠠᠭᠠᠵᠠᠯᠠᠬᠤ ᠠᠵᠢᠯ ᠢ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠭᠡᠯᠪᠡᠷᠢ ᠶᠢᠨ ᠬᠠᠲᠠᠭᠤ ᠪᠡᠶᠡᠲᠦ ᠬᠠᠶᠠᠭᠳᠠᠮᠠᠯ  ᠪᠣᠳᠠᠰ ᠢ ᠨᠢᠭᠤᠴᠠ ᠪᠠᠷ ᠠᠷᠠᠯᠵᠢᠶᠠᠯᠠᠬᠤ ᠪᠠ ᠭᠡᠯᠪᠡᠷᠢ ᠶᠢ ᠨᠢ ᠥᠭᠡᠷᠡᠲᠦᠭᠦᠯᠦᠨ ᠭᠠᠳᠠᠭᠠᠳᠤ ᠠᠴᠠ ᠣᠷᠣᠭᠤᠯᠬᠤ ᠶᠢ ᠴᠢᠩᠭ᠎ᠠ ᠰᠡᠷᠭᠡᠶᠢᠯᠡᠨ᠎ᠡ᠃ ᠠᠶᠤᠯᠲᠠᠢ ᠬᠠᠶᠠᠭᠳᠠᠮᠠᠯ ᠪᠣᠳᠠᠰ ᠢ ᠬᠢᠨᠠᠨ ᠬᠠᠮᠢᠶᠠᠷᠬᠤ ᠪᠠ ᠠᠰᠢᠭᠯᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠬᠠᠲᠤᠨ ᠭᠤᠣᠯ ᠤᠨ ᠰᠠᠪᠠ ᠭᠠᠵᠠᠷ ᠵᠡᠷᠭᠡ ᠪᠠᠷ ᠭᠤᠣᠯᠳᠠᠯᠭ᠎ᠠ ᠪᠣᠯᠭᠠᠨ ᠠᠭᠤᠷᠬᠠᠢ ᠶᠢᠨ ᠦᠯᠡᠳᠡᠭᠳᠡᠯ ᠤᠨ ᠪᠣᠬᠢᠷᠳᠤᠯ ᠢ ᠵᠠᠰᠠᠬᠤ ᠶᠢ ᠴᠢᠩᠭᠠᠳᠬᠠᠨ᠎ᠠ᠃ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠲᠣᠭᠲᠠᠭᠠᠨ᠎ᠠ᠃ 2027 ᠣᠨ ᠪᠤᠯᠬᠤ ᠳᠤ᠂  ︽ᠬᠠᠶᠠᠭᠳᠠᠮᠠᠯ ᠦᠭᠡᠢ ᠬᠤᠲᠠ︾ ᠶᠢ ᠪᠦᠲᠦᠭᠡᠨ ᠪᠠᠶᠢᠭᠤᠯᠬᠤ ᠬᠠᠷᠢᠴᠠᠯ ᠢ 60% ᠳᠤ ᠬᠦᠷᠭᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠡᠭᠦᠰᠬᠡᠬᠦ ᠬᠦᠴᠦᠯᠡᠴᠡ ᠶᠢ ᠢᠯᠡᠳᠲᠡ ᠪᠠᠭᠤᠷᠠᠭᠤᠯᠤᠨ᠎ᠠ᠃  2035 ᠣᠨ ᠪᠤᠯᠬᠤ ᠳᠤ᠂︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠵᠦ᠂ ᠵᠡᠭᠦᠨ ᠬᠡᠰᠡᠭ ᠤᠨ ᠮᠤᠵᠢ ᠣᠷᠣᠨ ᠬᠠᠮᠤᠭ ᠤᠨ ᠤᠷᠢᠳ ᠢᠶᠠᠷ ᠪᠦᠭᠦ ᠬᠡᠪᠴᠢᠶᠡᠨ ᠳᠤ ︽ᠬᠠᠶᠠᠭᠳᠠᠮᠠᠯ ᠦᠭᠡᠢ ᠬᠤᠲᠠ︾ ᠶᠢ ᠪᠦᠲᠦᠭᠡᠨ ᠪᠠᠶᠢᠭᠤᠯᠵᠤ᠂ ᠰᠢᠨ᠎ᠡ ᠪᠣᠬᠢᠷᠳᠤᠯ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃   ᠲᠠᠪᠤ᠂ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ ᠲᠣᠭᠲᠠᠭᠤᠨ ᠴᠢᠨᠠᠷ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠎ᠡ   ︵ᠶᠢᠰᠦ︶ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠦᠨ᠎ᠡ᠃ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠣᠭᠲᠠᠪᠤᠷᠢᠵᠢᠭᠤᠯᠵᠤ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ᠂ ᠴᠢᠬᠤᠯᠠ ᠠᠮᠢ ᠠᠬᠤᠢ ᠶᠢᠨ ᠬᠤᠩᠭᠢᠯ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠪᠦᠭᠦ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠨᠡᠶᠢᠳᠬᠡᠨ ᠰᠢᠯᠢᠳᠡᠭᠵᠢᠭᠦᠯᠬᠦ ᠶᠢ ᠪᠡᠶᠡᠯᠡᠭᠦᠯᠦᠨ᠎ᠡ᠃ ᠪᠦᠭᠦ ᠤᠯᠤᠰ ᠤᠨ ᠪᠠᠶᠢᠭᠠᠯᠢ ᠶᠢᠨ ᠠᠮᠢ ᠠᠬᠤᠢ ᠶᠢᠨ ᠡᠬᠢ ᠪᠠᠶᠠᠯᠢᠭ ᠢ ᠬᠢᠨᠠᠨ ᠬᠡᠮᠵᠢᠵᠦ ᠦᠨᠡᠯᠡᠬᠦ ᠤᠷᠢᠳᠴᠢᠯᠠᠨ ᠰᠡᠷᠡᠮᠵᠢᠯᠡᠭᠦᠯᠭᠦ ᠢᠨᠵᠧᠨᠧᠷᠢᠩ ᠢ ᠬᠡᠷᠡᠭᠵᠢᠭᠦᠯᠦᠨ᠎ᠡ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠥᠮᠴᠢᠯᠡᠭᠴᠢ᠂ ᠨᠡᠭᠡᠭᠡᠨ ᠠᠰᠢᠭᠯᠠᠭᠴᠢ ᠴᠢᠨᠠᠭᠰᠢᠯᠠᠪᠠᠯ ᠬᠢᠨᠠᠨ ᠬᠠᠮᠢᠶᠠᠷᠤᠭᠴᠢ ᠳᠠᠬᠢ  ᠬᠢᠨᠠᠨ ᠬᠠᠮᠢᠶᠠᠷᠤᠯᠲᠠ ᠶᠢ ᠴᠢᠩᠳᠠᠯᠠᠵᠤ᠂ ᠡᠯ᠎ᠡ ᠲᠥᠷᠥᠯ ᠤᠨ ᠠᠮᠢ ᠠᠬᠤᠢ ᠶᠢ ᠡᠪᠳᠡᠭᠰᠡᠨ ᠬᠡᠷᠡᠭ ᠢ ᠴᠠᠭ ᠲᠤᠬᠠᠢ ᠳᠤᠨᠢ ᠢᠯᠡᠷᠡᠭᠦᠯᠬᠦ ᠪᠠ ᠪᠠᠶᠢᠴᠠᠭᠠᠨ ᠰᠢᠢᠳᠪᠦᠷᠢᠯᠡᠵᠦ᠂ ᠠᠮᠢ ᠠᠬᠤᠢ ᠶᠢ ᠰᠡᠷᠭᠦᠭᠡᠬᠦ ᠳᠤᠮᠳᠠᠬᠢ ᠬᠡᠯᠪᠡᠷᠢᠴᠢ ᠦᠵᠡᠯ ᠢ ᠡᠷᠡᠰ ᠬᠤᠷᠢᠭᠯᠠᠨ᠎ᠠ᠃ ᠠᠮᠢ ᠠᠬᠤᠢ ᠶᠢᠨ ᠪᠠᠶᠢᠳᠠᠯ ᠢ ᠬᠢᠨᠠᠨ ᠬᠡᠮᠵᠢᠵᠦ ᠦᠨᠡᠯᠡᠨ ᠵᠢᠱᠢᠬᠦ ᠶᠢ ᠴᠢᠩᠭᠠᠳᠬᠠᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ︽ᠨᠣᠭᠤᠭᠠᠨ ᠪᠠᠮᠪᠠᠢ︾ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠠᠬᠢ ᠬᠢᠨᠠᠯᠲᠠ ᠪᠠᠨ ᠴᠢᠩᠭᠠᠳᠬᠠᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠠᠮᠢ ᠠᠬᠤᠢ ᠶᠢ ᠡᠪᠳᠡᠬᠦ ᠠᠰᠠᠭᠤᠳᠠᠯ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃ 2035 ᠣᠨ ᠪᠤᠯᠬᠤ ᠳᠤ᠂ ᠤᠯᠤᠰ ᠤᠨ ᠴᠡᠴᠡᠷᠯᠢᠭ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠠᠮᠢ ᠠᠬᠤᠢ  ᠶᠢᠨ ᠰᠢᠰᠲ᠋ᠧᠮ ᠤᠨ ᠪᠠᠶᠢᠷᠢᠰᠢᠯ ᠢ ᠨᠠᠩ ᠲᠣᠭᠲᠠᠭᠤᠨ ᠪᠤᠯᠭᠠᠵᠤ᠂ ᠦᠵᠡᠰᠬᠦᠯᠡᠩᠲᠦ ᠰᠠᠶᠢᠬᠠᠨ ᠠᠭᠤᠯᠠ ᠤᠰᠤᠨ  ᠤ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠦᠨ᠎ᠡ᠃   ︵ᠠᠷᠪᠠ︶ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠬᠡᠷᠡᠭᠵᠢᠭᠦᠯᠦᠨ᠎ᠡ᠃ ᠭᠤᠣᠯᠳᠠᠯᠭ᠎ᠠ  ᠲᠠᠢ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠨᠤᠲᠤᠭ ᠪᠡᠯᠴᠢᠭᠡᠷ ᠣᠢ ᠰᠢᠭᠤᠢ ᠭᠤᠣᠯ ᠮᠥᠷᠡᠨ ᠨᠠᠭᠤᠷ ᠴᠥᠭᠦᠷᠥᠮ ᠨᠤᠭᠤ ᠭᠠᠵᠠᠷ ᠢ ᠰᠡᠷᠭᠦᠭᠡᠨ ᠰᠠᠶᠢᠵᠢᠷᠠᠭᠤᠯᠬᠤ ᠶᠢ ᠬᠡᠷᠡᠭᠵᠢᠭᠦᠯᠦᠨ᠎ᠡ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠢ ᠶᠡᠭᠡ ᠬᠡᠪᠴᠢᠶ᠎ᠡ ᠪᠠᠷ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠨᠤᠲᠤᠭ ᠪᠡᠯᠴᠢᠭᠡᠷ ᠪᠠ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠤᠨ᠂ ᠴᠦᠯᠯᠡᠷᠭᠡᠭᠵᠢᠯ᠂ ᠬᠠᠶᠢᠷ ᠴᠢᠯᠠᠭᠤᠵᠢᠬᠤ ᠪᠠ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠣᠶ ᠰᠢᠭᠤᠢ ᠶᠢᠨ ᠦᠷᠭᠦᠯᠵᠢᠯᠡᠬᠦ ᠡᠵᠡᠩᠨᠡᠯᠲᠡ ᠶᠢ ᠪᠦᠭᠦ ᠲᠠᠯ᠎ᠠ ᠪᠠᠷ ᠬᠡᠷᠡᠭᠵᠢᠭᠦᠯᠦᠨ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠶᠢ ᠴᠢᠩᠭᠠᠳᠬᠠᠨ᠎ᠠ᠃ ᠪᠡᠭᠡᠵᠢᠩ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠢ ᠨᠥᠯᠥᠭᠡᠯᠡᠵᠦ ᠪᠠᠶᠢᠭ᠎ᠠ ᠡᠯᠡᠰᠦᠨ ᠤ ᠡᠬᠢ ᠶᠢᠨ ᠭᠠᠵᠠᠷ ᠵᠢᠴᠢ ᠬᠦᠷᠭᠡᠬᠦ ᠠᠷᠭ᠎ᠠ ᠵᠠᠮ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠠᠬᠢᠭᠤᠯᠤᠨ᠎ᠠ᠃ 2035 ᠣᠨ ᠪᠤᠯᠬᠤ ᠳᠤ᠂ ᠪᠦᠭᠦ ᠤᠯᠤᠰ ᠤᠨ ᠣᠶ ᠰᠢᠭᠤᠢ ᠶᠢᠨ ᠪᠦᠷᠬᠦᠴᠡ ᠶᠢ 26% ᠪᠤᠯᠲᠠᠯ᠎ᠠ ᠳᠡᠭᠡᠭᠰᠢᠯᠡᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ ᠨᠣᠷᠮ᠎ᠠ ᠶᠢ 75% ᠪᠤᠯᠲᠠᠯ᠎ᠠ ᠳᠡᠭᠡᠭᠰᠢᠯᠡᠭᠦᠯᠵᠦ᠂ ᠠᠮᠢ ᠠᠬᠤᠢ ᠶᠢᠨ ᠰᠢᠰᠲ᠋ᠧᠮ ᠤᠨ ᠰᠠᠶᠢᠨ ᠰᠠᠶᠢᠬᠠᠨ  ᠣᠷᠴᠢᠯ ᠢ ᠦᠨᠳᠦᠰᠦᠨ ᠳᠡᠭᠡᠨ ᠪᠡᠶᠡᠯᠡᠭᠦᠯᠦᠨ᠎ᠡ᠃    ︵ᠠᠷᠪᠠᠨ ᠨᠢᠭᠡ︶ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠴᠢᠩᠭᠠᠷᠠᠭᠤᠯᠵᠤ᠂ ︽ᠺᠦᠨᠮᠢᠩ - ᠮᠣᠨᠲᠷᠧᠶᠠᠯ ᠤᠨ ᠪᠦᠭᠦ ᠪᠥᠮᠪᠥᠷᠴᠡᠭ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠦᠳᠦᠭᠦᠪᠴᠢ ᠲᠥᠰᠥᠪ︾ ᠢ ᠨᠠᠶᠢᠳᠠᠪᠤᠷᠢᠵᠢᠭᠤᠯᠤᠨ᠂ ᠳᠤᠮᠳᠠᠳᠤ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠬᠢᠭᠡᠳ ᠠᠵᠢᠯᠯᠠᠭᠠᠨ ᠤ ᠲᠥᠯᠥᠪᠯᠡᠭᠡ ᠶᠢ ᠰᠢᠨᠡᠳᠬᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠪᠦᠭᠦ ᠤᠯᠤᠰ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠲᠣᠣᠷ ᠢ ᠲᠡᠭᠦᠯᠳᠡᠷᠵᠢᠭᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠢ ᠪᠦᠭᠦ ᠲᠠᠯ᠎ᠠ ᠪᠠᠷ ᠬᠠᠮᠠᠭᠠᠯᠠᠵᠤ᠂ ᠤᠯᠤᠰ ᠤᠨ ᠤᠷᠭᠤᠮᠠᠯ ᠤᠨ ᠬᠦᠷᠢᠶᠡᠯᠡᠩ ᠤᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠬᠥᠬᠡᠮᠥ᠋ᠷᠡᠨ ᠤ ᠬᠤᠪᠣᠷ ᠴᠤᠬᠠᠭ ᠤᠰᠠᠳᠬᠤ ᠰᠢᠬᠠᠭᠰᠠᠨ ᠠᠮᠢᠳᠤ ᠪᠣᠳᠠᠰ ᠤᠨ ᠳᠦᠷᠰᠦ ᠶᠢ ᠠᠪᠤᠷᠠᠬᠤ ᠠᠵᠢᠯᠯᠠᠭ᠎ᠠ ᠶᠢ ᠭᠦᠨᠵᠡᠭᠡᠢ  ᠠᠬᠢᠭᠤᠯᠵᠤ᠂ ᠬᠥᠬᠡᠮᠥ᠋ᠷᠡᠨ ᠤ ᠵᠢᠭᠠᠰᠤ ᠠᠩᠨᠠᠬᠤ ᠶᠢ ᠴᠠᠭᠠᠵᠠᠯᠠᠬᠤ ᠠᠷᠪᠠᠨ ᠵᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠳᠠᠯᠠᠶ ᠲᠠᠩᠭᠢᠰ ᠲᠤ ᠹᠦ᠋ ᠶᠢᠨ ᠤᠯᠠᠷᠢᠯ ᠳᠤ ᠵᠢᠭᠠᠰᠤ ᠠᠩᠨᠠᠬᠤ ᠶᠢ ᠴᠠᠭᠠᠵᠠᠯᠠᠬᠤ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ᠣᠳᠣ ᠦᠶ᠎ᠡ ᠶᠢᠨ ᠳᠠᠯᠠᠶ ᠲᠠᠩᠭᠢᠰ ᠤᠨ ᠮᠠᠯᠵᠢᠯ ᠤᠨ ᠲᠠᠯᠠᠪᠠᠶ ᠶᠢ ᠪᠦᠲᠦᠭᠡᠨ ᠪᠠᠶᠢᠭᠤᠯᠤᠨ᠎ᠠ᠃ 2035 ᠣᠨ ᠪᠤᠯᠬᠤ ᠳᠤ᠂ ᠪᠦᠭᠦ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠡᠬᠡ ᠬᠠᠭᠤᠷᠠᠢ ᠶᠢᠨ ᠲᠠᠯᠠᠪᠠᠶ ᠶᠢᠨ ᠡᠬᠡ ᠬᠠᠭᠤᠷᠠᠢ  ᠶᠢᠨ ᠨᠤᠲᠤᠭ ᠳᠡᠪᠢᠰᠬᠡᠷ  ᠤᠨ ᠲᠠᠯᠠᠪᠠᠶ  ᠳᠠᠬᠢ ᠡᠵᠡᠯᠡᠬᠦ ᠬᠠᠷᠢᠴᠠᠯ ᠢ 18% ᠠᠴᠠ ᠳᠣᠣᠷ᠎ᠠ ᠪᠠᠶᠢᠯᠭᠠᠬᠤ ᠦᠭᠡᠢ᠂ ᠨᠡᠶᠢᠲᠡᠯᠢᠭ ᠠᠮᠢ ᠠᠬᠤᠢ  ᠶᠢᠨ ᠰᠢᠰᠲ᠋ᠧᠮ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ  ᠶᠢᠨ ᠠᠮᠢᠲᠠᠨ ᠤᠷᠭᠤᠮᠠᠯ  ᠵᠢᠴᠢ ᠲᠡᠭᠦᠨ  ᠤ ᠣᠷᠣᠰᠢᠨ ᠠᠮᠢᠳᠤᠷᠠᠬᠤ ᠭᠠᠵᠠᠷ ᠢ ᠪᠦᠭᠦ ᠲᠠᠯ᠎ᠠ   ᠪᠠᠷ ᠬᠠᠮᠠᠭᠠᠯᠠᠨ᠎ᠠ᠃    ᠵᠢᠷᠭᠤᠭ᠎ᠠ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ    ︵ᠠᠷᠪᠠᠨ ᠬᠤᠶᠠᠷ︶ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠎ᠡ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠢ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ ᠵᠡᠷᠭᠡ ᠬᠦᠷᠢᠶᠡᠨ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠣᠳᠣᠯᠭ᠎ᠠ ᠶᠢᠨ ᠰᠢᠰᠲ᠋ᠧᠮ᠂ ᠲᠦᠷᠦ ᠶᠢᠨ ᠪᠣᠳᠣᠯᠭ᠎ᠠ ᠶᠢᠨ ᠰᠢᠰᠲ᠋ᠧᠮ᠂ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠵᠤ ᠦᠨᠡᠯᠡᠨ ᠵᠢᠱᠢᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠪᠠᠴᠢᠮ ᠪᠠᠶᠢᠳᠠᠯ ᠢ ᠠᠷᠭᠠᠴᠠᠭᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠭᠦ ᠣᠷᠣᠨ ᠪᠦᠰᠡ ᠬᠤᠯᠪᠤᠭᠠᠯᠠᠨ ᠬᠥᠳᠡᠯᠦᠯᠴᠡᠭᠰᠡᠨ᠂ ᠪᠣᠰᠤᠭ᠎ᠠ ᠴᠣᠭᠴᠠᠲᠤ ᠥᠨᠳᠥᠷ ᠪᠦᠲᠦᠮᠵᠢᠲᠡᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠦᠷᠢᠯᠳᠦᠭᠦᠯᠦᠨ᠎ᠡ᠃    ︵ᠠᠷᠪᠠᠨ ᠭᠤᠷᠪᠠ︶ ᠴᠥᠮ᠎ᠡ ᠪᠣᠯᠣᠨ ᠰᠠᠴᠤᠷᠠᠭ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠤᠯᠤᠰ ᠤᠨ ᠴᠥᠮ᠎ᠡ ᠶᠢᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠨᠢᠭᠡᠳᠦᠯᠲᠡᠢ ᠲᠥᠯᠥᠪᠵᠢᠭᠦᠯᠬᠦ ᠦᠢᠯᠡᠳᠦᠯ ᠢ ᠴᠢᠩᠭᠠᠳᠬᠠᠵᠤ᠂ ᠨᠢᠭᠲᠠ ᠴᠢᠩᠭ᠎ᠠ ᠴᠥᠮ᠎ᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠴᠥᠮ᠎ᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠴᠥᠮ᠎ᠡ ᠶᠢᠨ ᠦᠢᠯᠡᠰ ᠤᠨ ᠬᠥᠭᠵᠢᠯᠲᠡ ᠲᠠᠢ ᠵᠣᠬᠢᠴᠠᠭᠰᠠᠨ ᠣᠳᠣᠬᠢᠴᠢᠯᠠᠭᠰᠠᠨ ᠴᠥᠮ᠎ᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠴᠥᠮ᠎ᠡ ᠶᠢᠨ ᠠᠮᠤᠷ ᠲᠦᠪᠰᠢᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠠᠩᠬᠠᠨ ᠤ ᠴᠥᠮ᠎ᠡ ᠶᠢᠨ ᠤᠷᠪᠠᠯ ᠤᠨ ᠵᠤᠤᠬ᠎ᠠ ᠰᠢᠨ᠎ᠡ ᠴᠥᠮ᠎ᠡ ᠶᠢᠨ ᠤᠷᠪᠠᠯ ᠤᠨ ᠵᠤᠤᠬ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠂ ᠠᠵᠢᠯᠯᠠᠭ᠎ᠠ ᠲᠥᠬᠦᠭᠡᠷᠦᠮᠵᠢ ᠶᠢᠨ ᠠᠮᠤᠷ ᠲᠦᠪᠰᠢᠨ ᠤ ᠦᠨᠡᠯᠡᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠶᠢᠨ ᠬᠠᠮᠲᠤ ᠦᠷᠭᠦᠯᠵᠢᠯᠡᠨ ᠰᠠᠶᠢᠵᠢᠷᠠᠭᠤᠯᠵᠤ᠂ ᠬᠠᠭᠤᠴᠢᠨ ᠲᠥᠬᠦᠭᠡᠷᠦᠮᠵᠢ ᠶᠢᠨ ᠬᠡᠷᠡᠭᠴᠡᠭᠡᠨ ᠠᠴᠠ ᠭᠠᠷᠤᠭᠰᠠᠨ ᠢ ᠵᠠᠰᠠᠬᠤ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠰᠠᠴᠤᠷᠠᠭ ᠴᠢᠨᠠᠷᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ ᠲᠦᠷᠭᠡᠳᠬᠡᠨ᠂ ᠴᠥᠮ᠎ᠡ ᠶᠢᠨ ᠮᠡᠷᠭᠡᠵᠢᠯ ᠢ ᠠᠰᠢᠭᠯᠠᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠪᠣᠯᠣᠨ ᠴᠠᠭᠢᠯᠭᠠᠨ ᠰᠣᠷᠢᠨᠵᠢᠨ ᠰᠠᠴᠤᠷᠠᠭ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠮᠠᠨ ᠤ ᠤᠯᠤᠰ ᠤᠨ ᠬᠠᠷᠢᠶ᠎ᠠ ᠲᠡᠯᠡᠶ ᠶᠢᠨ ᠣᠷᠣᠨ ᠤ ᠲᠡᠯᠡᠶ ᠲᠠᠩᠭᠢᠰ ᠤᠨ ᠰᠠᠴᠤᠷᠠᠭ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠰᠤᠳᠤᠯᠬᠤ ᠶᠢ ᠴᠢᠩᠭᠠᠳᠬᠠᠵᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠠᠮᠤᠷ ᠲᠦᠪᠰᠢᠨ ᠬᠥᠭᠵᠢᠯᠲᠡ ᠶᠢ ᠪᠠᠷᠢᠮᠲᠠᠯᠠᠵᠤ᠂ ᠴᠥᠮ᠎ᠡ ᠶᠢᠨ ᠠᠮᠤᠷ ᠲᠦᠪᠰᠢᠨ ᠤ ᠬᠦᠷᠢᠶᠡᠨ ᠤ ᠵᠠᠩᠭᠢᠯᠠᠭ᠎ᠠ ᠶᠢᠨ ᠴᠢᠨᠠᠷ᠂ ᠰᠠᠭᠤᠷᠢ ᠴᠢᠨᠠᠷᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠣᠶᠤᠨᠴᠢᠯᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃    ︵ᠠᠷᠪᠠᠨ ᠳᠥᠷᠪᠡ︶ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠠᠮᠢᠳᠤ ᠪᠣᠳᠠᠰ ᠤᠨ ᠮᠡᠷᠭᠡᠵᠢᠯ ᠵᠢᠴᠢ ᠦᠢᠯᠡᠳᠬᠦᠨ ᠤ ᠣᠷᠴᠢᠨ ᠲᠣᠭᠤᠷᠢᠨ ᠤ ᠲᠦᠭᠰᠢᠭᠦᠷᠢ ᠶᠢ ᠪᠠᠶᠢᠴᠠᠭᠠᠨ ᠬᠡᠮᠵᠢᠬᠦ᠂ ᠢᠯᠭᠠᠨ ᠲᠠᠨᠢᠬᠤ᠂ ᠦᠨᠡᠯᠡᠬᠦ ᠪᠠ ᠬᠢᠨᠠᠨ ᠬᠡᠮᠵᠢᠬᠦ ᠶᠢ ᠴᠢᠩᠭᠠᠳᠬᠠᠨ᠎ᠠ᠃ ᠪᠦᠭᠦ ᠬᠡᠯᠬᠢᠶ᠎ᠡ ᠪᠠᠷ ᠰᠡᠷᠭᠡᠶᠢᠯᠡᠨ ᠡᠵᠡᠮᠳᠡᠬᠦ ᠪᠠ ᠰᠢᠰᠲ᠋ᠧᠮ ᠲᠠᠢ ᠵᠠᠰᠠᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨ᠎ᠡ᠃ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢ ᠨᠡᠶᠢᠳᠡᠮ ᠪᠠᠶᠢᠴᠠᠭᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠨᠥᠯᠥᠭᠡ ᠶᠢᠨ ᠦᠨᠡᠯᠡᠨ ᠵᠢᠱᠢᠯᠲᠡ ᠬᠢᠬᠦ ᠶᠢ ᠥᠷᠨᠢᠭᠦᠯᠵᠦ᠂ ᠬᠢᠯᠢ ᠪᠠᠷ ᠣᠷᠣᠭᠤᠯᠬᠤ ᠠᠮᠢᠲᠠᠨ ᠤᠷᠭᠤᠮᠠᠯ ᠤᠨ ᠬᠢᠵᠢᠭ ᠢ ᠪᠠᠶᠢᠴᠠᠭᠠᠬᠤ ᠪᠠ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠦᠷ᠎ᠡ ᠡᠳ᠋ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃    ︵ᠠᠷᠪᠠᠨ ᠲᠠᠪᠤ︶ ᠠᠭᠤᠷ ᠠᠮᠢᠰᠬᠤᠯ ᠤᠨ ᠬᠤᠪᠢᠷᠠᠯᠲᠠ ᠶᠢᠨ ᠠᠰᠢᠭ ᠦᠭᠡᠢ ᠨᠥᠯᠥᠭᠡ ᠪᠠ ᠠᠶᠤᠯ ᠲᠦᠭᠰᠢᠭᠦᠷᠢ ᠶᠢ ᠪᠦᠲᠦᠮᠵᠢᠲᠡᠢ ᠠᠷᠭᠠᠴᠠᠭᠠᠨ᠎ᠠ᠃ ᠨᠠᠮᠳᠠᠭᠤᠯᠬᠤ ᠪᠠ ᠵᠣᠬᠢᠴᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠎ᠡ᠃ ᠠᠭᠤᠷ ᠠᠮᠢᠰᠬᠤᠯ ᠤᠨ ᠬᠤᠪᠢᠷᠠᠯᠲᠠ ᠶᠢ ᠠᠵᠢᠭᠯᠠᠨ ᠬᠡᠮᠵᠢᠬᠦ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠭᠦ ᠪᠠ ᠨᠥᠯᠥᠭᠡᠯᠡᠬᠦ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠨ᠎ᠠ᠃ ᠲᠠᠷᠢᠶᠠᠯᠠᠩ᠂ ᠡᠷᠡᠭᠦᠯ ᠮᠡᠨᠳᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠷᠢᠶ᠎ᠡ ᠶᠢᠨ ᠠᠭᠤᠷ ᠠᠮᠢᠰᠬᠤᠯ ᠤᠨ ᠤᠶᠠᠨ ᠬᠠᠲᠠᠨ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠬᠢᠭᠡᠳ ᠴᠢᠬᠤᠯᠠ ᠶᠡᠭᠡ ᠢᠨᠵᠧᠨᠧᠷᠢᠩ ᠤᠨ ᠠᠭᠤᠷ ᠠᠮᠢᠰᠬᠤᠯ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠠᠭᠤᠷ ᠠᠮᠢᠰᠬᠤᠯ ᠳᠤ ᠵᠣᠬᠢᠴᠠᠬᠤ ᠭᠡᠯᠪᠡᠷᠢ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠶᠢᠮᠢᠶᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠠᠵᠢᠯᠯᠠᠭ᠎ᠠ ᠶᠢ ᠴᠢᠩᠭᠠᠳᠬᠠᠨ᠎ᠠ᠃ 2035 ᠣᠨ ᠪᠤᠯᠬᠤ ᠳᠤ᠂ ᠠᠭᠤᠷ ᠠᠮᠢᠰᠬᠤᠯ ᠳᠤ ᠵᠣᠬᠢᠴᠠᠬᠤ ᠭᠡᠯᠪᠡᠷᠢ ᠶᠢᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠠ᠃    ︵ᠠᠷᠪᠠᠨ ᠵᠢᠷᠭᠤᠭ᠎ᠠ︶ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠨ᠎ᠡ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠠᠶᠢᠩᠭᠤᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ᠃ ᠤᠯᠤᠰ ᠤᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠣᠷᠣᠨ ᠢᠶᠠᠷ ᠭᠤᠣᠯ ᠪᠤᠯᠭᠠᠬᠤ᠂ ᠰᠠᠯᠠᠭ᠎ᠠ ᠮᠥᠴᠢᠷ ᠬᠠᠮᠵᠢᠯᠴᠠᠭᠰᠠᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠬᠢᠨ ᠤ ᠪᠠ ᠡᠴᠦᠰ ᠤᠨ ᠬᠡᠯᠬᠢᠶ᠎ᠡ ᠪᠣᠯᠣᠨ ᠣᠷᠣᠨ ᠪᠦᠰᠡ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠯᠳᠤᠭᠰᠠᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠶᠤᠯᠲᠠᠢ ᠬᠠᠶᠠᠭᠳᠠᠮᠠᠯ ᠡᠳ᠋᠂ ᠦᠯᠡᠳᠡᠭᠳᠡᠯ ᠬᠦᠳᠡᠷ ᠤᠨ ᠬᠥᠮᠥᠷᠭᠡ᠂ ᠬᠦᠨᠳᠦ ᠲᠡᠮᠦᠷᠯᠢᠭ ᠵᠡᠷᠭᠡ ᠭᠤᠣᠯᠳᠠᠯᠭ᠎ᠠ ᠲᠠᠢ ᠬᠦᠷᠢᠶ᠎ᠡ ᠵᠢᠴᠢ ᠬᠠᠷᠢᠶ᠎ᠠ ᠲᠡᠯᠡᠶ ᠶᠢᠨ ᠣᠷᠣᠨ᠂ ᠬᠢᠯᠢ ᠬᠢᠵᠠᠭᠠᠷ ᠣᠷᠣᠨ ᠵᠡᠷᠭᠡ ᠶᠢᠨ ᠣᠷᠴᠢᠨ ᠲᠣᠭᠤᠷᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠎ᠠ᠃ ᠨᠢᠭᠡ ᠪᠦᠯᠦᠭ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠶᠢᠨ ᠵᠢᠯᠤᠭᠤᠳᠬᠤ ᠮᠡᠳᠡᠭᠡ ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠭᠡᠨᠡᠳᠲᠡ ᠡᠭᠦᠰᠦᠭᠰᠡᠨ ᠣᠷᠴᠢᠨ ᠲᠣᠭᠤᠷᠢᠨ ᠤ ᠬᠡᠷᠡᠭ ᠢ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠨ᠎ᠡ᠃ ᠣᠷᠴᠢᠨ ᠲᠣᠭᠤᠷᠢᠨ ᠤ ᠡᠷᠡᠭᠦᠯ ᠮᠡᠨᠳᠤ ᠶᠢ ᠬᠢᠨᠠᠨ ᠬᠡᠮᠵᠢᠬᠦ᠂ ᠪᠠᠶᠢᠴᠠᠭᠠᠬᠤ ᠪᠠ ᠠᠶᠤᠯ ᠲᠦᠭᠰᠢᠭᠦᠷᠢ ᠶᠢ ᠦᠨᠡᠯᠡᠨ ᠵᠢᠱᠢᠬᠦ ᠳᠦᠷᠢᠮ ᠢ ᠲᠡᠭᠦᠯᠳᠡᠷᠵᠢᠭᠦᠯᠦᠨ᠎ᠡ᠃    ᠳᠣᠯᠤᠭ᠎ᠠ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠥᠯᠢᠭᠡᠷ ᠳᠠᠭᠤᠷᠢᠶᠠᠯ ᠢ ᠪᠤᠶ ᠪᠣᠯᠭᠠᠨ᠎ᠠ    ︵ᠠᠷᠪᠠᠨ ᠳᠣᠯᠤᠭ᠎ᠠ︶ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠳᠤᠯ ᠦᠭᠡᠢ ᠬᠥᠭᠵᠢᠯᠲᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠪᠣᠬᠢᠷᠳᠤᠯ ᠦᠭᠡᠢ ᠬᠥᠭᠵᠢᠯᠲᠡ ᠶᠢᠨ ᠥᠨᠳᠦᠷᠯᠢᠭ ᠭᠠᠵᠠᠷ ᠢ ᠴᠣᠭᠴᠠᠯᠠᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠢ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠰᠡᠷᠭᠦᠭᠡᠨ ᠰᠠᠶᠢᠵᠢᠷᠠᠭᠤᠯᠬᠤ ᠵᠢᠱᠢᠶ᠎ᠡ ᠦᠵᠡᠭᠦᠯᠭᠦ ᠣᠷᠣᠨ ᠢ ᠲᠦᠷᠭᠡᠳᠬᠡᠨ ᠪᠠᠶᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠣᠬᠢᠷᠳᠤᠯ ᠦᠭᠡᠢ ᠬᠥᠭᠵᠢᠯᠲᠡ ᠶᠢᠨ ᠬᠤᠲᠠ ᠶᠢᠨ ᠨᠡᠶᠢᠲᠡᠯᠢᠭ ᠵᠢᠱᠢᠶ᠎ᠡ ᠶᠢ ᠪᠦᠲᠦᠭᠡᠨ ᠪᠠᠶᠢᠭᠤᠯᠬᠤ ᠠᠬᠢᠭᠤᠯᠤᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠳᠤᠮᠳᠠ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠶᠢ ᠪᠠᠷᠢᠮᠲᠠᠯᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠪᠣᠬᠢᠷᠳᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠭᠦ ᠪᠦᠰᠡ ᠶᠢ ᠪᠠᠶᠢᠭᠤᠯᠤᠨ᠎ᠠ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠳᠦᠷᠢᠮ ᠤᠨ ᠵᠣᠯᠭᠠᠯᠴᠠᠭ᠎ᠠ᠂ ᠲᠣᠭᠲᠠᠴᠠ ᠶᠢᠨ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠦᠵᠡᠰᠬᠦᠯᠡᠩᠲᠦ ᠰᠠᠶᠢᠬᠠᠨ ᠪᠤᠯᠤᠩ ᠤᠨ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠬᠠᠮᠲᠤ ᠪᠠᠷ ᠬᠠᠮᠠᠭᠠᠯᠠᠵᠤ ᠬᠤᠯᠪᠤᠭᠠᠯᠠᠨ ᠵᠠᠰᠠᠬᠤ ᠪᠠ ᠨᠢᠭᠡ ᠴᠣᠭᠴᠠᠵᠢᠭᠤᠯᠤᠭᠰᠠᠨ ᠳᠦᠷᠢᠮ ᠤᠨ ᠰᠢᠨ᠎ᠡ ᠡᠭᠦᠳᠦᠯᠲᠡ ᠶᠢ ᠭᠦᠨᠵᠡᠭᠡᠶᠢᠷᠡᠭᠦᠯᠵᠦ᠂ ᠦᠵᠡᠰᠬᠦᠯᠡᠩᠲᠦ ᠰᠠᠶᠢᠬᠠᠨ ᠬᠥᠬᠡᠮᠥ᠋ᠷᠡᠨ ᠤ ᠭᠤᠷᠪᠠᠯᠵᠢᠨ ᠬᠤᠶᠢᠭ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠤᠨ᠎ᠠ᠃ ᠤᠰᠤᠨ ᠤ ᠬᠡᠮᠵᠢᠶ᠎ᠡ ᠪᠠᠷ ᠬᠤᠲᠠ ᠶᠢᠨ ᠪᠦᠲᠦᠭᠡᠨ ᠪᠠᠶᠢᠢᠭᠤᠯᠤᠯᠳᠠ ᠪᠠᠨ ᠲᠣᠭᠲᠠᠭᠠᠬᠤ᠂ ᠤᠰᠤᠨ ᠤ ᠬᠡᠮᠵᠢᠶ᠎ᠡ ᠪᠠᠷ ᠭᠠᠵᠠᠷ ᠲᠠᠷᠢᠶ᠎ᠠ ᠪᠠᠨ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠤᠳᠠ ᠶᠢᠨ ᠬᠥᠮᠥᠨ ᠠᠮᠠ  ᠶᠢᠨ ᠳᠠᠭᠠᠭᠠᠴᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠦᠢᠯᠡᠳᠪᠦᠷᠢᠯᠡᠯ ᠢᠶᠠᠨ ᠲᠣᠭᠲᠠᠭᠠᠬᠤ ᠶᠢ ᠪᠠᠷᠢᠮᠲᠠᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠡᠯ᠎ᠡ ᠭᠠᠵᠠᠷ ᠣᠷᠣᠨ ᠣᠷᠣᠨ ᠪᠦᠰᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠲᠣᠰ ᠪᠡᠶ᠎ᠡ ᠶᠢᠨ ᠣᠨᠴᠠᠯᠢᠭ ᠢᠶᠠᠨ ᠪᠠᠳᠠᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠮᠤᠵᠢ ᠪᠦᠰᠡ ᠶᠢᠨ ᠬᠠᠭᠤᠳᠠᠰᠤ ᠶᠢ ᠪᠢᠴᠢᠭᠯᠡᠨ᠎ᠡ᠃    ︵ᠠᠷᠪᠠᠨ ᠨᠠᠢᠮᠠ︶ ᠦᠵᠡᠰᠬᠦᠯᠡᠩᠲᠦ ᠰᠠᠶᠢᠬᠠᠨ ᠬᠤᠲᠠ ᠶᠢ ᠪᠦᠲᠦᠭᠡᠨ ᠪᠠᠶᠢᠭᠤᠯᠤᠨ᠎ᠠ᠃ ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠶᠢ ᠠᠷᠠᠳ ᠲᠦᠮᠡᠨ ᠤ ᠲᠥᠯᠥᠭᠡ ᠪᠠᠶᠢᠭᠤᠯᠬᠤ ᠶᠢ ᠪᠠᠷᠢᠮᠲᠠᠯᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠣᠷᠴᠢᠨ ᠲᠣᠭᠤᠷᠢᠨ ᠭᠤᠶᠣ ᠰᠠᠶᠢᠬᠠᠨ᠂ ᠠᠮᠢ ᠠᠬᠤᠢ ᠣᠷᠣᠰᠢᠨ ᠰᠠᠭᠤᠬᠤ ᠳᠤ ᠲᠠᠭᠠᠯᠠᠮᠵᠢᠲᠠᠢ᠂ ᠠᠮᠤᠷ ᠲᠦᠪᠰᠢᠨ ᠡᠷᠡᠭᠦᠯ ᠮᠡᠨᠳᠦ᠂ ᠣᠶᠤᠨᠴᠢ ᠥᠨᠳᠥᠷ ᠪᠦᠲᠦᠮᠵᠢᠲᠡᠶ ᠪᠠᠶᠢᠬᠤ ᠪᠠᠷ ᠤᠳᠤᠷᠢᠳᠤᠮᠵᠢ ᠪᠤᠯᠭᠠᠬᠰᠠᠨ ᠦᠵᠡᠰᠬᠦᠯᠡᠩᠲᠦ ᠰᠠᠶᠢᠬᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠶᠢᠨ ᠬᠤᠭᠤᠷᠣᠨᠳᠣᠭᠢ ᠪᠠ ᠬᠤᠳᠠ ᠬᠥᠳᠡᠭᠡ ᠶᠢᠨ ᠠᠮᠢ ᠠᠬᠤᠢ ᠶᠢ ᠬᠠᠮᠲᠤ ᠪᠠᠷ ᠬᠠᠮᠠᠭᠠᠯᠠᠵᠤ ᠬᠠᠮᠲᠤ ᠪᠠᠷ ᠵᠠᠰᠠᠬᠤ ᠶᠢ ᠴᠢᠩᠭᠠᠳᠬᠠᠨ᠎ᠠ᠃ ᠭᠡᠲᠦ ᠲᠣᠮᠣ ᠣᠨᠴᠠ ᠲᠣᠮᠣ ᠬᠤᠲᠠ ᠶᠢᠨ ᠬᠥᠭᠵᠢᠯᠲᠡ ᠶᠢᠨ ᠠᠷᠭ᠎ᠠ ᠭᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠲᠣᠮᠣ ᠳᠤᠮᠳᠠ ᠬᠤᠲᠠ ᠶᠢᠨ ᠠᠮᠢ ᠠᠬᠤᠢ ᠣᠷᠴᠢᠨ ᠲᠣᠭᠤᠷᠢᠨ ᠢ ᠵᠠᠰᠠᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠳᠤᠮᠳᠠ ᠪᠠᠭ᠎ᠠ ᠬᠤᠲᠠ ᠪᠠ ᠰᠢᠶᠠᠨ ᠤ ᠬᠤᠲᠠ ᠶᠢᠨ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠢ ᠳᠡᠰ ᠳᠡᠪᠰᠢᠭᠦᠯᠦᠨ ᠴᠢᠳᠠᠪᠤᠷᠢ ᠶᠢ ᠨᠢ ᠥᠷᠭᠡᠳᠬᠡᠬᠦ ᠶᠢ ᠠᠬᠢᠭᠤᠯᠵᠤ᠂ ᠣᠷᠴᠢᠨ ᠲᠣᠭᠤᠷᠢᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠬᠥᠮᠥᠨ ᠠᠮᠠ᠂ ᠠᠵᠤ ᠠᠬᠤᠢ ᠶᠢᠨ ᠬᠡᠪᠴᠢᠶ᠎ᠡ ᠯᠦᠭᠡ ᠬᠠᠷᠢᠯᠴᠠᠨ ᠲᠣᠬᠢᠷᠠᠯᠴᠠᠭᠤᠯᠬᠤ ᠶᠢ ᠠᠬᠢᠭᠤᠯᠤᠨ᠎ᠠ᠃ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠦᠨᠡᠯᠡᠨ ᠵᠢᠱᠢᠯᠲᠡ ᠶᠢ ᠥᠷᠨᠢᠭᠦᠯᠦᠨ᠎ᠡ᠃    ︵ᠠᠷᠪᠠ ᠶᠢᠰᠦ︶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠧᠵᠢᠶᠠᠩ ᠤᠨ ︽ᠮᠢᠩᠭᠠᠨ ᠲᠤᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠤᠰᠬᠤᠨ ᠢ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠳᠡᠯᠭᠡᠷᠡᠭᠦᠯᠵᠦ᠂ ᠬᠥᠳᠡᠭᠡ ᠲᠣᠰᠬᠤᠨ ᠤ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠲᠠᠷᠢᠶᠠᠯᠠᠩ ᠤᠨ ᠣᠷᠣᠭᠤᠯᠤᠯᠲᠠ ᠡᠳ᠋ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠲᠥᠪᠯᠡᠷᠡᠭᠦᠯᠦᠨ ᠰᠢᠨ᠎ᠡ ᠶᠢ ᠡᠭᠦᠳᠬᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠴᠢᠩᠭᠠᠳᠬᠠᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠲᠣᠪᠣᠶᠢᠮ᠎ᠠ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ ᠰᠢᠰᠲ᠋ᠧᠮ ᠲᠠᠢ ᠵᠠᠰᠠᠬᠤ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ᠂ ᠬᠤᠭ ᠨᠣᠪᠰᠢ ᠪᠠ ᠪᠣᠬᠢᠷ ᠦᠮᠡᠬᠡᠢ ᠤᠰᠤᠨ ᠴᠣᠭᠴᠠ ᠶᠢ ᠪᠦᠲᠦᠮᠵᠢᠲᠡᠶ ᠵᠠᠰᠠᠨ᠎ᠠ᠃ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠵᠦ ᠦᠨᠡᠯᠡᠬᠦ ᠳᠦᠷᠢᠮ ᠢ ᠪᠠᠶᠢᠭᠤᠯᠤᠨ᠎ᠠ᠃ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠤᠯᠠᠮᠵᠢᠯᠠᠯᠲᠤ ᠲᠣᠰᠬᠤᠨ ᠢ ᠬᠠᠮᠠᠭᠠᠯᠠᠨ ᠠᠰᠢᠭᠯᠠᠬᠤ ᠪᠠ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ 2027 ᠣᠨ ᠪᠤᠯᠬᠤ ᠳᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠭᠦ ᠰᠢᠶᠠᠨ ᠢᠶᠠᠷ ᠢᠶᠠᠨ ᠪᠦᠲᠦᠭᠡᠨ ᠪᠠᠶᠢᠭᠤᠯᠬᠤ ᠬᠠᠷᠢᠴᠠᠯ ᠢ 40% ᠳᠤ ᠭᠦᠷᠭᠡᠨ᠎ᠡ; 2035 ᠣᠨ ᠪᠤᠯᠬᠤ ᠳᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠦᠨᠳᠦᠰᠦᠨ ᠳᠡᠭᠡᠨ ᠪᠠᠶᠢᠭᠤᠯᠤᠨ᠎ᠠ᠃    ︵ᠬᠤᠷᠢ︶ ᠰᠢᠨ᠎ᠡ ᠶᠢ ᠡᠭᠦᠳᠴᠦ ᠵᠢᠱᠢᠶ᠎ᠡ ᠦᠵᠡᠭᠦᠯᠭᠦ ᠠᠵᠢᠯ ᠢ ᠥᠷᠨᠢᠭᠦᠯᠦᠨ᠎ᠡ᠃ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠦᠵᠡᠰᠬᠦᠯᠡᠩᠲᠦ ᠰᠠᠶᠢᠬᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠭᠦ ᠰᠢᠶᠠᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠪᠦᠷᠢᠳᠦ᠂ ᠦᠵᠡᠰᠬᠦᠯᠡᠩᠲᠦ ᠰᠠᠶᠢᠬᠠᠨ ᠲᠡᠯᠡᠶ ᠶᠢᠨ ᠪᠤᠯᠤᠩ ᠤᠨ ᠰᠢᠯᠢᠳᠡᠭ ᠵᠢᠱᠢᠶ᠎ᠡ ᠶᠢ ᠦᠷᠭᠦᠯᠵᠢᠯᠡᠨ ᠳᠡᠯᠭᠡᠷᠡᠭᠦᠯᠦᠨ᠎ᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠳᠤ ᠠᠭᠤᠰᠤᠯᠴᠠᠭᠤᠯᠬᠤ ᠶᠢ ᠠᠬᠢᠭᠤᠯᠤᠨ᠎ᠠ᠃ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠭᠦ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ︾ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠣᠬᠢᠷᠳᠤᠯ ᠦᠭᠡᠢ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠲᠦᠷᠦ ᠶᠢᠨ ᠪᠣᠳᠣᠯᠭ᠎ᠠ ᠵᠡᠷᠭᠡ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠳᠡᠮᠵᠢᠨ᠎ᠠ᠃    ᠨᠠᠢᠮᠠ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠦᠭᠦ ᠠᠷᠠᠳ ᠤᠨ ᠠᠵᠢᠯᠯᠠᠭ᠎ᠠ ᠶᠢ ᠥᠷᠨᠢᠭᠦᠯᠦᠨ᠎ᠡ    ︵ᠬᠤᠷᠢᠨ ᠨᠢᠭᠡ︶ ᠠᠮᠢ ᠠᠬᠤᠢ ᠶᠢᠨ ᠰᠣᠶᠣᠯ ᠢ ᠪᠣᠶᠢᠵᠢᠭᠤᠯᠤᠨ ᠪᠠᠳᠠᠷᠠᠭᠤᠯᠤᠨ᠎ᠠ᠃ ᠠᠮᠢ ᠠᠬᠤᠢ ᠶᠢᠨ ᠦᠷᠳᠡᠭ ᠤᠨ ᠦᠵᠡᠯᠲᠡ ᠪᠠᠷ ᠪᠠᠷᠢᠮᠵᠢᠶ᠎ᠠ ᠪᠤᠯᠭᠠᠬᠰᠠᠨ ᠠᠮᠢ ᠠᠬᠤᠢ ᠰᠣᠶᠣᠯ ᠤᠨ ᠰᠢᠰᠲ᠋ᠧᠮ ᠢ ᠪᠦᠷᠢᠨᠰᠢᠭᠦᠯᠵᠦ᠂ ᠠᠮᠢ ᠠᠬᠤᠢ ᠶᠢᠨ ᠪᠣᠯᠪᠠᠰᠤᠨ ᠤ ᠭᠤᠣᠯ ᠤᠷᠤᠰᠬᠠᠯ ᠤᠨ ᠦᠷᠳᠡᠭ ᠤᠨ ᠦᠵᠡᠯᠲᠡ ᠶᠢ ᠪᠣᠶᠢᠵᠢᠭᠤᠯᠵᠤ᠂ ᠪᠦᠭᠦ ᠠᠷᠠᠳ ᠤᠨ ᠠᠮᠢ ᠠᠬᠤᠢ ᠶᠢᠨ ᠤᠬᠠᠮᠰᠠᠷ ᠢ ᠲᠦᠷᠭᠡᠨ ᠪᠦᠷᠢᠯᠳᠦᠭᠦᠯᠦᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠠᠮᠢ ᠠᠬᠤᠢ ᠶᠢᠨ ᠰᠣᠶᠣᠯ ᠤᠨ ᠦᠵᠡᠯ ᠰᠠᠨᠠᠭ᠎ᠠ ᠪᠠ ᠡᠬᠢ ᠪᠠᠶᠠᠯᠢᠭ ᠢ ᠠᠭᠤᠳᠠᠯᠵᠤ᠂ ᠨᠢᠭᠡ ᠪᠦᠯᠦᠭ ᠠᠮᠢ ᠠᠬᠤᠢ ᠶᠢᠨ ᠤᠳᠬ᠎ᠠ ᠵᠣᠬᠢᠶᠠᠯ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠠᠮᠢ ᠠᠬᠤᠢ ᠶᠢᠨ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠤᠨ᠎ᠠ᠃ ᠮᠦᠽᠧᠢ᠂ ᠦᠵᠡᠰᠭᠦᠯᠡᠩ ᠤᠨ ᠣᠷᠳᠣᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠣᠷᠳᠣᠨ ᠵᠡᠷᠭᠡ ᠶᠢ ᠭᠦᠢᠴᠡᠳ ᠠᠰᠢᠭᠯᠠᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ ᠶᠢ ᠤᠬᠠᠭᠤᠯᠤᠨ᠎ᠠ᠃    ︵ᠬᠤᠷᠢᠨ ᠬᠤᠶᠠᠷ︶ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠭᠡᠯᠪᠡᠷᠢ ᠶᠢ ᠦᠢᠯᠡᠳᠦᠯᠭᠡᠵᠢᠭᠦᠯᠦᠨ᠎ᠡ᠃ ᠠᠷᠪᠢᠲᠠᠢ ᠲᠣᠬᠢᠷᠠᠮᠵᠢᠲᠠᠢ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠭᠡᠯᠪᠡᠷᠢ ᠪᠠ ᠬᠡᠷᠡᠭᠯᠡᠭᠡᠨ ᠤ ᠵᠠᠭᠪᠤᠷ ᠢ ᠰᠠᠨᠠᠭᠠᠴᠢᠯᠠᠨ᠎ᠠ᠃ ᠪᠣᠬᠢᠷᠳᠤᠯ ᠦᠭᠡᠢ ᠵᠢᠭᠤᠯᠴᠢᠯᠠᠯ ᠢ ᠬᠥᠭᠵᠢᠭᠦᠯᠦᠨ᠎ᠡ᠃︽ᠫᠢᠯᠠ ᠬᠤᠭᠤᠰᠤᠯᠠᠬᠤ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ᠎ᠠ᠃ ᠪᠣᠬᠢᠷᠳᠤᠯ ᠦᠭᠡᠢ ᠶᠠᠪᠤᠵᠤ ᠰᠠᠭᠤᠬᠤ ᠶᠢ ᠵᠣᠷᠢᠭᠵᠢᠭᠤᠯᠵᠤ᠂ ᠬᠤᠲᠠ ᠶᠢᠨ ᠨᠣᠭᠤᠭᠠᠷᠠᠭᠤᠯᠤᠯᠲᠠ ᠶᠢᠨ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠦᠨ᠎ᠡ᠃ ᠬᠤᠭ ᠨᠣᠪᠰᠢ ᠶᠢ ᠠᠩᠭᠢᠯᠠᠨ ᠬᠠᠮᠢᠶᠠᠷᠬᠤ ᠲᠦᠪᠰᠢᠨ ᠢ ᠳᠡᠭᠡᠭᠰᠢᠯᠡᠭᠦᠯᠵᠦ᠂ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠬᠤᠭ ᠨᠣᠪᠰᠢ ᠶᠢ ᠠᠩᠭᠢᠯᠠᠬᠤ ᠶᠢᠨ ᠪᠦᠭᠦᠨ ᠢ ᠬᠠᠮᠤᠷᠬᠤ ᠶᠢ ᠠᠬᠢᠭᠤᠯᠤᠨ᠎ᠠ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠢᠯᠡᠳᠬᠦᠨ ᠤ ᠪᠠᠷᠢᠮᠵᠢᠶ᠎ᠠ᠂ ᠭᠡᠷᠡᠴᠢᠯᠡᠯ᠂ ᠢᠯᠭᠠᠬᠤ ᠲᠡᠮᠳᠡᠭ ᠤᠨ ᠰᠢᠰᠲ᠋ᠧᠮ ᠢ ᠪᠠᠶᠢᠭᠤᠯᠵᠤ᠂ ︽ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠦᠭᠡᠮᠡᠯ ᠭᠦᠷᠲᠡᠭᠡᠮᠵᠢᠲᠦ︾ ᠵᠡᠷᠭᠡ ᠣᠯᠠᠨ ᠨᠡᠶᠢᠲᠡ ᠶᠢᠨ ᠣᠷᠤᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃    ︵ᠬᠤᠷᠢᠨ ᠭᠤᠷᠪᠠ︶ ᠣᠯᠠᠨ ᠡᠰᠢᠲᠦ ᠣᠷᠤᠯᠴᠠᠬᠤ ᠠᠵᠢᠯᠯᠠᠭᠠᠨ ᠤ ᠰᠢᠰᠲ᠋ᠧᠮ ᠢ ᠪᠠᠶᠢᠭᠤᠯᠤᠨ᠎ᠠ᠃ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ᠂ ᠪᠢ ᠪᠣᠯ ᠦᠢᠯᠡᠳᠦᠯᠭᠡᠵᠢᠭᠦᠯᠦᠭᠴᠢ︾ ᠭᠡᠬᠦ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠪᠠ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠥᠷᠭᠡᠨ ᠢᠶᠠᠷ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠨᠡᠶᠢᠲᠡ ᠶᠢᠨ ᠠᠮᠢ ᠠᠬᠤᠢ ᠣᠷᠴᠢᠨ ᠲᠣᠭᠤᠷᠢᠨ ᠳᠤ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠵᠦ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠦᠨ᠂ ᠠᠮᠢ ᠠᠬᠤᠢ ᠣᠷᠴᠢᠨ ᠲᠣᠭᠤᠷᠢᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠨᠡᠭᠡᠭᠡᠯᠲᠡ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠳᠤ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠤᠨ ᠦᠢᠯᠡᠴᠢᠯᠡᠭᠡ ᠬᠠᠩᠭᠠᠨ᠎ᠠ᠃    ᠶᠢᠰᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ    ︵ᠬᠤᠷᠢᠨ ᠳᠥᠷᠪᠡ︶ ᠪᠠᠶᠢᠭᠤᠯᠤᠮᠵᠢ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠦᠷᠢᠮ ᠤᠨ ᠬᠤᠷᠠᠮᠠᠯ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ᠂ ᠡᠬᠢ ᠪᠠᠶᠠᠯᠢᠭ ᠡᠨᠧᠷᠭᠢ ᠵᠡᠷᠭᠡ ᠬᠦᠷᠢᠶᠡᠨ ᠳᠠᠬᠢ ᠬᠠᠮᠢᠶ᠎ᠠ ᠪᠦᠬᠦᠢ ᠬᠠᠤᠯᠢ ᠴᠠᠭᠠᠵᠠ ᠶᠢ ᠲᠣᠭᠲᠠᠭᠠᠨ ᠵᠠᠰᠠᠪᠤᠷᠢ ᠣᠷᠣᠭᠤᠯᠬᠤ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠤᠯᠢ ᠶᠢᠨ ᠪᠢᠴᠢᠭ ᠢ ᠨᠠᠶᠢᠷᠠᠭᠤᠯᠤᠨ ᠲᠤᠭᠤᠷᠪᠢᠬᠤ ᠶᠢ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠢ ᠲᠥᠯᠥᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠠᠤᠯᠢ ᠴᠠᠭᠠᠵᠠ ᠶᠢᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠮᠡᠳᠡᠭᠡ ᠵᠠᠩᠭᠢ ᠶᠢ ᠵᠠᠷᠯᠠᠬᠤ᠂ ᠪᠠᠶᠢᠳᠠᠯ ᠢ ᠵᠥᠪᠳᠡᠯᠴᠡᠬᠦ᠂ ᠭᠡᠷᠡᠴᠢ ᠪᠠᠷᠢᠮᠲᠠ ᠰᠢᠯᠵᠢᠭᠦᠯᠦᠨ ᠠᠪᠬᠤ᠂ ᠵᠢᠭᠤᠷᠠᠯᠳᠤᠭᠠᠨ ᠢ ᠨᠠᠮᠳᠠᠭᠤᠯᠬᠤ᠂ ᠠᠮᠢ ᠠᠬᠤᠢ ᠶᠢ ᠵᠠᠰᠠᠨ ᠰᠡᠷᠭᠦᠭᠡᠬᠦ ᠵᠡᠷᠭᠡ ᠲᠠᠯ᠎ᠠ ᠪᠠᠷ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠨ᠎ᠠ᠃ ᠠᠭᠤᠯᠠᠨ ᠣᠷᠣᠢ ᠠᠴᠠ ᠲᠠᠯᠠᠢ ᠲᠠᠩᠭᠢᠰ ᠬᠦᠷᠲᠡᠯᠡᠬᠢ ᠬᠠᠮᠠᠭᠠᠯᠠᠯᠲᠠ ᠵᠠᠰᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠦᠨ᠎ᠡ᠃ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠣᠷᠴᠢᠨ ᠲᠣᠭᠤᠷᠢᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠨᠡᠶᠢᠲᠡᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠴᠢᠨ ᠲᠣᠭᠤᠷᠢᠨ᠂ ᠨᠡᠶᠢᠭᠡᠮ ᠪᠠ ᠺᠤᠮᠫᠠᠨᠢ ᠶᠢᠨ ᠵᠠᠰᠠᠯᠲᠠ ᠶᠢᠨ ᠦᠨᠡᠯᠡᠯᠲᠡ ᠶᠢ ᠰᠦᠪᠡᠭᠴᠢᠯᠡᠨ ᠥᠷᠨᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠭᠡᠨ ᠤ ᠵᠠᠬᠢᠷᠤᠯᠲᠠ ᠶᠢᠨ ᠬᠠᠮᠢᠶᠠᠷᠬᠤ ᠳᠦᠷᠢᠮ ᠢ ᠪᠦᠷᠢᠨᠰᠢᠭᠦᠯᠦᠨ᠎ᠡ᠃ ᠭᠤᠣᠯ ᠮᠥᠷᠡᠨ ᠨᠠᠭᠤᠷ ᠪᠦᠷᠢᠳᠦ ᠶᠢᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠴᠢᠩᠭᠠᠳᠬᠠᠨ᠎ᠠ᠃ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠣᠳᠣᠯᠲᠠ ᠶᠢ ᠭᠦᠨᠵᠡᠭᠡᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠢ ᠬᠠᠶᠢᠬᠤᠷᠬᠤ ᠦᠭᠡᠢ ᠪᠠᠷ ᠰᠣᠬᠤᠷ ᠪᠠᠯᠠᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠬᠦᠨᠳᠦ ᠨᠣᠴᠢᠲᠠᠢ ᠦᠷ᠎ᠡ ᠳ᠋ᠦᠩ ᠭᠠᠷᠠᠭᠠᠬᠰᠠᠨ ᠪᠠᠶᠢᠪᠠᠯ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠲᠤᠯᠭᠠᠵᠤ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠨ᠎ᠡ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠱᠠᠯᠠᠪᠳᠠᠭᠤᠯᠤᠨ ᠪᠠᠶᠢᠴᠠᠭᠠᠯᠲᠠ ᠶᠢ ᠴᠢᠩᠭᠠᠳᠬᠠᠨ᠎ᠠ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ ᠠᠬᠤᠢ ᠪᠠ ᠣᠷᠴᠢᠨ ᠲᠣᠭᠤᠷᠢᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠮᠤᠵᠢ  ᠶᠢᠨ ᠱᠠᠲᠤᠨ ᠠᠴᠠ ᠳᠣᠷᠣᠭᠰᠢᠬᠢ ᠠᠮᠢ ᠠᠬᠤᠢ ᠣᠷᠴᠢᠨ ᠲᠣᠭᠤᠷᠢᠨ ᠤ ᠪᠠᠶᠢᠭᠤᠯᠤᠮᠵᠢ ᠶᠢᠨ ᠬᠢᠨᠠᠨ ᠬᠡᠮᠵᠢᠬᠦ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠰᠢᠭᠤᠳ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠤᠲᠠ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠡᠩᠨᠡᠭᠡᠨ ᠤ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠢᠨᠵᠧᠨᠧᠷᠢᠩ ᠢ ᠬᠡᠷᠡᠭᠵᠢᠭᠦᠯᠦᠨ᠎ᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠬᠦᠷᠢᠶᠡᠨ ᠤ ᠪᠠᠷᠢᠮᠵᠢᠶ᠎ᠠ ᠵᠢᠷᠤᠮᠵᠢᠯ ᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠣᠷᠴᠢᠨ ᠲᠣᠭᠤᠷᠢᠨ ᠤ ᠰᠠᠭᠤᠷᠢ ᠪᠠᠷᠢᠮᠵᠢᠶ᠎ᠠ ᠶᠢᠨ ᠰᠤᠳᠤᠯᠭᠠᠨ ᠢ ᠥᠷᠨᠢᠭᠦᠯᠦᠨ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠵᠡᠷᠭᠡ ᠪᠠᠷᠢᠮᠵᠢᠶ᠎ᠠ ᠶᠢ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠵᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠨᠡᠶᠢᠲᠡᠯᠡᠬᠦ ᠶᠢ ᠵᠣᠷᠢᠭᠵᠢᠭᠤᠯᠤᠨ᠎ᠠ᠃    ︵ᠬᠤᠷᠢᠨ ᠲᠠᠪᠤ︶ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠴᠢᠩᠭᠠᠷᠠᠭᠤᠯᠤᠨ᠎ᠠ᠃ ᠡᠬᠢ ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠡᠨᠧᠷᠭᠢ ᠬᠡᠷᠡᠭᠯᠡᠬᠦ ᠡᠷᠬᠡ᠂ ᠤᠰᠤ ᠬᠡᠷᠡᠭᠯᠡᠬᠦ ᠡᠷᠬᠡ᠂ ᠪᠣᠬᠢᠷᠳᠤᠯ ᠭᠠᠳᠠᠭᠰᠢᠯᠠᠭᠤᠯᠬᠤ ᠡᠷᠬᠡ ᠵᠡᠷᠭᠡ ᠶᠢ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢᠨ ᠶᠡᠷᠦᠩᠬᠡᠢ ᠬᠡᠪᠴᠢᠶᠡᠨ ᠳᠤ ᠣᠷᠣᠭᠤᠯᠤᠨ᠎ᠠ᠃ ᠭᠠᠶᠢᠯᠢ ᠲᠠᠲᠠᠪᠤᠷᠢ ᠶᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠲᠠᠲᠠᠪᠤᠷᠢᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠠᠭᠤᠷᠠᠰᠢᠬᠤ ᠴᠢᠨᠠᠷᠲᠠᠢ ᠣᠷᠭᠠᠨᠢᠭ ᠪᠣᠳᠠᠰ ᠢ ᠲᠠᠲᠠᠪᠤᠷᠢᠯᠠᠬᠤ ᠬᠡᠪᠴᠢᠶᠡᠨ ᠳᠤ ᠲᠦᠷᠭᠡᠪᠴᠢᠯᠡᠨ ᠣᠷᠣᠭᠤᠯᠤᠨ᠎ᠠ᠃ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ ᠪᠠ ᠦᠨᠡᠯᠡᠨ ᠭᠡᠷᠡᠴᠢᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠭᠤᠯᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ ᠲᠦᠪᠰᠢᠨ ᠢ ᠶᠡᠷᠦᠩᠬᠡᠶᠢᠯᠡᠨ ᠪᠣᠳᠣᠯᠬᠢᠯᠠᠵᠤ᠂ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠢ ᠠᠵᠢᠯ ᠲᠥᠷᠥᠯ ᠤᠨ ᠱᠠᠲᠤᠯᠢᠭ ᠴᠠᠭᠢᠯᠭᠠᠨ ᠤ ᠦᠨ᠎ᠡ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠪᠣᠬᠢᠷ ᠤᠰᠤ ᠰᠢᠢᠳᠪᠦᠷᠢᠯᠡᠬᠦ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠣᠬᠢᠷ ᠤᠰᠤ ᠰᠢᠢᠳᠪᠦᠷᠢᠯᠡᠬᠦ ᠪᠠ ᠪᠣᠬᠢᠷ ᠰᠢᠪᠠᠷ ᠰᠢᠢᠳᠪᠦᠷᠢᠯᠡᠬᠦ ᠥᠪᠡᠷ ᠤᠨ ᠥᠷᠲᠡᠭ ᠢ ᠬᠠᠮᠤᠷᠬᠤ ᠶᠢᠨ ᠬᠠᠮᠲᠤ ᠵᠦᠢ ᠵᠣᠬᠢᠰᠲᠠᠢ ᠠᠰᠢᠭ ᠣᠯᠵᠠᠪᠤᠷᠢ ᠲᠠᠢ ᠰᠦᠢᠳᠬᠡᠯ ᠬᠤᠷᠢᠶᠠᠬᠤ ᠲᠣᠭᠲᠠᠴᠠ ᠶᠢ ᠪᠠᠶᠢᠭᠤᠯᠤᠨ᠎ᠠ᠃ ᠲᠠᠷᠢᠶᠠᠯᠠᠩ ᠤᠨ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠰᠠᠨ ᠠᠵᠤ ᠠᠬᠤᠢ ᠶᠢᠨ ᠤᠷᠮᠠᠰᠢᠭᠤᠯᠬᠤ ᠲᠥᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠪᠠ ᠮᠠᠯ ᠵᠢᠭᠦᠷᠲᠡᠨ ᠤ ᠪᠠᠭᠠᠰᠤ ᠰᠢᠭᠡᠰᠦ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠨ ᠠᠰᠢᠭᠯᠠᠬᠤ ᠶᠢ ᠪᠦᠭᠦ ᠰᠢᠶᠠᠨ ᠢᠶᠠᠷ ᠠᠬᠢᠭᠤᠯᠬᠤ ᠶᠢ ᠳᠠᠮᠵᠢᠨ᠎ᠠ᠃ ᠠᠵᠤ ᠠᠬᠤᠶᠢᠯᠠᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠷᠤᠳᠠᠯ ᠢ ᠭᠠᠷᠭᠠᠨ ᠠᠪᠴᠤ ᠬᠡᠷᠡᠭᠯᠡᠬᠦ ᠳᠦᠷᠢᠮ ᠢ ᠪᠠᠶᠢᠭᠤᠯᠤᠨ᠎ᠠ᠃ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠤᠷᠢᠨ ᠢᠶᠠᠷ ᠤᠳᠤᠷᠢᠳᠤᠮᠵᠢ ᠪᠤᠯᠭᠠᠬᠰᠠᠨ ᠨᠡᠭᠡᠭᠡᠨ ᠬᠥᠭᠵᠢᠭᠦᠯᠬᠦ ᠵᠠᠭᠪᠤᠷ ᠪᠠ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠠᠮᠢ ᠠᠬᠤᠢ ᠶᠢᠨ ᠶᠡᠷᠦᠩᠬᠡᠶᠢᠯᠡᠭᠰᠡᠨ ᠨᠥᠬᠦᠪᠦᠷᠢ ᠶᠢ ᠠᠬᠢᠭᠤᠯᠵᠤ᠂ ᠠᠮᠢ ᠠᠬᠤᠢ ᠶᠢᠨ ᠬᠥᠨᠳᠡᠯᠡᠨ ᠴᠢᠭᠯᠡᠯ ᠤᠨ ᠬᠠᠮᠠᠭᠠᠯᠠᠯᠲᠠ ᠶᠢᠨ ᠨᠥᠬᠦᠪᠦᠷᠢ ᠶᠢᠨ ᠲᠣᠭᠲᠠᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠡᠳ᠋ ᠤᠨ ᠵᠠᠰᠠᠭ ᠠᠴᠠ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠦᠷᠢᠶᠡᠨ ᠳᠠᠬᠢ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠣᠷᠣᠭᠤᠯᠤᠯᠲᠠ ᠶᠢᠨ ᠬᠡᠪᠴᠢᠶ᠎ᠡ ᠶᠢ ᠪᠦᠲᠦᠭᠡᠨ ᠪᠠᠶᠢᠭᠤᠯᠤᠯᠲᠠ ᠶᠢᠨ ᠡᠭᠦᠷᠭᠡ ᠲᠠᠢ ᠲᠣᠬᠢᠷᠠᠯᠴᠠᠭᠤᠯᠬᠤ ᠶᠢ ᠦᠨᠡᠨ ᠬᠦ ᠪᠠᠲᠤᠯᠠᠨ᠎ᠠ᠃ ᠪᠣᠬᠢᠷᠳᠤᠯ ᠦᠭᠡᠢ ᠮᠥᠩᠭᠦᠨ ᠭᠦᠢᠯᠭᠡᠭᠡᠨ ᠢ ᠶᠡᠭᠡ ᠪᠠᠷ ᠬᠥᠭᠵᠢᠭᠦᠯᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠵᠦᠢ ᠶᠣᠰᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠠᠮᠵᠢᠵᠤ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠤᠭᠤᠳᠴᠤ᠂ ᠣᠷᠣᠨ ᠪᠦᠰᠡ ᠶᠢᠨ ᠴᠢᠨᠠᠷᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠵᠠᠭᠪᠤᠷ ᠢ ᠰᠦᠪᠡᠭᠴᠢᠯᠡᠨ᠂ ᠠᠭᠤᠷ ᠠᠮᠢᠰᠬᠤᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠰᠢᠨ᠎ᠡ ᠶᠢ ᠡᠭᠦᠳᠬᠦ ᠶᠢ ᠯᠠᠪᠳᠠᠭᠤᠨ ᠢᠶᠠᠷ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠪᠡᠯᠡ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠨ᠎ᠠ᠃    ︵ᠬᠤᠷᠢᠨ ᠵᠢᠷᠭᠤᠭ᠎ᠠ︶ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠬᠰᠠᠨ ᠪᠣᠬᠢᠷᠳᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠤᠨ᠎ᠠ᠃ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠤᠯᠠᠨ ᠪᠣᠬᠢᠷᠳᠤᠯ ᠪᠣᠳᠠᠰ ᠤᠨ ᠭᠠᠳᠠᠬᠰᠢᠯᠠᠭᠤᠯᠲᠠ ᠶᠢ ᠬᠠᠮᠵᠢᠯᠴᠠᠨ ᠪᠠᠭᠠᠰᠬᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠰᠢᠨ᠎ᠡ ᠪᠣᠬᠢᠷᠳᠤᠯ ᠪᠣᠳᠠᠰ ᠢ ᠵᠠᠰᠠᠬᠤ᠂ ᠴᠥᠮ᠎ᠡ ᠶᠢᠨ ᠠᠮᠤᠷ ᠲᠦᠪᠰᠢᠨ ᠵᠡᠷᠭᠡ ᠶᠢ ᠤᠯᠤᠰ ᠤᠨ ᠰᠠᠭᠤᠷᠢ ᠰᠤᠳᠤᠯᠭᠠᠨ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯᠳᠠᠯᠭ᠎ᠠ ᠲᠠᠢ ᠬᠦᠷᠢᠶ᠎ᠡ ᠪᠤᠯᠭᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠢᠶᠠᠷ ᠭᠤᠣᠯ ᠤᠳᠤᠷᠢᠳᠤᠮᠵᠢ ᠪᠤᠯᠭᠠᠬᠰᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠶᠢ ᠭᠦᠨᠵᠡᠭᠡᠢ ᠠᠭᠤᠰᠤᠯᠴᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢ ᠬᠥᠲᠥᠯᠥᠨ ᠵᠢᠯᠤᠭᠤᠳᠴᠤ ᠪᠠᠶᠢᠭᠠᠳ ᠨᠢᠭᠡ ᠪᠦᠯᠦᠭ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠢ ᠬᠠᠮᠲᠤ ᠪᠠᠷ ᠪᠠᠶᠢᠭᠤᠯᠵᠤ᠂ ᠥᠨᠳᠥᠷ ᠪᠦᠲᠦᠮᠵᠢᠲᠡᠢ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠠᠵᠢᠯᠯᠠᠭ᠎ᠠ ᠶᠢ ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ 2030 - ᠪᠡᠭᠡᠵᠢᠩ ᠲᠢᠶᠠᠨᠵᠢᠨ ᠾᠧᠪᠧᠢ  ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ︾ ᠴᠢᠬᠤᠯᠠ ᠶᠡᠭᠡ ᠲᠦᠷᠦᠯ ᠵᠦᠢᠯ ᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠲᠣᠮᠣ ᠰᠢᠨᠵᠢᠯᠡᠬᠦ ᠤᠬᠠᠭᠠᠨ ᠤ ᠲᠣᠨᠣᠭᠯᠠᠯ ᠪᠠ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠲᠥᠪ᠂ ᠰᠢᠨᠵᠢᠯᠡᠬᠦ ᠤᠬᠠᠭᠠᠨ ᠤ ᠠᠵᠢᠭᠯᠠᠯᠲᠠ ᠰᠤᠳᠤᠯᠭᠠᠨ ᠤ ᠦᠷᠳᠡᠭᠡ ᠵᠡᠷᠭᠡ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ᠃ ᠠᠮᠢ ᠠᠬᠤᠢ ᠶᠢᠨ ᠪᠣᠯᠪᠠᠰᠤᠨ ᠤ ᠬᠦᠷᠢᠶᠡᠨ ᠳᠠᠬᠢ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠣᠷᠴᠢᠨ ᠲᠣᠭᠤᠷᠢᠨ ᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠨ᠎ᠡ᠃ ᠳᠡᠭᠡᠳᠦ ᠳᠡᠰ ᠳᠠᠪᠬᠤᠷᠭ᠎ᠠ ᠶᠢᠨ ᠠᠮᠢ ᠠᠬᠤᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢᠲᠠᠨ ᠤ ᠢᠨᠵᠧᠨᠧᠷᠢᠩ  ᠢ ᠬᠡᠷᠡᠭᠵᠢᠭᠦᠯᠵᠦ᠂ ᠨᠢᠭᠡᠨ ᠰᠠᠯᠠᠭ᠎ᠠ ᠥᠨᠳᠥᠷ ᠲᠦᠪᠰᠢᠨ ᠪᠦᠬᠦᠢ ᠠᠮᠢ ᠠᠬᠤᠢ ᠣᠷᠴᠢᠨ ᠲᠣᠭᠤᠷᠢᠨ  ᠤ ᠴᠢᠳᠠᠪᠤᠷᠢᠲᠠᠨ  ᠤ ᠡᠩᠨᠡᠭᠡ  ᠶᠢ ᠬᠥᠮᠥᠵᠢᠭᠦᠯᠦᠨ ᠪᠤᠢ ᠪᠣᠯᠭᠠᠨ᠎ᠠ᠃    ︵ᠬᠤᠷᠢᠨ ᠳᠣᠯᠤᠭ᠎ᠠ︶ ᠳ᠋ᠠᠶᠢᠲ᠋ᠠ ᠪᠠᠷ ᠡᠨᠧᠷᠭᠢ ᠣᠯᠭᠤᠬᠤ ᠶᠢ ᠲᠦᠷᠭᠡᠳᠬᠡᠨ᠎ᠡ᠃ ᠵᠣᠬᠢᠶᠠᠮᠠᠯ ᠣᠶᠤᠨ ᠴᠢᠳᠠᠪᠤᠷᠢ ᠵᠡᠷᠭᠡ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡ ᠶᠢ ᠭᠦᠨᠵᠡᠭᠡᠶᠢᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠲᠣᠭᠠᠴᠢᠯᠠᠭᠰᠠᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠪᠣᠬᠢᠷᠳᠤᠯ ᠦᠭᠡᠢ ᠣᠶᠤᠨᠴᠢ ᠲᠣᠭᠠᠴᠢᠯᠠᠭᠰᠠᠨ ᠠᠮᠢ ᠠᠬᠤᠢ ᠶᠢᠨ ᠪᠣᠯᠪᠠᠰᠤᠨ ᠢ ᠪᠠᠶᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠲᠥᠪᠯᠡᠷᠡᠭᠦᠯᠦᠨ ᠬᠠᠮᠲᠤ ᠪᠠᠷ ᠡᠳ᠋ᠯᠡᠬᠦ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠴᠢᠩᠭᠠᠳᠬᠠᠨ᠎ᠠ᠃ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠭᠲᠠᠷᠭᠤᠢ ᠭᠠᠵᠠᠷ ᠳᠠᠯᠠᠶ ᠶᠢ ᠨᠢᠭᠡ ᠴᠣᠭᠴᠠᠵᠢᠭᠤᠯᠤᠨ  ᠬᠢᠨᠠᠨ ᠬᠡᠮᠵᠢᠬᠦ ᠲᠣᠣᠷ ᠢ ᠪᠦᠷᠢᠨᠰᠢᠭᠦᠯᠦᠨ᠂ ᠠᠮᠢ ᠠᠬᠤᠢ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠳᠠᠭᠠᠭᠤᠯᠢ ᠣᠳᠣᠨ ᠤ ᠳᠠᠭᠠᠭᠠᠴᠠ ᠶᠢ ᠰᠤᠳᠤᠯᠤᠨ ᠨᠡᠭᠡᠭᠡᠬᠦ ᠶᠢ ᠠᠬᠢᠭᠤᠯᠤᠨ᠎ᠠ᠃ ᠬᠦᠯᠡᠮᠵᠢ ᠶᠢᠨ ᠬᠡᠢ ᠪᠡᠶᠡᠲᠦ᠂ ᠭᠠᠵᠠᠷ ᠳᠣᠣᠷᠠᠬᠢ ᠤᠰᠤ᠂ ᠰᠢᠨ᠎ᠡ ᠪᠣᠬᠢᠷᠳᠤᠯ ᠪᠣᠳᠠᠰ᠂ ᠱᠤᠤᠭᠢᠶᠠᠨ᠂ ᠳᠠᠯᠠᠢ ᠲᠠᠩᠭᠢᠰ᠂ ᠰᠠᠴᠤᠷᠠᠭ᠂ ᠬᠥᠳᠡᠭᠡ ᠲᠣᠰᠬᠤᠨ ᠤ ᠣᠷᠴᠢᠨ ᠲᠣᠭᠤᠷᠢᠨ ᠵᠡᠷᠭᠡ ᠶᠢ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠶᠢ ᠬᠠᠮᠵᠢᠯᠴᠠᠨ ᠬᠢᠨᠠᠨ ᠬᠡᠮᠵᠢᠬᠦ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠣᠷᠴᠢᠨ ᠲᠣᠭᠤᠷᠢᠨ ᠤ ᠬᠠᠤᠯᠢ ᠶᠢ ᠰᠠᠬᠢᠬᠤ ᠠᠵᠢᠯᠯᠠᠭ᠎ᠠ ᠶᠢ ᠬᠡᠷᠡᠭᠵᠢᠭᠦᠯᠦᠨ᠂ ᠪᠣᠬᠢᠷᠳᠤᠯ ᠪᠣᠳᠠᠰ ᠭᠠᠳᠠᠭᠰᠢᠯᠠᠭᠤᠯᠬᠤ ᠨᠢᠭᠡᠴᠢ ᠶᠢᠨ ᠲᠦᠷᠦᠯ ᠬᠤᠪᠢᠶᠠᠭᠰᠠᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠲᠤᠬᠠᠢ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠦᠯᠲᠡ ᠶᠢ ᠶᠡᠭᠡ ᠪᠠᠷ ᠬᠡᠷᠡᠭᠵᠢᠭᠦᠯᠦᠨ᠂ ᠣᠶᠤᠨᠴᠢ ᠬᠠᠤᠯᠢ ᠬᠡᠷᠡᠭᠵᠢᠭᠦᠯᠬᠦ  ᠰᠢᠰᠲ᠋ᠧᠮ ᠢ ᠲᠦᠷᠭᠡᠳᠬᠡᠨ ᠪᠤᠢ ᠪᠣᠯᠭᠠᠨ᠎ᠠ᠃    ︵ᠬᠤᠷᠢᠨ ᠨᠠᠢᠮᠠ︶ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠪᠣᠬᠢᠷᠳᠤᠯ ᠢ ᠪᠠᠭᠠᠰᠬᠠᠵᠤ ᠨᠡᠭᠦᠷᠡᠰᠦᠳᠦᠷᠦ᠋ᠭᠴᠢ ᠶᠢ ᠪᠠᠭᠤᠷᠠᠭᠤᠯᠬᠤ ᠬᠠᠮᠵᠢᠯᠴᠠᠭᠠᠨ ᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠡᠨᠧᠷᠭᠢ ᠶᠢᠨ ᠪᠦᠲᠦᠴᠡ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠰᠢᠯᠵᠢᠮᠡᠯ ᠢᠷᠡᠯᠲᠡ ᠶᠢ ᠴᠡᠪᠡᠷᠰᠢᠭᠦᠯᠬᠦ᠂ ᠭᠤᠣᠯᠳᠠᠯᠭ᠎ᠠ ᠲᠠᠢ ᠠᠵᠢᠯ ᠲᠥᠷᠥᠯ ᠢ ᠪᠣᠬᠢᠷᠳᠤᠯ ᠦᠭᠡᠶᠢᠵᠢᠭᠦᠯᠭᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠷᠭᠢᠯᠳᠦᠭᠦᠯᠦᠨ ᠭᠡᠯᠪᠡᠷᠢ ᠪᠠᠨ ᠬᠤᠪᠢᠷᠠᠭᠤᠯᠬᠤ ᠵᠡᠷᠭᠡ ᠶᠢ ᠳᠡᠮᠵᠢᠨ᠎ᠡ᠃ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠴᠢᠬᠤᠯᠠ ᠭᠤᠣᠯ ᠮᠥᠷᠡᠨ ᠨᠠᠭᠤᠷ ᠲᠠᠩᠭᠢᠰ ᠪᠤᠯᠤᠩ ᠢ ᠶᠡᠷᠦᠩᠬᠡᠶᠢᠯᠡᠨ ᠵᠠᠰᠠᠬᠤ᠂ ᠬᠥᠷᠥᠰᠥ ᠰᠢᠷᠣᠢ ᠶᠢᠨ ᠪᠣᠬᠢᠷᠳᠤᠯ ᠤᠨ ᠡᠬᠢ ᠰᠤᠷᠪᠤᠯᠵᠢ ᠶᠢ ᠰᠡᠷᠭᠡᠶᠢᠯᠡᠨ ᠡᠵᠡᠮᠳᠡᠬᠦ᠂ ᠠᠶᠤᠯᠲᠠᠢ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠰᠢᠨ᠎ᠡ ᠪᠣᠬᠢᠷᠳᠤᠯ ᠪᠣᠳᠠᠰ ᠢ ᠵᠠᠰᠠᠬᠤ ᠵᠡᠷᠭᠡ ᠶᠢ ᠲᠡᠮᠵᠢᠨ᠎ᠠ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠭᠤᠣᠯᠳᠠᠯᠭ᠎ᠠ ᠲᠠᠢ ᠭᠠᠵᠠᠷ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠡᠷᠭᠡ ᠶᠢ ᠳᠡᠮᠵᠢᠨ᠎ᠡ᠃ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠬᠤᠲᠠ ᠬᠥᠳᠡᠭᠡ ᠪᠠ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠲᠥᠬᠦᠭᠡᠷᠦᠮᠵᠢ᠂ ᠠᠮᠢ ᠠᠬᠤᠢ ᠣᠷᠴᠢᠨ ᠲᠣᠭᠤᠷᠢᠨ ᠤ ᠣᠶᠤᠨᠴᠢ ᠮᠡᠳᠡᠷᠡᠮᠵᠢ ᠪᠠ ᠬᠢᠨᠠᠨ ᠬᠡᠮᠵᠢᠵᠦ ᠬᠠᠤᠯᠢ ᠬᠡᠷᠡᠭᠵᠢᠭᠦᠯᠵᠦ ᠪᠠᠴᠢᠮ ᠪᠠᠶᠢᠳᠠᠯ ᠢ ᠠᠷᠭᠠᠴᠠᠭᠠᠬᠤ᠂ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠶᠢ ᠳᠠᠮᠵᠢᠨ᠎ᠠ᠃    ︵ᠬᠤᠷᠢ ᠶᠢᠰᠦ︶ ᠪᠦᠭᠦ ᠪᠥᠮᠪᠥᠷᠴᠡᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠠᠮᠲᠤ ᠪᠠᠷ ᠰᠦᠪᠡᠭᠴᠢᠯᠡᠨ᠎ᠡ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ ᠬᠠᠮᠲᠤ ᠶᠢᠨ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠲᠥᠪ ᠭᠤᠣᠯᠴᠢ ᠵᠦᠢ ᠵᠣᠬᠢᠰᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠦᠭᠦ ᠪᠥᠮᠪᠥᠷᠴᠡᠭ ᠤᠨ ᠣᠷᠴᠢᠨ ᠲᠣᠭᠤᠷᠢᠨ ᠠᠭᠤᠷ ᠠᠮᠢᠰᠬᠤᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠲᠠᠯᠠᠢ ᠲᠠᠩᠭᠢᠰ ᠤᠨ ᠪᠣᠬᠢᠷᠳᠤᠯ ᠢ ᠵᠠᠰᠠᠬᠤ᠂ ᠴᠥᠮ᠎ᠡ ᠶᠢᠨ ᠠᠮᠤᠷ ᠲᠦᠪᠰᠢᠨ ᠵᠡᠷᠭᠡ ᠬᠦᠷᠢᠶᠡᠨ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠬᠢᠷᠳᠤᠯ ᠦᠭᠡᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃    ᠠᠷᠪᠠ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ    ︵ᠭᠤᠴᠢ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠵᠢᠯᠣᠭᠤᠳᠤᠨ ᠱᠠᠯᠠᠪᠳᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠦᠷᠢᠮ ᠢ ᠰᠤᠳᠤᠯᠤᠨ ᠲᠣᠭᠲᠠᠭᠠᠨ᠎ᠠ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠭᠦᠨᠵᠡᠭᠡᠢ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠭᠤᠣᠯᠳᠠᠯᠭ᠎ᠠ ᠪᠣᠯᠭᠠᠨ᠎ᠠ᠃ ᠠᠮᠢ ᠠᠬᠤᠢ ᠣᠷᠴᠢᠨ ᠲᠣᠭᠤᠷᠢᠨ ᠤ ᠰᠡᠷᠡᠮᠵᠢᠯᠡᠭᠦᠯᠭᠦ ᠹᠢᠯᠢᠮ ᠢ ᠦᠷᠭᠦᠯᠵᠢᠯᠡᠨ ᠰᠡᠭᠦᠳᠡᠷᠯᠡᠨ ᠦᠢᠯᠡᠳᠦᠨ᠎ᠡ᠃ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠢ ᠲᠣᠭᠲᠠᠭᠠᠵᠤ᠂ ᠪᠦᠭᠦ ᠲᠠᠯ᠎ᠠ ᠶᠢ ᠬᠠᠮᠤᠷᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠱᠠᠩᠨᠠᠵᠤ ᠲᠣᠷᠭᠠᠬᠤ ᠲᠣᠳᠣᠷᠬᠠᠢ᠂ ᠭᠤᠭᠴᠤᠭ᠎ᠠ ᠪᠦᠭᠦᠨ ᠢ ᠬᠤᠯᠪᠣᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠡᠭᠦᠷᠭᠡ ᠪᠣᠯᠭᠠᠨ ᠠᠳᠬᠤᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠨ᠎ᠡ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠤᠯᠢ ᠲᠣᠭᠲᠠᠭᠠᠬᠤ ᠠᠵᠢᠯ ᠪᠠ ᠬᠠᠤᠯᠢ ᠴᠠᠭᠠᠵᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠰᠬᠠᠢ ᠰᠡᠳᠦᠪ ᠢᠶᠠᠷ ᠵᠥᠪᠯᠡᠬᠦ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠣᠨ ᠤ ᠠᠵᠢᠯ ᠢ ᠠᠬᠢᠭᠤᠯᠤᠭᠰᠠᠨ ᠪᠠᠶᠢᠳᠠᠯ ᠢᠶᠠᠨ ᠠᠮᠢ ᠠᠬᠤᠢ ᠣᠷᠴᠢᠨ ᠲᠣᠭᠤᠷᠢᠨ ᠤ ᠶᠠᠮᠤᠨ ᠳᠤ ᠪᠢᠴᠢᠭ ᠢᠶᠠᠷ ᠬᠦᠷᠭᠡᠵᠦ᠂ ᠬᠤᠷᠢᠶᠠᠩᠭᠤᠶᠢᠯᠠᠭᠰᠠᠨ ᠤ ᠳᠠᠷᠠᠭ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ᠎ᠡ᠃    ︵ᠭᠤᠴᠢᠨ ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠦᠷᠢᠶ᠎ᠡ ᠬᠤᠪᠢᠶᠠᠭᠰᠠᠨ ᠠᠵᠢᠯᠯᠠᠭᠠᠨ ᠤ ᠲᠥᠰᠥᠯ ᠢ ᠲᠣᠭᠲᠠᠭᠠᠵᠤ᠂ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠰᠢᠰᠲ᠋ᠧᠮ ᠪᠠ ᠠᠬᠢᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠲᠦᠷᠭᠡᠳᠬᠡᠨ ᠪᠦᠷᠢᠯᠳᠦᠭᠦᠯᠵᠦ᠂ ᠡᠭᠦᠷᠭᠡ ᠶᠢ ᠲᠥᠷᠥᠯ ᠵᠦᠶᠯᠵᠢᠭᠦᠯᠭᠦ᠂ ᠨᠠᠷᠢᠨ ᠳᠠᠩᠰᠠᠵᠢᠭᠤᠯᠬᠤ᠂ ᠬᠠᠷᠢᠭᠤᠴᠠᠯᠭᠠᠵᠢᠭᠤᠯᠬᠤ ᠶᠢ ᠠᠬᠢᠭᠤᠯᠤᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠲᠣᠬᠢᠷᠠᠭᠤᠯᠤᠨ ᠦᠨᠡᠯᠡᠨ ᠵᠢᠱᠢᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠷᠣᠨ ᠬᠤᠪᠢᠶᠠᠨ ᠵᠠᠰᠠᠵᠤ᠂ ᠨᠠᠷᠢᠯᠢᠭᠵᠢᠭᠤᠯᠤᠨ ᠪᠠᠶᠢᠭᠤᠯᠬᠤ ᠬᠡᠷᠡᠭᠲᠡᠢ᠃ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠵᠢ ᠪᠦᠷᠢᠳᠦᠭᠰᠡᠨ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠲᠣᠭᠲᠠᠭᠠᠪᠠᠯ ᠵᠣᠬᠢᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠢᠶᠠᠨ ᠵᠣᠯᠭᠠᠭᠤᠯᠬᠤ ᠶᠢ ᠴᠢᠩᠭᠠᠳᠬᠠᠵᠤ᠂ ᠠᠶᠢᠵᠠᠮ ᠪᠣᠯᠣᠨ ᠡᠷᠴᠢᠮ ᠢᠶᠠᠨ ᠰᠠᠶᠢᠲᠤᠷ ᠡᠵᠡᠮᠳᠡᠵᠦ᠂ ᠵᠣᠬᠢᠴᠠᠭᠤᠯᠤᠨ ᠠᠬᠢᠭᠤᠯᠵᠤ᠂ ᠬᠠᠷᠢᠯᠴᠠᠨ ᠳᠠᠶᠢᠴᠢᠯᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠢᠨᠵᠧᠨᠧᠷᠢᠩ ᠳᠠᠬᠢ ᠡᠳ᠋ ᠤᠨ ᠵᠠᠰᠠᠭ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ᠂ ᠦᠨ᠎ᠡ ᠬᠠᠩᠰᠢ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃    ︵ᠭᠤᠴᠢᠨ ᠬᠤᠶᠠᠷ︶ ᠤᠬᠠᠭᠤᠯᠤᠨ ᠳᠡᠯᠭᠡᠷᠡᠭᠦᠯᠬᠦ ᠶᠢ ᠴᠢᠩᠭᠠᠷᠠᠭᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠤᠨᠤᠯ ᠤᠨ ᠰᠤᠳᠤᠯᠭᠠᠨ᠂ ᠰᠤᠷᠤᠯᠴᠠᠯᠭ᠎ᠠ ᠤᠬᠠᠭᠤᠯᠭ᠎ᠠ᠂ ᠳᠦᠷᠢᠮ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠳᠡᠯᠭᠡᠷᠡᠭᠦᠯᠦᠯᠲᠡ ᠪᠠ ᠳᠡᠯᠡᠬᠡᠢ ᠶᠢᠨ ᠳᠠᠮᠵᠢᠭᠤᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠬᠥᠮᠦᠵᠢᠯ ᠢ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠬᠤ ᠶᠢ ᠠᠬᠢᠭᠤᠯᠤᠨ᠎ᠠ᠃ ᠪᠦᠭᠦ ᠤᠯᠤᠰ ᠤᠨ ᠠᠮᠢ ᠠᠬᠤᠢ ᠶᠢᠨ ᠡᠳᠦᠷ᠂ ᠣᠷᠴᠢᠨ ᠲᠣᠭᠤᠷᠢᠨ ᠤ ᠡᠳᠦᠷ ᠵᠡᠷᠭᠡ ᠣᠯᠠᠨ ᠵᠦᠢᠯ ᠤᠨ ᠭᠡᠯᠪᠡᠷᠢ ᠪᠠᠷ ᠳᠠᠮᠵᠢᠭᠤᠯᠤᠨ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠶᠢ ᠴᠢᠩᠭᠠᠳᠬᠠᠨ᠎ᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠠᠭᠠᠨ ᠭᠠᠳᠠᠷᠲᠤ ᠪᠢᠴᠢᠭ ᠢ ᠨᠡᠶᠢᠲᠡᠯᠡᠨ᠎ᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ  ᠤᠨ ᠪᠦᠲᠦᠭᠡᠨ ᠪᠠᠶᠢᠭᠤᠯᠤᠯᠲᠠ  ᠶᠢᠨ ᠳᠤᠮᠳᠠ ᠢᠯᠡᠳᠲᠡ ᠠᠮᠵᠢᠯᠲᠠ ᠣᠯᠵᠤ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠨᠢᠭᠡᠴᠢ ᠪᠠ ᠬᠤᠪᠢ ᠬᠥᠮᠥᠨ  ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠨ᠎ᠠ᠃    ︵ᠭᠤᠴᠢᠨ ᠭᠤᠷᠪᠠ︶ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠥᠷᠨᠢᠭᠦᠯᠦᠨ᠎ᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠢᠨᠠᠨ ᠬᠡᠮᠵᠢᠵᠦ ᠦᠨᠡᠯᠡᠬᠦ ᠠᠵᠢᠯ ᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠠᠬᠢᠴᠠ ᠶᠢ ᠦᠨᠡᠯᠡᠨ ᠵᠢᠱᠢᠨ᠎ᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠵᠢᠭᠠᠯᠲᠠ ᠲᠤᠭ᠎ᠠ ᠶᠢᠨ ᠰᠢᠰᠲ᠋ᠧᠮ ᠢ ᠰᠤᠳᠤᠯᠤᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠠᠷᠭ᠎ᠠ ᠶᠢ ᠲᠣᠭᠲᠠᠭᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠴᠠᠭ  ᠲᠤᠨᠢ ᠲᠣᠬᠢᠷᠠᠭᠤᠯᠤᠨ ᠰᠢᠯᠵᠢᠭᠦᠯᠵᠦ᠂ ᠬᠢᠨᠠᠨ ᠰᠢᠯᠭᠠᠬᠤ ᠠᠵᠢᠯ ᠢ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠦᠷᠦᠭᠦᠯᠡᠨ ᠵᠣᠬᠢᠶᠠᠨ ᠪᠠᠶᠢᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠬᠤᠯᠪᠣᠭᠳᠠᠯ ᠪᠦᠬᠦᠢ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ᠂ ᠱᠠᠩᠨᠠᠬᠤ ᠵᠠᠯᠬᠠᠭᠠᠬᠤ ᠲᠣᠮᠢᠯᠠᠬᠤ ᠪᠠᠭᠤᠯᠭᠠᠬᠤ ᠶᠢᠨ ᠴᠢᠬᠤᠯᠠ ᠯᠠᠪᠯᠠᠯᠲᠠ ᠪᠣᠯᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号