ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/3/4
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠪᠠ᠃ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃    ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠠᠬᠤᠢ ᠰᠤᠳᠤᠯᠬᠤ ᠭᠠᠵᠠᠷ ᠤᠨ ᠳᠠᠷᠤᠭ᠎ᠠ ᠬᠤᠸᠠᠩ ᠴᠢᠶᠦ᠋ᠨ ᠬᠤᠢ ᠤᠷᠢᠯᠭ᠎ᠠ ᠪᠠᠷ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃    ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠪᠠᠶᠠᠯᠢᠭ ᠠᠭᠤᠯᠤᠭᠳᠠᠬᠤᠨ᠂ ᠴᠢᠬᠤᠯᠠ ᠶᠡᠭᠡ ᠠᠴᠢ ᠬᠤᠯᠪᠣᠭᠳᠠᠯ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠂ ᠡᠨᠡ ᠪᠣᠯ ᠪᠢᠳᠡᠨ ᠤ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠦᠴᠦ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ︽ᠤᠯᠤᠰ ᠤᠨ ᠠᠩᠭᠢ︾ ᠶᠢ ᠪᠤᠵᠠᠭᠠᠶᠢᠷᠠᠭᠤᠯᠵᠤ᠂ ︽ᠣᠷᠣᠨ ᠨᠤᠲᠤᠭ ᠤᠨ ᠠᠩᠭᠢ︾ ᠶᠢ ᠬᠦᠴᠦᠷᠬᠡᠭᠵᠢᠭᠦᠯᠵᠦ᠂ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠤᠨ ᠲᠣᠣᠷ ᠢ ᠰᠠᠶᠢᠲᠤᠷ ᠠᠰᠢᠭᠯᠠᠬᠤ ᠬᠡᠷᠡᠭᠲᠡᠢ᠃ ᠬᠤᠶᠠᠷ ᠲᠤ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ ᠪᠣᠬᠢᠷᠳᠤᠯ ᠦᠭᠡᠢ ᠬᠥᠭᠵᠢᠯᠲᠡ ᠶᠢᠨ ᠲᠠᠯ᠎ᠠ ᠪᠠᠷ ᠬᠦᠴᠦ ᠲᠠᠯᠪᠢᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ︽ᠪᠣᠬᠢᠷᠳᠤᠯ ᠦᠭᠡᠢ ᠴᠠᠭᠢᠯᠭᠠᠨ︾ ᠤ ᠳᠠᠪᠠᠭᠤᠯᠢᠭ ᠢ ᠰᠠᠶᠢᠲᠤᠷ ᠠᠰᠢᠭᠯᠠᠵᠤ᠂ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳᠥᠷᠪᠡ ᠳᠤ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ︽1 + 7︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂  ᠲᠡᠷᠢᠭᠦᠨ ᠤ ᠦᠢᠯᠡᠳᠬᠦ ᠦᠢᠯᠡᠰ ᠤᠨ 13 ᠪᠦᠯᠦᠭᠵᠢᠯ ᠢ ᠨᠠᠷᠢᠨ ᠨᠢᠮᠪᠠᠢ ᠴᠣᠭᠴᠠᠯᠠᠵᠤ᠂ ᠥᠪᠥᠷ ᠮᠣᠩᠭᠤᠯ ᠤᠨ ᠣᠨᠴᠠᠯᠢᠭ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠡᠢ᠃     ᠸᠠᠩ ᠯᠢ ᠰᠢᠶᠠ᠂ ᠡᠯ᠎ᠡ ᠱᠠᠲᠤᠨ ᠤ ᠤᠳᠤᠷᠢᠳᠬᠤ ᠺᠠᠳ᠋ᠷ ︽ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢᠨ ᠲᠣᠭᠤᠷᠢᠨ ᠳᠤ ᠰᠤᠷᠤᠯᠴᠠᠬᠤ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠ ᠴᠢᠳᠠᠪᠤᠷᠢ ᠪᠠᠨ ᠴᠠᠭ ᠦᠶ᠎ᠡ ᠶᠢᠨ ᠠᠯᠬᠤᠭ᠎ᠠ ᠪᠠ ᠠᠵᠢᠯ ᠦᠢᠯᠡᠰ ᠤᠨ ᠬᠡᠷᠡᠭᠴᠡᠭᠡ ᠳᠤ ᠨᠡᠶᠢᠴᠡᠭᠦᠯᠬᠦ ᠭᠡᠷᠡᠭᠲᠡᠢ᠃ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠰᠡᠳᠬᠢᠬᠦᠢ ᠪᠠᠷ ᠠᠵᠢᠯ ᠢᠶᠠᠨ ᠥᠷᠨᠢᠭᠦᠯᠬᠦ ᠭᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠥᠭᠡᠷᠡᠴᠢᠯᠡᠯᠲᠡ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ᠂ ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠬᠦ ᠭᠡᠷᠡᠭᠲᠡᠶ᠃ ᠨᠡᠭᠡᠭᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠢᠳᠡᠪᠬᠢᠲᠡᠢ ᠠᠭᠤᠰᠤᠯᠴᠠᠬᠤ ᠭᠡᠷᠡᠭᠲᠡᠶ᠃ ᠴᠢᠳᠠᠪᠤᠷᠢᠲᠠᠨ ᠢ ᠴᠢᠬᠤᠯᠠᠴᠢᠯᠠᠬᠤ ᠴᠢᠳᠠᠪᠤᠷᠢᠲᠠᠨ ᠢ ᠬᠠᠶᠢᠷᠠᠯᠠᠬᠤ ᠤᠬᠠᠮᠰᠠᠷ ᠢᠶᠠᠨ ᠴᠢᠩᠭᠠᠳᠬᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠥᠮᠥᠵᠢᠭᠦᠯᠬᠦ ᠦᠯᠡᠳᠡᠭᠡᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠣᠨᠴᠠᠭᠠᠢ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠰᠤᠯᠠ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号