ᠮᠠᠨ ᠤ ᠣᠷᠣᠨ ᠨᠡᠶᠢᠳᠡᠮ ᠤᠨ ᠬᠡᠷᠡᠭᠯᠡᠭᠡᠨ ᠤ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢ ᠠᠬᠢᠭᠤᠯᠬᠤ 23 ᠵᠤᠷᠪᠤᠰ ᠠᠷᠭ᠎ᠠ ᠬᠡᠮᠵᠢᠶ᠎ᠡ ᠶᠢ ᠨᠡᠶᠢᠲᠡᠯᠡᠵᠡᠢ
ᠨᠡᠶᠢᠲᠡᠯᠡᠭᠰᠡᠨ ᠴᠠᠭ᠄
2024/3/5
    ᠤᠶᠢᠷ᠎ᠠ ᠳᠤ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠳᠦᠷᠪᠡᠨ ᠰᠠᠯᠠᠭ᠎ᠠ ᠮᠦᠴᠢᠷ ᠬᠠᠮᠳᠤᠷᠠᠨ 23 ᠵᠤᠷᠪᠤᠰ ᠠᠭᠤᠯᠭ᠎ᠠ ᠪᠦᠬᠦᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠶᠢᠳᠡᠮ ᠤᠨ ᠬᠡᠷᠡᠭᠯᠡᠭᠡᠨ ᠤ ᠵᠤᠬᠢᠶᠠᠮᠠᠯ ᠤᠶᠤᠨ ᠴᠢᠳᠠᠪᠤᠷᠢ ᠶᠢᠨ ᠬᠦᠭᠵᠢᠯᠳᠡ ᠶᠢ ᠠᠬᠢᠭᠤᠯᠬᠤ ᠠᠷᠭ᠎ᠠ ᠬᠡᠮᠵᠢᠶ᠎ᠠ ᠨᠦᠭᠦᠳ︾ ᠢ ᠨᠡᠶᠢᠳᠡᠯᠡᠪᠡ᠃     ᠤᠶᠢᠯᠠᠭᠠᠭᠰᠠᠨ ᠢᠶᠠᠷ᠂ ᠤᠯᠤᠰ ᠤᠨ ᠰᠢᠨ᠎ᠠ ᠨᠢᠭᠡ ᠦᠶ᠎ᠠ ᠶᠢᠨ ᠵᠤᠬᠢᠶᠠᠮᠠᠯ ᠤᠶᠤᠨ ᠴᠢᠳᠠᠪᠤᠷᠢ ᠶᠢ ᠬᠦᠭᠵᠢᠭᠦᠯᠬᠦ ᠰᠶᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠪᠤᠳᠤᠯᠭ᠎ᠠ ᠶᠢᠨ ᠴᠢᠳᠠᠪᠤᠷᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠨᠡᠶᠢᠳᠡᠮ ᠤᠨ ᠬᠡᠷᠡᠭᠯᠡᠭᠡᠨ ᠤ ᠵᠤᠬᠢᠶᠠᠮᠠᠯ ᠤᠶᠤᠨ ᠴᠢᠳᠠᠪᠤᠷᠢ ᠶᠢᠨ ᠬᠦᠭᠵᠢᠯᠳᠡ ᠶᠢᠨ ᠠᠵᠠ ᠳᠤᠬᠢᠶᠠᠯ ᠢ ᠠᠮᠵᠢᠨ ᠠᠳᠬᠤᠵᠤ᠂ ᠮᠠᠨ ᠤ ᠤᠷᠤᠨ ᠤ ᠨᠡᠶᠢᠳᠡᠮ ᠤᠨ ᠬᠡᠷᠡᠭᠯᠡᠭᠡᠨ ᠤ ᠵᠤᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠤᠨ ᠳᠦᠷᠭᠡᠨ ᠬᠦᠭᠵᠢᠯᠳᠡ ᠪᠠ ᠭᠦᠨᠵᠡᠭᠡᠢ ᠠᠰᠢᠭᠯᠠᠯᠳᠠ ᠶᠢ ᠠᠬᠢᠭᠤᠯᠬᠤ ᠶᠢᠨ ᠲᠦᠯᠦᠭᠡ ᠡᠳᠡᠭᠡᠷ ᠠᠷᠭ᠎ᠠ ᠬᠡᠮᠵᠢᠶ᠎ᠠ ᠨᠦᠭᠦᠳ ᠢ ᠳᠤᠭᠳᠠᠭᠠᠵᠠᠢ᠃ ᠡᠭᠦᠨ ᠳᠤ᠂ ᠪᠤᠳᠤᠯᠭ᠎ᠠ ᠶᠢᠨ ᠴᠢᠳᠠᠪᠤᠷᠢ ᠬᠠᠩᠭᠠᠬᠤ ᠴᠢᠳᠠᠪᠤᠷᠢ ᠶᠢ ᠴᠢᠩᠭᠠᠳᠬᠠᠬᠤ᠂ ᠲᠤᠭ᠎ᠠ ᠪᠠᠷᠢᠮᠳᠠ ᠬᠠᠩᠭᠠᠬᠤ ᠲᠦᠪᠰᠢᠨ ᠢ ᠳᠡᠭᠡᠭᠰᠢᠯᠡᠭᠦᠯᠬᠦ᠂ ᠮᠡᠷᠭᠡᠵᠢᠯ ᠤᠨ ᠰᠤᠳᠤᠯᠭᠠᠨ ᠳᠤ ᠢᠳᠡᠪᠬᠢᠳᠠᠢ ᠤᠷᠤᠯᠴᠠᠬᠤ᠂ ᠰᠢᠨ᠎ᠠ ᠶᠢ ᠡᠭᠦᠳᠦᠭᠰᠡᠨ ᠬᠡᠷᠡᠭᠯᠡᠭᠡ ᠶᠢ ᠠᠬᠢᠭᠤᠯᠬᠤ᠂ ᠪᠠᠳᠤᠯᠠᠭ᠎ᠠ ᠬᠠᠩᠭᠠᠬᠤ ᠡᠷᠴᠢᠮ ᠢ ᠴᠢᠩᠭᠠᠷᠠᠭᠤᠯᠬᠤ ᠵᠡᠷᠭᠡ ᠳᠦᠷᠪᠡᠨ ᠲᠠᠯ᠎ᠠ ᠠᠴᠠ ᠳ᠋ᠠᠶᠢᠲ᠋ᠠ   ᠶᠢᠨ ᠲᠦᠪ ᠢ ᠵᠤᠬᠢᠬᠤ ᠬᠡᠮᠵᠢᠶ᠎ᠠ ᠪᠠᠷ ᠤᠷᠢᠳᠴᠢᠯᠠᠨ ᠪᠠᠶᠢᠭᠤᠯᠬᠤ ᠶᠢ ᠠᠬᠢᠭᠤᠯᠤᠨ᠎ᠠ︔ 400G ᠶᠢᠨ ᠴᠣᠯᠣ ᠭᠡᠷᠡᠯᠯᠢᠭ ᠰᠦᠯᠵᠢᠶ᠎ᠠ ᠶᠢᠨ ᠪᠠᠶᠢᠭᠤᠯᠤᠯᠳᠠ ᠶᠢ ᠳᠦᠷᠭᠡᠳᠭᠡᠨ᠎ᠠ︔ ᠤᠷᠤᠨ ᠪᠦᠰᠡ ᠠᠯᠤᠰᠯᠠᠨ ᠪᠤᠳᠤᠯᠭ᠎ᠠ ᠶᠢᠨ ᠴᠢᠳᠠᠪᠤᠷᠢ ᠶᠢᠨ ᠡᠬᠢ ᠪᠠᠶᠠᠯᠢᠭ ᠢ ᠬᠠᠮᠵᠢᠯᠴᠠᠨ ᠠᠰᠢᠭᠯᠠᠬᠤ ᠶᠢ ᠠᠬᠢᠭᠤᠯᠵᠤ᠂ ᠦᠪᠦᠷ ᠮᠤᠩᠭᠤᠯ ᠤᠨ ᠪᠤᠳᠤᠯᠭ᠎ᠠ ᠶᠢᠨ ᠴᠢᠳᠠᠪᠤᠷᠢ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠳᠠᠪᠴᠠᠩ ᠢ ᠰᠦᠪᠡᠭᠴᠢᠯᠠᠨ ᠪᠠᠶᠢᠭᠤᠯᠤᠨ᠎ᠠ︔ ᠦᠪᠡᠷᠳᠡᠭᠡᠨ ᠵᠠᠰᠠᠬᠤ ᠤᠷᠤᠨ ᠤ ᠳ᠋ᠠᠶᠢᠲ᠋ᠠ ᠶᠢᠨ ᠠᠷᠠᠯᠵᠢᠶᠠᠨ ᠤ ᠲᠦᠪ ᠤᠨ ᠪᠠᠶᠢᠭᠤᠯᠤᠯᠳᠠ   ᠶᠢ ᠲᠦᠷᠭᠡᠳᠭᠡᠵᠤ᠂ ᠳ᠋ᠠᠶᠢᠲ᠋ᠠ ᠶᠢᠨ ᠠᠷᠠᠯᠵᠢᠶᠠᠨ ᠤ ᠲᠦᠪ ᠲᠤ ᠲᠦᠰᠢᠭᠯᠡᠨ ᠲᠤᠭ᠎ᠠ ᠪᠠᠷᠢᠮᠳᠠ ᠤᠯᠤᠨ᠎ᠠ︔ ᠤᠯᠠᠨ ᠨᠡᠶᠢᠳᠡ ᠶᠢᠨ ᠬᠦᠨᠳᠡᠭᠦᠷ ᠲᠠᠢ ᠲᠤᠭ᠎ᠠ ᠪᠠᠷᠢᠮᠳᠠ ᠶᠢᠨ ᠴᠤᠭᠯᠠᠷᠠᠯ ᠤᠨ ᠪᠠᠶᠢᠭᠤᠯᠤᠯᠳᠠ ᠶᠢ ᠠᠬᠢᠭᠤᠯᠵᠤ᠂ ᠬᠦᠨᠳᠡᠭᠦᠷ ᠲᠠᠢ ᠲᠤᠭ᠎ᠠ ᠪᠠᠷᠢᠮᠳᠠ ᠶᠢ ᠨᠡᠭᠡᠭᠡᠨ ᠠᠰᠢᠭᠯᠠᠬᠤ ᠲᠦᠷᠦ ᠶᠢᠨ ᠪᠤᠳᠤᠯᠭ᠎ᠠ ᠶᠢᠨ ᠪᠠᠷᠢᠮᠵᠢᠶ᠎ᠠ ᠭᠠᠷᠭᠠᠨ᠎ᠠ︔ ᠠᠪᠢᠶ᠎ᠠ ᠶᠢ ᠢᠯᠭᠠᠨ ᠲᠠᠨᠢᠬᠤ᠂ ᠸᠢᠳᠢᠤ᠋ ᠶᠢ ᠢᠯᠭᠠᠨ ᠲᠠᠨᠢᠬᠤ ᠵᠡᠷᠭᠡ ᠰᠠᠭᠤᠷᠢ ᠬᠦᠷᠢᠶ᠎ᠠ ᠪᠤᠯᠤᠨ ᠠᠵᠤ ᠦᠢᠯᠡᠳᠪᠤᠷᠢ᠂ ᠡᠨᠧᠷᠬᠢ᠂ ᠰᠤᠷᠭᠠᠨ ᠬᠦᠮᠦᠵᠢᠯ᠂ ᠡᠮ ᠡᠮᠨᠡᠯᠭᠡ᠂ ᠴᠠᠭ ᠠᠭᠤᠷ᠂ ᠠᠮᠢᠳᠤ ᠪᠤᠳᠠᠰ ᠤᠨ ᠠᠨᠠᠭᠠᠬᠤ ᠤᠬᠠᠭᠠᠨ ᠡᠮᠴᠢᠯᠡᠭᠡᠨ᠂ ᠮᠠᠯ ᠠᠵᠤ ᠠᠬᠤᠢ ᠲᠠᠷᠢᠶᠠᠯᠠᠩ᠂ ᠵᠠᠮ ᠬᠠᠷᠢᠯᠴᠠᠭ᠎ᠠ ᠵᠡᠷᠭᠡ ᠠᠵᠢᠯ ᠲᠦᠷᠦᠯ ᠤᠨ ᠬᠦᠷᠢᠶ᠎ᠠ ᠴᠠᠷᠠᠭ᠎ᠠ ᠵᠢᠴᠢ ᠮᠤᠩᠭᠤᠯ ᠬᠡᠯᠡ ᠵᠡᠷᠭᠡ ᠰᠤᠶᠤᠯ ᠤᠨ ᠬᠦᠷᠢᠶ᠎ᠠ ᠴᠠᠷᠠᠭ᠎ᠠ ᠳᠤ ᠬᠠᠨᠳᠤᠭᠤᠯᠤᠨ᠂ ᠳ᠋ᠠᠶᠢᠲ᠋ᠠ ᠶᠢᠨ ᠢᠷᠡᠯᠳᠡ ᠶᠢ ᠭᠦᠨᠵᠡᠭᠡᠢ ᠠᠭᠤᠳᠠᠯᠵᠤ᠂ ᠴᠢᠨᠠᠷ ᠰᠠᠶᠢᠳᠠᠢ ᠵᠤᠬᠢᠶᠠᠮᠠᠯ ᠤᠶᠤᠨ ᠴᠢᠳᠠᠪᠤᠷᠢ ᠶᠢᠨ ᠰᠤᠷᠢᠯᠳᠠ ᠶᠢᠨ ᠡᠬᠢ ᠪᠠᠶᠠᠯᠢᠭ ᠤᠨ ᠬᠦᠮᠦᠷᠭᠡ᠂ ᠪᠠᠷᠢᠮᠵᠢᠶ᠎ᠠ ᠰᠢᠯᠭᠠᠨ ᠪᠠᠶᠢᠴᠠᠭᠠᠬᠤ ᠳ᠋ᠠᠶᠢᠲ᠋ᠠ ᠶᠢᠨ ᠬᠦᠮᠦᠷᠭᠡ ᠶᠢ ᠪᠠᠶᠢᠭᠤᠯᠤᠨ᠎ᠠ ᠬᠡᠬᠦ ᠵᠡᠷᠭᠡ ᠪᠤᠳᠠᠳᠠᠢ ᠠᠭᠤᠯᠭ᠎ᠠ ᠶᠢ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号