ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠳᠡᠭᠡᠷᠡᠬᠢ ᠶᠠᠷᠢᠶ᠎ᠠ | ︵2024 ᠣᠨ ᠤ 1 ᠰᠠᠷ᠎ᠠ ᠶᠢᠨ 2 ᠤᠨ ᠡᠳᠦᠷ︶ | ᠪᠠᠢ ᠬᠠᠢ ᠯᠢᠨ | | ᠨᠥᠬᠦᠳ ᠡ᠄ | ᠰᠠᠶ᠋ᠢ᠂ ᠬᠤᠸᠠᠩ ᠶᠠ ᠯᠢ ᠱᠦᠵᠢ 2023 ᠣᠨ ᠤ ᠡᠯ᠎ᠡ ᠵᠦᠢᠯ ᠤᠨ ᠠᠵᠢᠯ ᠢᠶᠠᠨ ᠪᠥᠬᠦ ᠲᠠᠯ᠎ᠠ ᠪᠠᠷ | ᠳ᠋ᠦᠩᠨᠡᠵᠦ᠂ ᠣᠳᠣᠬᠠᠨ ᠤ ᠪᠠᠶᠢᠳᠠᠯ ᠢ ᠰᠢᠰᠲ᠋ᠧᠮ ᠲᠠᠢ ᠵᠠᠳᠠᠯᠵᠤ᠂ ᠪᠥᠬᠦ ᠠᠶᠢᠮᠠᠭ ᠤᠨ ᠬᠥᠭᠵᠢᠯᠲᠡ ᠶᠢᠨ ᠰᠡᠳᠬᠢᠮᠵᠢ | ᠬᠠᠷᠠᠯᠲᠠ ᠶᠢ ᠲᠣᠳᠣᠷᠬᠠᠶ ᠳᠤᠷᠠᠳᠴᠤ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠬᠤ ᠴᠢᠬᠤᠯᠠ | ᠶᠡᠭᠡ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠶᠠᠷᠢᠪᠠ᠃ ᠪᠢᠳᠡ ᠨᠠᠷᠢᠨ ᠬᠢᠨᠠᠮᠠᠭᠠᠶ ᠣᠶᠢᠯᠠᠭᠠᠵᠤ᠂ | ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠶ᠃ ᠠᠳᠡ ᠪᠢ ᠭᠤᠷᠪᠠᠨ | ᠲᠠᠯ᠎ᠠ ᠶᠢᠨ ᠰᠠᠨᠠᠯ ᠢᠶᠠᠨ ᠶᠠᠷᠢᠶ᠎ᠠ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠳᠣᠣᠱᠯᠠᠭᠤᠯᠬᠤ ᠡᠬᠢᠯᠡᠯᠲᠡ ᠶᠢᠨ ᠵᠢᠯ ᠮᠥᠨ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠠᠬᠢᠴᠠ ᠭᠠᠷᠣᠭᠰᠠᠨ ᠪᠠ ᠠᠵᠤ | ᠠᠬᠤᠶ ᠰᠡᠷᠭᠦᠭᠰᠡᠨ ᠨᠢᠭᠡ ᠵᠢᠯ ᠮᠥᠨ᠂ ᠪᠠᠰᠠ ᠴᠤ ᠠᠯᠠᠱᠠ ᠶᠢᠨ ᠤᠷᠤᠭᠰᠢᠯᠠᠯᠲᠠ ᠶᠢᠨ ᠲᠡᠦᠬᠡᠨ ᠶᠠᠪᠤᠴᠠ ᠳᠠᠬᠢ | ᠲᠦᠢᠯ ᠤᠨ ᠣᠨᠴᠠᠭᠠᠶ᠂ ᠲᠦᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠪᠢᠳᠡ | ᠠᠶᠢᠮᠠᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠢ ᠴᠢᠷᠮᠠᠶᠢᠨ | ᠢᠯᠠᠨ ᠳᠠᠪᠠᠵᠤ᠂ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ | ᠰᠠᠭᠤᠷᠢ ᠶᠢ ᠪᠠᠬᠢᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ | ᠠᠬᠢᠭᠤᠯᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ | ᠨᠢᠭᠡ ᠳᠤ᠂ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠰᠠᠶᠢᠵᠢᠷᠠᠪᠠ᠃ ᠠᠵᠤ ᠠᠬᠤᠶ ᠶᠢ | ᠲᠣᠭᠲᠠᠪᠤᠷᠢᠵᠢᠭᠤᠯᠬᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ | ᠬᠡᠷᠡᠭᠯᠡᠵᠦ᠂ ᠪᠥᠬᠦ ᠵᠢᠯ ᠳᠤ 1.8 ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠨ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠨᠥᠬᠦᠪᠥᠷᠢ᠂ ᠭᠠᠶᠢᠯᠢ ᠶᠢᠨ ᠨᠣᠷᠮ᠎ᠠ ᠶᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ ᠠᠵᠤ ᠠᠬᠤᠶᠢᠯᠠᠯ ᠤᠨ ᠳᠠᠷᠤᠭᠠᠰᠤ ᠶᠢ 6659 ᠲᠦᠮᠡᠨ ᠲᠥᠭᠦᠷᠢᠭ ᠬᠥᠩᠭᠡᠷᠡᠭᠦᠯᠵᠦ᠂ ︽ᠳᠦᠷᠪᠡᠨ | ᠳᠡᠭᠡᠭᠰᠢᠬᠢ︾ ᠠᠵᠤ ᠠᠬᠤᠶᠢᠯᠠᠯ 43 ᠪᠣᠯᠵᠣ᠂ ᠵᠠᠬ᠎ᠠ ᠳᠡᠯᠭᠡᠭᠦᠷ ᠤᠨ ᠭᠤᠤᠯ ᠴᠣᠭᠴᠠ 8494 ᠨᠡᠮᠡᠭᠳᠡᠪᠡ᠃ | ᠭᠤᠣᠯᠳᠠᠯᠭ᠎ᠠ ᠲᠠᠢ ᠲᠥᠷᠥᠯ ᠵᠦᠢᠯ ᠢ 127 ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ 16.8% ᠪᠠᠷ | ᠨᠡᠮᠡᠭᠳᠡᠭᠦᠯᠦᠨ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ᠂ ᠠᠷᠠᠳ ᠤᠨ ᠪᠡᠯᠡ ᠣᠷᠣᠭᠤᠯᠤᠯᠲᠠ ᠶᠢ ᠲᠤᠰ | ᠲᠤᠰ 30% ᠪᠠ 20% ᠪᠠᠷ ᠨᠡᠮᠡᠭᠳᠡᠭᠦᠯᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠡᠷ᠎ᠡ ᠲᠣᠭᠲᠠᠭᠰᠠᠨ | ᠲᠥᠷᠥᠯ ᠵᠦᠢᠯ 68 ᠪᠠᠶᠢᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ 210 ᠳ᠋ᠦᠩᠰᠢᠭᠤᠷ ᠲᠥᠭᠦᠷᠢᠭ ᠬᠦᠷᠪᠡ᠃ | ᠵᠢᠱᠢᠯᠲᠡ ᠪᠠᠷ ᠪᠥᠬᠦ ᠠᠶᠢᠮᠠᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 3.5% ᠪᠠᠷ | ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 14% ᠪᠠᠷ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 3% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ 3% ᠪᠠᠷ ᠨᠡᠮᠡᠭᠳᠡᠨ᠎ᠡ᠃ | ᠬᠤᠶᠠᠷ ᠲᠤ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠪᠡ᠃ ᠲᠠᠷᠢᠮᠠᠯ ᠤᠨ ᠲᠠᠯᠠᠪᠠᠢ ᠶᠢ 50 ᠲᠦᠮᠡᠨ ᠮᠦ ᠣᠷᠴᠢᠮ ᠳᠤ ᠲᠣᠭᠲᠠᠪᠤᠷᠢᠵᠢᠭᠤᠯᠵᠤ᠂ ᠮᠠᠯ ᠤᠨ | ᠲᠤᠭ᠎ᠠ 113 ᠲᠦᠮᠡ ᠣᠷᠴᠢᠮ᠃ ᠣᠳᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠢ ᠡᠬᠢᠯᠡᠨ | ᠪᠠᠶᠢᠭᠤᠯᠵᠤ᠂ ᠢᠩᠭᠡᠨ ᠰᠦ ᠶᠢ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠬᠤ ᠶᠢ ᠠᠬᠢᠭᠤᠯᠵᠤ᠂ ᠢᠩᠭᠡᠨ ᠰᠦ ᠪᠠᠷ | ᠭᠤᠤᠯ ᠪᠣᠯᠭᠠᠭᠰᠠᠨ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠦᠷᠢᠯᠳᠦᠭᠦᠯᠵᠦ᠂ ᠪᠥᠬᠦ ᠠᠶᠢᠮᠠᠭ ᠤᠨ | ᠲᠦᠮᠡᠨ ᠲᠡᠮᠡᠭᠡᠨ ᠤ ᠨᠠᠶᠢᠷ ᠢ ᠠᠮᠵᠢᠯᠲᠠ ᠲᠠᠢ ᠡᠷᠭᠢᠯᠡᠪᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ 43 ᠬᠡᠷᠡᠭᠵᠢᠭᠦᠯᠵᠦ᠂ ᠪᠥᠸᠧ ᠶᠤᠸᠠᠨ | ᠪᠠᠶᠢᠭᠠᠯᠢ ᠶᠢᠨ ᠬᠤᠵᠢᠷ ᠤᠨ 3 ᠦᠢᠯᠡᠳᠪᠦᠷᠢᠯᠡᠯ ᠤᠨ ᠱᠤᠭᠤᠮ᠂ ᠬᠣ᠋ ᠮᠧᠩ ᠤᠨ 300 ᠲᠦᠮᠡᠨ ᠲᠣᠨ | ᠬᠡᠤᠷᠰᠢᠭᠦᠯᠬᠦ ᠪᠠ 40 ᠲᠦᠮᠡᠨ ᠲᠣᠨ ᠮᠧᠲ᠋ᠢᠯ ᠠᠯᠺᠣᠤᠯ᠂ ᠴᠢᠩ ᠬᠤᠸᠠ ᠶᠢᠨ 10 ᠲᠦᠮᠡᠨ ᠲᠣᠨ ᠮᠧᠲ᠋ᠢᠯ ᠠᠮᠢᠨ | ᠵᠡᠷᠭᠡ 18 ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠭᠰᠠᠨ ᠪᠤᠶᠤ ᠲᠤᠷᠰᠢᠨ | ᠠᠵᠢᠯᠯᠠᠭᠤᠯᠤᠭᠰᠠᠨ ᠪᠠᠶᠢᠨ᠎ᠠ᠃ ᠴᠡᠪᠡᠷ ᠡᠨᠧᠷᠭᠢ ᠶᠢᠨ ᠲᠥᠷᠥᠯ ᠵᠦᠢᠯ ᠢ 21 ᠬᠡᠷᠡᠭᠵᠢᠭᠦᠯᠵᠦ᠂ ᠪᠥᠬᠦ ᠠᠶᠢᠮᠠᠭ ᠤᠨ | ᠠᠩᠬᠠᠳᠠᠭᠴᠢ ᠭᠤᠪᠢ ᠴᠦᠯ ᠤᠨ ᠲᠣᠮᠣ ᠰᠠᠭᠤᠷᠢᠨ ᠭᠠᠵᠠᠷ ᠤᠨ ᠬᠤᠰᠢᠭᠤᠴᠢ ᠢᠨᠵᠧᠨᠧᠷᠢᠩ ᠢ ᠠᠵᠢᠯ ᠡᠬᠢᠯᠡᠭᠦᠯᠦᠨ | ᠪᠥᠲᠥᠭᠡᠨ ᠪᠠᠶᠢᠭᠤᠯᠵᠤ᠂ ᠣᠨᠴᠠ ᠥᠨᠳᠥᠷ ᠬᠦᠴᠦᠳᠡᠯᠲᠦ ᠴᠡᠪᠡᠷ ᠴᠠᠬᠢᠯᠭᠠᠨ ᠬᠦᠴᠦᠨ ᠢ ᠭᠠᠳᠠᠭᠰᠢ ᠬᠦᠷᠭᠡᠬᠦ | ᠠᠩᠬᠠᠳᠠᠭᠴᠢ ᠱᠤᠭᠤᠮ ᠢ ᠪᠠᠶᠢᠭᠤᠯᠤᠨ ᠳᠠᠭᠤᠰᠬᠠᠵᠤ ᠲᠣᠤᠷ ᠲᠤ ᠨᠡᠶᠢᠯᠡᠭᠦᠯᠵᠦ᠂ ᠲᠣᠨᠤᠭ ᠲᠥᠬᠦᠭᠡᠷᠦᠮᠵᠢ | ᠦᠢᠯᠡᠳᠬᠦ᠂ ᠴᠡᠪᠡᠷ ᠠᠯᠺᠣᠣᠯ ᠦᠢᠯᠡᠳᠬᠦ᠂ ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠰᠢᠪᠲᠦᠷ | ᠦᠢᠯᠡᠳᠬᠦ ᠵᠡᠷᠭᠡ ᠨᠢᠭᠡ ᠪᠦᠯᠦᠭ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠮᠠᠨ ᠤ ᠠᠶᠢᠮᠠᠭ ᠲᠤ | ᠪᠣᠳᠠᠳᠠᠶᠢᠵᠢᠭᠤᠯᠪᠠ᠃ 2023 ᠣᠨ ᠳᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 292 ᠲᠦᠮᠡᠨ | ᠺᠢᠯᠣᠸᠠᠲ ᠰᠢᠨ᠎ᠡ ᠪᠠᠷ ᠨᠡᠮᠡᠭᠳᠡᠭᠦᠯᠵᠦ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ 568 ᠲᠦᠮᠡᠨ ᠺᠢᠯᠣᠸᠠᠲ ᠪᠣᠯᠪᠠ᠃ | ᠪᠦᠬᠦ ᠤᠯᠤᠰ ᠤᠨ ᠲᠡᠷᠭᠡ ᠵᠢᠯᠣᠭᠤᠳᠤᠨ ᠬᠡᠬᠡᠷᠡᠯᠡᠵᠦ ᠪᠠᠭᠤᠳᠠᠯᠯᠠᠬᠤ ᠵᠢᠭᠤᠯᠴᠢᠯᠠᠯ ᠤᠨ ᠬᠥᠭᠵᠢᠯᠲᠡ ᠶᠢᠨ ᠶᠡᠭᠡ | ᠬᠤᠷᠠᠯ ᠢ ᠠᠮᠵᠢᠯᠲᠠ ᠲᠠᠢ ᠡᠷᠬᠢᠯᠡᠵᠦ᠂ ︽ᠠᠯᠲᠠᠨ ᠨᠠᠮᠤᠷ ᠤᠨ ᠲᠤᠤᠷᠠᠢ᠂ ᠪᠠᠭᠠᠳᠣᠷᠴᠣᠳ ᠤᠨ ᠴᠣᠭᠯᠠᠭᠠᠨ᠂ | ᠰᠢᠷᠭᠠᠯ ᠮᠠᠩᠬ᠎ᠠ︾ ᠭᠤᠷᠪᠠᠨ ᠶᠡᠭᠡ ᠭᠤᠣᠯ ᠰᠡᠳᠦᠪᠲᠦ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ | 800 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 84 ᠳ᠋ᠦᠩᠰᠢᠭᠤᠷ ᠲᠥᠭᠦᠷᠢᠭ | ᠲᠤ ᠬᠦᠷᠴᠦ᠂ ᠲᠤᠰ ᠲᠤᠰ 136% ᠪᠠ 158% ᠪᠠᠷ ᠨᠡᠮᠡᠭᠳᠡᠪᠡ᠃ ᠴᠡᠭᠡ ᠪᠣᠭᠤᠮᠲᠠ ᠶᠢᠨ ᠪᠠᠷᠠᠭ᠎ᠠ | ᠦᠩᠭᠡᠷᠡᠭᠰᠡᠨ ᠬᠡᠮᠵᠢᠶ᠎ᠡ 1913 ᠲᠦᠮᠡᠨ ᠲᠤᠨ ᠪᠠᠶᠢᠵᠦ᠂ ᠪᠣᠭᠤᠮᠳᠠ ᠨᠡᠪᠳᠡᠷᠡᠭᠰᠡᠨ ᠠᠴᠠ ᠨᠠᠰᠢᠬᠢ ᠬᠠᠮᠤᠭ ᠤᠨ | ᠥᠨᠳᠥᠷ ᠳᠡᠮᠳᠡᠭᠯᠡᠯ ᠢ ᠡᠭᠦᠳᠪᠡ᠃ | ᠭᠤᠷᠪᠠ ᠳᠤ᠂ ᠠᠮᠢ ᠠᠬᠤᠶ ᠣᠷᠴᠢᠨ ᠳᠣᠭᠤᠷᠢᠨ ᠢᠯᠡᠳᠲᠡ ᠰᠠᠶᠢᠵᠢᠷᠠᠪᠠ᠃ ᠮᠠᠯᠵᠢᠬᠤ ᠶᠢ ᠵᠣᠭᠰᠣᠭᠠᠵᠤ | ᠪᠡᠯᠴᠢᠭᠡᠷ ᠢ ᠰᠡᠷᠭᠦᠭᠡᠬᠦ᠂ ᠪᠠᠶᠢᠭᠠᠯᠢ ᠶᠢᠨ ᠣᠶ ᠶᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠥᠪᠥᠷ ᠮᠣᠩᠭᠤᠯ ᠤᠨ ᠪᠠᠷᠠᠭᠤᠨ ᠣᠷᠣᠨ ᠤ | ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ 1045.3 ᠲᠦᠮᠡᠨ ᠮᠦ | ᠪᠦᠲᠦᠭᠡᠨ ᠪᠠᠶᠢᠭᠤᠯᠵᠤ᠂ 3.6 ᠲᠦᠮᠡᠨ ᠮᠦ ᠣᠶ ᠰᠢᠭᠤᠶ ᠡᠪᠡᠰᠦ ᠪᠡᠯᠴᠢᠭᠡᠷ ᠢ ᠬᠠᠮᠠᠭᠠᠯᠠᠵᠤ᠂ ᠠᠯᠪᠠᠨ ᠵᠢᠷᠤᠮ ᠤᠨ | ᠠᠵᠢᠯᠯᠠᠭ᠎ᠠ ᠪᠠᠷ 86 ᠲᠦᠮᠡᠨ ᠮᠣᠳᠣ ᠳᠠᠷᠢᠪᠠ᠃ ᠶᠡᠷᠦᠩᠬᠡᠢ ᠪᠡᠯᠡ ᠣᠷᠣᠭᠤᠯᠤᠯᠲᠠ ᠨᠢ 26.44 ᠳ᠋ᠦᠩᠰᠢᠭᠤᠷ | ᠲᠥᠭᠦᠷᠢᠭ ᠪᠣᠯᠬᠤ ᠥᠪᠥᠷ ᠮᠣᠩᠭᠤᠯ ᠤᠨ ᠪᠠᠷᠠᠭᠤᠨ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ | ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠠᠮᠵᠢᠯᠲᠠ ᠲᠠᠢ ᠪᠠᠷ ᠲᠡᠮᠡᠴᠡᠨ ᠣᠯᠵᠤ᠂ ᠲᠠᠩ ᠴᠣᠭᠴᠠ ᠶᠢᠨ | ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠪᠦᠬᠦ ᠤᠯᠤᠰ ᠤᠨ | ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠤᠬᠠᠶ ᠶᠢᠨ ᠲᠠᠯᠠᠪᠠᠢ ᠶᠢᠨ ᠬᠤᠷᠠᠯ ᠢ ᠴᠢᠨᠠᠷ ᠰᠠᠶᠢᠲᠠᠶ | ᠳᠠᠭᠠᠭᠠᠴᠢᠯᠠᠨ ᠡᠷᠬᠢᠯᠡᠵᠦ᠂ ᠴᠦᠯᠯᠡᠷᠭᠡᠭᠵᠢᠯ ᠢ ᠵᠠᠰᠠᠬᠤ ︽ᠠᠯᠠᠱᠠ ᠶᠢᠨ ᠵᠠᠭᠪᠤᠷ︾ ᠢ ᠪᠦᠲᠦᠮᠵᠢᠲᠡᠶ ᠳᠡᠯᠭᠡᠷᠡᠭᠦᠯᠪᠡ᠃ | ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ ᠢ 102 ᠬᠡᠷᠡᠭᠵᠢᠭᠦᠯᠵᠦ᠂ ᠪᠠᠶᠠᠨᠬᠤᠲᠠ ᠶᠢᠨ ᠰᠢᠯᠢᠳᠡᠭ | ᠡᠳᠦᠷ ᠤᠨ ᠲᠤᠭ᠎ᠠ ᠶᠢᠨ ᠬᠠᠷᠢᠴᠠᠯ ᠤᠨ ᠨᠣᠷᠮ᠎ᠠ 95 % ᠳᠤ ᠬᠦᠷᠴᠦ᠂ ᠬᠢᠯᠢ ᠶᠢᠨ ᠳᠣᠲᠣᠷᠠᠬᠢ ᠭᠤᠤᠯ ᠮᠥᠷᠡᠨ ᠤ | ᠤᠰᠤᠨ ᠤ ᠴᠢᠨᠠᠷ Ⅱ ᠲᠥᠷᠥᠯ ᠤᠨ ᠪᠠᠷᠢᠮᠵᠢᠶ᠎ᠠ ᠳᠤ ᠬᠦᠷᠪᠡ᠃ | ᠲᠦᠷᠪᠡ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠢᠳᠡᠪᠬᠢᠲᠡᠢ ᠠᠬᠢᠭᠤᠯᠪᠠ᠃ ᠵᠠᠰᠠᠭ ᠤᠨ | ᠶᠠᠪᠤᠳᠠᠯ ᠤᠨ ᠦᠷ᠎ᠡ ᠪᠦᠳᠦᠮᠵᠢ ᠴᠢᠳᠠᠪᠤᠷᠢ ᠶᠢ ᠳᠡᠭᠡᠭᠰᠢᠯᠡᠬᠦᠯᠬᠦ ᠶᠢ ᠱᠠᠯᠠᠪᠳᠠᠭᠤᠯᠬᠤ ᠪᠠ ᠴᠢᠬᠤᠯᠠ ᠶᠡᠭᠡ ᠲᠥᠷᠥᠯ | ᠵᠦᠢᠯ ᠳᠤ ᠦᠢᠯᠡᠴᠢᠯᠡᠬᠦ ︽ᠬᠤᠶᠠᠷ ᠶᠡᠭᠡ ᠲᠠᠪᠴᠠᠩ︾ ᠢ ᠠᠰᠢᠭᠯᠠᠯᠳᠠ ᠳᠤ ᠣᠷᠣᠭᠤᠯᠪᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠥᠷᠪᠡᠨ ᠱᠠᠲᠤᠨ ᠳᠤ ᠬᠠᠮᠣᠷᠣᠭᠤᠯᠬᠤ ᠶᠢ ᠪᠡᠶᠡᠯᠡᠭᠦᠯᠵᠦ᠂ ︽ᠭᠠᠷ | ᠣᠳᠠᠰᠣ ᠪᠠᠷ ᠭᠦᠢᠴᠡᠳᠬᠡᠬᠦ︾ ᠵᠦᠢᠯᠡᠰ ᠤᠨ ᠡᠵᠡᠯᠡᠬᠦ ᠬᠠᠷᠢᠴᠠᠯ ᠨᠢ ᠪᠥᠬᠦ ᠣᠷᠣᠨ ᠤ ᠡᠮᠦᠨ᠎ᠡ ᠡᠩᠨᠡᠭᠡᠨ ᠳᠤ | ᠣᠷᠣᠵᠤ᠂ ︽12345︾ ᠤᠲᠠᠰᠤᠨ ᠤ ᠦᠢᠯᠡᠴᠢᠯᠡᠭᠡᠨ ᠤ ᠶᠠᠰᠤ ᠴᠢᠨᠠᠷ ᠨᠢ ᠪᠥᠬᠦ ᠤᠯᠤᠰ ᠤᠨ ᠳᠤᠮᠳᠠ ᠵᠢᠵᠢᠭ | ᠬᠤᠲᠠ ᠶᠢᠨ A+ ᠲᠠᠰ ᠢᠶᠠᠷ ᠦᠨᠡᠯᠡᠭᠳᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠥᠷᠥᠯ ᠤᠨ ᠪᠡᠯᠡ | ᠮᠥᠩᠭᠦ ᠶᠢ 1887 ᠲᠦᠮᠡᠨ ᠲᠥᠭᠦᠷᠢᠭ ᠴᠢᠷᠮᠠᠶᠢᠨ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ 27.6% ᠪᠠᠷ ᠨᠡᠮᠡᠭᠳᠡᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ | 25.6% ᠪᠠᠷ ᠨᠡᠮᠡᠭᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ 1 ᠦᠷ᠎ᠡ ᠪᠦᠲᠦᠭᠡᠯ ᠨᠢ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ | ᠬᠦᠷᠲᠡᠵᠡᠢ᠃ ᠳᠤᠮᠳᠠᠳᠤ ᠤᠯᠤᠰ ᠤᠨ ᠰᠢᠨ᠎ᠡ ᠶᠢ ᠡᠭᠦᠳᠴᠦ ᠦᠢᠯᠡᠰ ᠪᠤᠰᠬᠠᠬᠤ ᠤᠷᠤᠯᠳᠤᠭᠠᠨ ᠤ ᠡᠯᠡᠰᠦᠨ ᠤ ᠠᠵᠤ | ᠦᠢᠯᠡᠰ ᠤᠨ ᠲᠤᠰᠬᠠᠢ ᠮᠡᠷᠭᠡᠵᠢᠯ ᠤᠨ ᠤᠷᠤᠯᠳᠤᠭᠠᠨ ᠵᠢᠴᠢ ᠰᠢᠷᠢᠰ ᠠᠵᠢᠯᠯᠠᠭ᠎ᠠ ᠶᠢ ᠲᠡᠭᠦᠰ ᠠᠮᠵᠢᠯᠲᠠ ᠲᠠᠢ | ᠡᠷᠬᠢᠯᠡᠪᠡ᠃ | ᠲᠠᠪᠤ ᠳᠤ᠂ ᠠᠷᠠᠳ ᠤᠨ ᠠᠮᠢᠳᠤᠷᠠᠯ ᠤᠨ ᠬᠢᠷᠢ ᠳᠦᠪᠰᠢᠨ ᠢ ᠲᠠᠰᠤᠷᠠᠯᠲᠠ ᠦᠭᠡᠢ ᠳᠡᠭᠡᠭᠰᠢᠯᠡᠬᠦᠯᠪᠡ᠃ | ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 60% | ᠣᠷᠴᠢᠮ ᠢ ᠡᠵᠡᠯᠡᠪᠡ᠃ ᠬᠤᠲᠠ ᠪᠠᠯᠭᠠᠰᠤᠨ ᠳᠤ ᠠᠵᠢᠯ ᠣᠯᠤᠭᠰᠠᠨ ᠬᠥᠮᠦᠨ 4500 ᠪᠠᠷ ᠨᠡᠮᠡᠭᠳᠡᠵᠦ᠂ 3542 | ᠮᠠᠯᠴᠢᠨ ᠳᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ ᠶᠢ ᠫᠠᠶᠢᠰᠠ ᠡᠯᠭᠦᠨ ᠪᠠᠶᠢᠭᠤᠯᠵᠤ᠂ 8 ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠢ ᠪᠠᠶᠢᠭᠤᠯᠤᠨ ᠥᠭᠡᠷᠡᠴᠢᠯᠡᠵᠦ᠂ ᠠᠯᠠᠱᠠ ᠠᠶᠢᠮᠠᠭ ᠤᠨ ᠳᠣᠮᠳᠠᠳᠣ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠪᠠᠶᠢᠭᠤᠯᠪᠠ᠃ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ | ᠬᠠᠯᠳᠠᠪᠤᠷᠢᠯᠠᠬᠤ ᠴᠢᠨᠠᠷᠲᠠᠶ ᠡᠪᠡᠳᠴᠢᠨ ᠡᠮᠭᠡᠭ ᠤᠨ ᠶᠡᠷᠦᠩᠬᠡᠶᠢᠯᠡᠭᠰᠡᠨ ᠠᠰᠠᠷ ᠵᠡᠷᠭᠡ ᠡᠮᠴᠢᠯᠡᠭᠡᠨ ᠤ ᠲᠥᠷᠥᠯ ᠵᠦᠢᠯ ᠢ | 13 ᠬᠡᠷᠡᠭᠵᠢᠭᠦᠯᠵᠦ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ 3 | ᠪᠠᠶᠢᠭᠤᠯᠪᠠ᠃ ᠣᠯᠠᠨ ᠲᠦᠮᠡᠨ ᠤ ᠢᠷᠭᠠᠢ ᠳᠤ ᠬᠦᠷᠴᠦ ᠡᠪᠡᠳᠴᠢᠨ ᠢᠶᠠᠨ ᠦᠵᠡᠬᠦᠯᠦᠭᠡᠳ ᠮᠤᠵᠢ ᠠᠯᠤᠰᠯᠠᠨ | ᠣᠨᠳᠣᠤ ᠭᠠᠵᠠᠷ ᠲᠤ ᠲᠡᠰᠦᠯᠦᠨ ᠪᠤᠳᠤᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠡᠮᠡᠭᠲᠡᠶ | ᠠᠵᠢᠯᠲᠠᠨ ᠠᠵᠢᠯᠴᠢᠨ ᠤ ᠬᠥᠩᠭᠡᠵᠢᠯ ᠢ ᠳᠡᠮᠵᠢᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠲᠠᠩᠰᠠ ᠲᠠᠶᠢᠯᠬᠤ ᠬᠢᠷᠢ ᠲᠦᠪᠰᠢᠨ ᠢ ᠨᠡᠶᠢᠳᠡᠮ ᠬᠠᠷᠠᠭᠠᠯᠵᠠᠵᠦ | ᠳᠡᠭᠡᠭᠰᠢᠯᠡᠭᠦᠯᠪᠡ᠃ ᠠᠶᠢᠮᠠᠭ ᠬᠤᠲᠠ ᠶᠢᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠲᠠ | ᠬᠥᠳᠡᠭᠡ ᠶᠢ ᠨᠢᠭᠡᠳᠦᠯᠲᠡᠶ ᠲᠥᠯᠥᠪᠯᠡᠬᠦ ᠲᠤᠷᠰᠢᠯᠲᠠ ᠶᠢᠨ ᠴᠡᠭ ᠤᠨ ᠠᠵᠢᠯ ᠢ ᠪᠥᠬᠦ ᠲᠠᠯ᠎ᠠ ᠪᠠᠷ ᠳᠡᠯᠭᠡᠷᠡᠭᠦᠯᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ | ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠨᠢ ᠴᠥᠮ ᠪᠥᠬᠦ | ᠣᠷᠣᠨ ᠳᠤ ᠬᠠᠮᠤᠭ ᠤᠨ ᠥᠨᠳᠥᠷ ᠪᠣᠯᠪᠠ᠃ 11 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ | ᠂ 840 ᠢᠵᠢ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠥᠷᠭᠡᠳᠬᠡᠵᠦ᠂ 8 | ᠬᠤᠲᠠ ᠪᠠᠯᠭᠠᠰᠤᠨ ᠤ ᠵᠠᠮ᠂ 22.2 ᠺᠢᠯᠣᠮᠧᠲᠷ ᠤᠨ ᠬᠠᠭᠤᠴᠢᠨ ᠬᠤᠭᠤᠯᠠᠶ ᠲᠣᠤᠷ ᠢ ᠥᠭᠡᠷᠡᠴᠢᠯᠡᠨ | ᠰᠠᠶᠢᠵᠢᠷᠠᠭᠤᠯᠵᠦ᠂ 115 ᠬᠤᠲᠠ ᠪᠠᠯᠭᠠᠰᠤᠨ ᠤ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠳᠦᠭᠦᠭᠡᠷᠦᠮᠵᠢ ᠶᠢ | ᠣᠭᠰᠠᠷᠠᠪᠠ᠃ ᠤᠰᠤ᠂ ᠴᠠᠬᠢᠯᠭᠠᠨ᠂ ᠵᠠᠮ᠂ ᠮᠡᠳᠡᠭᠡ ᠵᠠᠩᠭᠢ ᠵᠡᠷᠭᠡ ᠭᠤᠣᠯᠳᠠᠯᠭ᠎ᠠ ᠲᠠᠢ ᠰᠠᠭᠤᠷᠢ | ᠲᠥᠬᠦᠭᠡᠷᠦᠮᠵᠢ ᠶᠢᠨ 17 ᠲᠦᠷᠦᠯ ᠵᠦᠢᠯ ᠢ ᠠᠬᠢᠭᠤᠯᠵᠤ᠂ 47.1 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 100 ᠲᠦᠷᠦᠯ ᠵᠦᠢᠯ ᠢ | ᠬᠡᠷᠡᠭᠵᠢᠭᠦᠯᠵᠦ᠂ ᠵᠣᠯᠭᠠᠭᠤᠯᠬᠤ ᠨᠥᠬᠦᠪᠥᠷᠢ ᠶᠢᠨ ᠪᠡᠯᠡ ᠮᠥᠩᠭᠦ ᠶᠢ 1.18 ᠳ᠋ᠦᠩᠰᠢᠭᠤᠷ ᠲᠥᠭᠦᠷᠢᠭ | ᠨᠠᠶᠢᠳᠠᠪᠤᠷᠢᠵᠢᠭᠤᠯᠪᠠ᠃ | ᠵᠢᠷᠭᠤᠭ᠎ᠠ ᠳᠤ᠂ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠶᠢ ᠦᠷᠭᠦᠯᠵᠢᠯᠡᠨ ᠪᠠᠬᠢᠵᠢᠭᠦᠯᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠡᠨᠡ ᠬᠦ ᠭᠤᠣᠯ ᠰᠢᠵᠢᠮ ᠢ | ᠲᠤᠤᠱᠯᠠᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠢᠯᠡᠷᠡᠭᠦᠯᠬᠦ ᠶᠢ ᠪᠠᠷᠢᠮᠲᠠᠯᠠᠵᠤ᠂ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠦᠷᠭᠡᠳᠭᠡᠪᠡ᠃ ᠬᠦᠨᠳᠦ ᠶᠡᠭᠡ ᠠᠶᠤᠯ | ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠣᠨ ᠤ ᠥᠷᠢ | ᠦᠭᠴᠡᠭᠡ ᠶᠢ ᠰᠢᠢᠳᠪᠦᠷᠢᠯᠡᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠶᠢᠮᠠᠭ ᠤᠨ ᠱᠠᠲᠤ ᠵᠢᠴᠢ ᠭᠤᠷᠪᠠᠨ | ᠣᠷᠣᠨ ᠤ ᠳᠠᠯᠳᠠ ᠥᠷᠢ ᠦᠭᠴᠡᠭᠡ ᠶᠢ ᠪᠦᠬᠦᠨ ᠢ ᠰᠢᠢᠳᠪᠦᠷᠢᠯᠡᠪᠡ᠃ ᠰᠢᠨ ᠵᠢᠩ ᠨᠡᠭᠦᠷᠡᠰᠦᠨ ᠠᠭᠤᠷᠬᠠᠢ ᠶᠢᠨ | ᠠᠳᠡᠯ ᠢ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠳᠡᠯ ᠠᠴᠠ | ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠪᠣᠳᠣᠯᠬᠢᠯᠠᠨ᠂ ᠵᠥᠷᠢᠶ᠎ᠡ ᠶᠢ ᠡᠷᠢᠵᠦ᠂ ᠭᠡᠮ | ᠰᠣᠭᠤᠭ ᠢ ᠠᠷᠢᠯᠭᠠᠵᠤ᠂ ᠰᠠᠭᠤᠷᠢ ᠶᠢ ᠴᠢᠩᠭᠠᠳᠬᠠᠵᠤ᠂ 107 ᠬᠠᠲᠠᠭᠤ ᠠᠷᠭ᠎ᠠ ᠬᠡᠮᠵᠢᠶ᠎ᠡ ᠶᠢ ᠲᠣᠭᠲᠠᠭᠠᠨ | ᠨᠡᠶᠢᠲᠡᠯᠡᠵᠦ᠂ ᠠᠶᠢᠮᠠᠭ ᠤᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠵᠠᠷᠤᠳᠠᠯ ᠢ 2600 ᠭᠠᠷᠤᠢ | ᠲᠦᠮᠡᠨ ᠲᠥᠭᠦᠷᠢᠭ ᠣᠷᠣᠭᠤᠯᠵᠤ᠂ ᠭᠤᠷᠪᠠᠳᠠᠬᠢ ᠲᠠᠯ᠎ᠠ ᠶᠢᠨ ᠲᠤᠰᠬᠠᠢ ᠪᠠᠶᠢᠭᠤᠯᠤᠮᠵᠢ ᠶᠢ ᠤᠷᠢᠵᠤ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠵᠤ᠂ 4 ᠡᠭᠡᠯᠵᠢ ᠶᠢᠨ ᠭᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠨᠢᠭᠡ ᠪᠦᠯᠦᠭ ᠭᠡᠮ ᠰᠣᠭᠤᠭ ᠤᠨ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠤᠯᠠᠮ ᠨᠢᠭᠡ | ᠠᠯᠬᠤᠮ ᠪᠠᠬᠢᠵᠢᠭᠦᠯᠪᠡ᠃ | ᠡᠭᠦᠨ ᠤ ᠬᠠᠮᠲᠤ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢ | ᠴᠢᠬᠤᠯᠠᠴᠢᠯᠠᠵᠤ᠂ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠵᠠᠰᠠᠭ ᠤᠨ ᠣᠷᠳᠣᠨ ᠤ | ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠭᠡᠬᠦ᠂ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠤᠨ ᠰᠤᠷᠲᠠᠯ ᠦᠷᠭᠦᠯᠵᠢᠯᠡᠨ | ᠰᠠᠶᠢᠵᠢᠷᠠᠪᠠ᠃ | ᠨᠢᠭᠡ ᠵᠢᠯ ᠤᠨ ᠲᠤᠷᠰᠢ᠂ ᠬᠡᠳᠦ᠋ᠢᠪᠡᠷ ᠴᠥᠭᠡᠨ ᠪᠤᠰᠤ ᠬᠦᠴᠢᠷ ᠪᠡᠷᠬᠡᠰᠢᠶᠡᠯ ᠳᠣᠯᠭᠠᠷᠠᠭᠰᠠᠨ ᠪᠣᠯᠪᠠᠴᠣ᠂ ᠮᠠᠰᠢ | ᠤᠯᠠᠨ ᠥᠷᠢᠰᠥᠯᠳᠦᠭᠡᠨ ᠤ ᠡᠮᠦᠨ᠎ᠡ᠂ ᠪᠢᠳᠡ ᠡᠷᠡᠯᠬᠡᠭᠯᠡᠨ ᠤᠷᠤᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠵᠦ᠂ | ᠣᠯᠤᠯᠲᠠ ᠳᠦᠭᠦᠷᠡᠩ ᠪᠠᠶᠢᠨ᠎ᠠ᠃ ᠠᠳᠡ᠂ ᠪᠢ ᠠᠶᠢᠮᠠᠭ ᠤᠨ ᠵᠠᠬᠢᠷᠭ᠎ᠠ ᠶᠢᠨ ᠡᠮᠦᠨ᠎ᠡ ᠠᠴᠠ ᠪᠥᠬᠦ ᠠᠶᠢᠮᠠᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ᠂ ᠠᠯᠠᠱᠠ ᠶᠢᠨ | ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠬᠤᠶᠠᠷ᠂ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ | ᠠᠶᠢᠮᠠᠭ ᠤᠨ ᠨᠠᠮ ᠤᠨ ᠬᠤᠷᠢᠶ᠎ᠠ ᠨᠢᠭᠡᠨᠲᠡ ᠪᠥᠬᠦ ᠠᠶᠢᠮᠠᠭ ᠤᠨ ᠠᠵᠢᠯ ᠤᠨ ᠴᠢᠭᠯᠡᠯ ᠤᠨ ᠪᠠᠶᠢᠷᠢ ᠲᠣᠭᠲᠠᠭᠠᠯᠲᠠ | ᠪᠠ ᠬᠠᠷᠠᠯᠲᠠ ᠶᠢᠨ ᠭᠤᠤᠯᠳᠠᠯᠭ᠎ᠠ ᠶᠢ ᠲᠣᠳᠣᠷᠬᠠᠶᠢᠯᠠᠪᠠ᠂ ᠪᠢᠳᠡ ᠭᠦᠨᠵᠡᠭᠡᠶ ᠣᠶᠢᠯᠠᠭᠠᠵᠤ᠂ ᠳᠣᠤᠷᠠᠬᠢ 3 ᠲᠠᠯ᠎ᠠ ᠶᠢ | ᠰᠠᠶᠢᠲᠤᠷ ᠡᠵᠡᠮᠳᠡᠬᠦ ᠶᠢ ᠴᠢᠬᠤᠯᠠᠴᠢᠯᠠᠬᠤ ᠬᠡᠷᠡᠭᠲᠡᠶ᠃ | ᠨᠢᠭᠡ ᠳᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ | ᠳᠠᠷᠤᠯᠲᠠ ᠥᠭᠴᠦ ᠡᠷᠡᠯᠬᠡᠭᠯᠡᠨ ᠣᠷᠣᠭᠰᠢᠯᠠᠨ᠎ᠠ᠃ 2024 ᠣᠨ ᠳᠤ᠂ ᠵᠢᠱᠢᠯᠲᠡ ᠪᠠᠷ ᠪᠥᠬᠦ ᠠᠶᠢᠮᠠᠭ ᠤᠨ ᠭᠠᠵᠠᠷ | ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 6.5% ᠪᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ 20% ᠪᠠᠷ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠢ 8% ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | 6% ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠥᠬᠦ ᠲᠤᠭ᠎ᠠ ᠶᠢ | 4% ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠨ᠎ᠠ᠃ ᠡᠨᠡ | ᠬᠠᠷᠠᠯᠲᠠ ᠶᠢ ᠳᠤᠷᠠᠳᠤᠭᠰᠠᠨ ᠨᠢ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠢ | ᠠᠬᠢᠭᠤᠯᠬᠤ᠂ ᠣᠷᠢᠳᠡᠪᠡᠷ ᠪᠠᠶᠢᠭᠤᠯᠵᠤ ᠳᠠᠷᠠᠭ᠎ᠠ ᠨᠢ ᠡᠪᠳᠡᠬᠦ ᠱᠠᠭᠠᠷᠳᠠᠯᠭ᠎ᠠ ᠶᠢ ᠳᠣᠣᠱᠯᠠᠭᠤᠯᠵᠦ᠂ ᠬᠥᠳᠡᠯᠭᠡᠬᠦ | ᠬᠦᠴᠦᠨ ᠤ ᠲᠤᠯᠭᠠᠭᠤᠷᠢᠯᠠᠯ᠂ ᠳᠠᠷᠤᠯᠲᠠ ᠳᠠᠭᠠᠭᠠᠬᠤ ᠶᠢ ᠪᠣᠳᠣᠯᠬᠢᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ | ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ᠂ | ᠡᠯ᠎ᠡ ᠲᠠᠯ᠎ᠠ ᠶᠢᠨ ᠬᠥᠭᠵᠢᠯᠲᠡ ᠶᠢ ᠠᠳᠬᠤᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠬᠤ ᠳᠤ | ᠠᠰᠢᠭᠲᠠᠢ ᠶᠤᠮ᠃ ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠲᠤᠯᠭᠠᠭᠤᠷᠢᠯᠠᠬᠤ ᠨᠥᠬᠦᠴᠡᠯ ᠲᠠᠢ | ᠪᠠᠶᠢᠬᠤ ᠶᠢᠨ ᠬᠠᠮᠲᠤ ᠪᠠᠰᠠ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠲᠤᠯᠭᠠᠭᠤᠷᠢᠯᠠᠬᠤ | ᠨᠥᠬᠦᠴᠡᠯ ᠠᠴᠠ ᠦᠵᠡᠪᠡᠯ᠂ ᠮᠠᠨ ᠤ ᠤᠯᠤᠰ ᠤᠨ ᠠᠵᠤ ᠠᠬᠤᠶ ᠣᠷᠳᠣ ᠬᠤᠭᠤᠴᠠᠭ᠎ᠠ ᠪᠠᠷ ᠰᠠᠶᠢᠵᠢᠷᠠᠬᠤ | ᠦᠨᠳᠦᠰᠦᠨ ᠬᠠᠨᠳᠤᠰᠢ ᠬᠤᠪᠢᠷᠠᠭᠰᠠᠨ ᠦᠭᠡᠢ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠵᠢᠴᠢ | ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠬᠤ᠂ ᠬᠦᠦ ᠮᠥᠩᠭᠦ ᠶᠢ ᠬᠥᠩᠭᠡᠯᠡᠵᠦ ᠪᠠᠭᠤᠷᠠᠭᠤᠯᠬᠤ᠂ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠵᠡᠷᠭᠡ ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠤᠨ ᠲᠥᠷᠥ ᠶᠢᠨ | ᠪᠣᠳᠣᠯᠭ᠎ᠠ ᠶᠢᠨ ᠳᠠᠪᠬᠤᠴᠠᠯ ᠦᠢᠯᠡᠳᠦᠯ ᠢ ᠦᠷᠭᠦᠯᠵᠢᠯᠡᠨ ᠪᠠᠳᠠᠷᠠᠭᠤᠯᠪᠠ︔ ᠥᠪᠡᠷᠲᠡᠭᠡᠨ ᠵᠠᠰᠠᠬᠤ ᠣᠷᠣᠨ ︽ | ᠬᠤᠶᠠᠷ ᠶᠡᠭᠡ ᠶᠠᠪᠤᠳᠠᠯ︾ ᠪᠠ ︽ᠰᠢᠨ᠎ᠡ ᠵᠠᠮ ᠢ ᠨᠡᠭᠡᠭᠡᠵᠦ᠂ ᠳᠤᠮᠳᠠ ᠳᠦᠪᠰᠢᠨ ᠳᠤ ᠣᠷᠣᠬᠤ︾ ᠬᠠᠷᠠᠯᠲᠠ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠰᠠ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠪᠡ᠂ ᠡᠲᠡᠭᠡᠷ ᠪᠦᠬᠦᠨ ᠴᠥᠮ ᠪᠢᠳᠡᠨ ᠤ ᠬᠥᠭᠵᠢᠯᠲᠡ ᠪᠠᠨ ᠲᠦᠷᠭᠡᠳᠬᠡᠬᠦ ᠳᠤ | ᠰᠢᠨ᠎ᠡ ᠠᠵᠠ ᠲᠣᠬᠢᠶᠠᠯ ᠠᠪᠴᠢᠷᠠᠵᠤ ᠥᠭᠴᠡᠶ︔ ᠪᠥᠬᠦ ᠠᠶᠢᠮᠠᠭ ᠤᠨ ᠬᠥᠭᠵᠢᠯᠲᠡ ᠶᠢᠨ ᠪᠠᠶᠢᠳᠠᠯ ᠦᠷᠭᠦᠯᠵᠢᠯᠡᠨ | ᠰᠠᠶᠢᠵᠢᠷᠠᠵᠤ᠂ ᠤᠯᠠᠮᠵᠢᠯᠠᠯᠲᠤ ᠠᠵᠤ ᠦᠢᠯᠡᠰ ᠶᠠᠭ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠵᠦ᠂ ᠪᠣᠬᠢᠷᠲᠤᠯ | ᠥᠬᠡᠶ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠲᠦᠷᠭᠡᠨ ᠪᠠᠶᠢᠵᠦ᠂ ᠰᠣᠶᠣᠯ ᠵᠢᠭᠤᠯᠴᠢᠯᠠᠯ ᠤᠨ ᠠᠵᠤ | ᠦᠢᠯᠡᠰ ᠲᠦᠷᠭᠡᠨ ᠬᠥᠭᠵᠢᠵᠦ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ | ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠨᠠᠩ ᠰᠢᠯᠢᠳᠡᠭᠵᠢᠵᠦ᠂ | ᠪᠢᠳᠡᠨ ᠤ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ | ᠬᠦᠴᠢᠷᠳᠡᠯ ᠪᠠ ᠥᠷᠢᠰᠥᠯᠳᠦᠭᠡᠨ ᠠᠴᠠ ᠦᠵᠡᠪᠡᠯ᠂ ᠮᠠᠨ ᠤ ᠠᠶᠢᠮᠠᠭ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ | ᠪᠠᠭ᠎ᠠ᠂ ᠬᠥᠭᠵᠢᠯᠲᠡ ᠬᠦᠢᠴᠡᠳ ᠪᠤᠰᠤ ᠪᠠᠶᠢᠬᠤ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠠᠵᠤ ᠦᠢᠯᠡᠰ ᠤᠨ | ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠶ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠴᠢᠳᠠᠪᠤᠷᠢ ᠴᠢᠩᠭ᠎ᠠ ᠪᠢᠰᠢ᠂ ᠵᠠᠩᠭᠢᠯᠠᠭ᠎ᠠ ᠶᠢᠨ ᠬᠦᠴᠦᠨ ᠵᠦᠢᠯ ᠬᠠᠷᠢᠴᠠᠩᠭᠤᠶ ᠳᠤᠲᠠᠭᠳᠠᠵᠤ᠂ ᠠᠵᠤ ᠠᠬᠤᠶ ᠶᠢᠨ | ᠰᠢᠨ᠎ᠡ ᠨᠡᠮᠡᠭᠳᠡᠯ ᠤᠨ ᠴᠡᠭ ᠢ ᠬᠠᠷᠠᠬᠠᠨ ᠪᠤᠶᠢᠵᠢᠭᠤᠯᠵᠦ ᠪᠠᠶᠢᠨ᠎ᠠ᠂ ᠬᠡᠷᠡᠭᠯᠡᠵᠦ ᠪᠣᠯᠬᠤ ᠣᠷᠣᠨ ᠨᠤᠲᠤᠭ ᠤᠨ ᠡᠳ᠋ ᠤᠨ | ᠬᠦᠴᠦᠨ ᠶᠡᠷᠦᠩᠬᠡᠶ ᠳᠡᠭᠡᠨ ᠬᠦᠷᠦᠯᠴᠡᠬᠦ ᠥᠬᠡᠶ ᠪᠠᠶᠢᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠳᠤᠲᠠᠭᠤᠳᠠᠯ ᠢ ᠪᠠᠰᠠ ᠲᠦᠢᠯᠪᠤᠷᠢᠲᠠᠶ ᠰᠢᠢᠳᠪᠦᠷᠢᠯᠡᠵᠦ ᠴᠢᠳᠠᠭᠠᠳᠤᠶ ᠪᠠᠶᠢᠨ᠎ᠠ᠃ ᠢᠯᠠᠩᠭᠤᠶ᠎ᠠ ᠠᠵᠤ ᠠᠬᠤᠶ ᠶᠢᠨ | ᠪᠠᠭᠤᠷᠠᠯᠲᠠ ᠶᠢᠨ ᠳᠠᠷᠤᠯᠲᠠ ᠮᠥᠨ ᠬᠦ ᠨᠡᠯᠢᠶᠡᠳ ᠶᠡᠭᠡ ᠪᠠᠶᠢᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ | ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠨᠡᠯᠢᠶᠡᠳ ᠪᠠᠭᠤᠷᠠᠶ᠂ ᠲᠥᠷᠥᠯ ᠵᠦᠢᠯ ᠤᠨ ᠨᠥᠭᠡᠴᠡ ᠬᠢᠭᠡᠳ | ᠴᠢᠨᠠᠷ ᠰᠠᠶᠢᠲᠠᠶ ᠬᠥᠭᠵᠢᠯᠲᠡ ᠶᠢᠨ ᠵᠣᠯᠭᠠᠯᠴᠠᠭ᠎ᠠ ᠶᠢᠨ ᠴᠢᠨᠠᠷ ᠴᠢᠩᠭ᠎ᠠ ᠪᠤᠰᠤ᠂ ᠠᠶᠣᠯᠬᠦᠢ ᠦᠢᠯᠡᠳᠪᠦᠷᠢᠯᠡᠯ᠂ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠮᠥᠩᠭᠦᠨ ᠭᠦᠢᠯᠭᠡᠭᠡᠨ ᠤ ᠬᠦᠷᠢᠶ᠎ᠡ ᠶᠢᠨ ᠳᠠᠯᠳᠠ ᠠᠶᠤᠯ | ᠲᠦᠭᠰᠢᠭᠦᠷᠢ ᠳᠠᠯᠳᠠ ᠬᠡᠮ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ ᠶᠡᠷᠦᠩᠬᠡᠶᠢᠯᠡᠨ ᠵᠠᠳᠠᠯᠪᠠᠯ᠂ ᠪᠦᠬᠦ | ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠪᠢᠳᠡ ᠰᠠᠭᠤᠷᠢ ᠲᠠᠢ᠂ ᠨᠥᠬᠦᠴᠡᠯ ᠲᠠᠢ᠂ ᠭᠡᠪᠡᠴᠦ ᠪᠠᠰᠠ ᠬᠢᠯᠪᠠᠷ | ᠪᠣᠰᠣ ᠶᠤᠮ᠃ ᠪᠢᠳᠡ ᠠᠰᠢᠭᠲᠠᠢ ᠲᠤᠯᠭᠠᠭᠤᠷᠢᠯᠠᠯ ᠢ ᠡᠵᠡᠮᠰᠢᠨ ᠰᠠᠶᠢᠲᠤᠷ ᠬᠡᠷᠡᠭᠯᠡᠵᠦ᠂ ᠢᠲᠡᠭᠡᠯ ᠵᠣᠷᠢᠭ ᠢᠶᠠᠨ ᠨᠡᠩ | ᠪᠠᠲᠤᠳᠬᠠᠬᠤ ᠮᠥᠷᠲᠡᠭᠡᠨ ᠪᠠᠰᠠ ᠬᠦᠴᠢᠷ ᠪᠡᠷᠬᠡᠰᠢᠶᠡᠯ ᠥᠷᠢᠰᠥᠯᠳᠦᠭᠡᠨ ᠢ ᠲᠣᠳᠣᠷᠬᠠᠢ ᠲᠠᠨᠢᠬᠤ ᠪᠠ ᠢᠯᠠᠨ ᠳᠠᠪᠠᠵᠤ | ᠂ ᠤᠬᠠᠮᠰᠠᠷ ᠠᠴᠠ ᠪᠠᠨ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ | ᠪᠤᠢ ᠪᠣᠯᠭᠠᠵᠤ᠂ ᠨᠢᠭᠡᠳᠦᠯᠲᠡᠢ ᠲᠥᠯᠥᠪᠵᠢᠭᠦᠯᠬᠦ ᠠᠷᠭ᠎ᠠ ᠶᠢ ᠰᠠᠶᠢᠲᠤᠷ ᠬᠡᠷᠡᠭᠯᠡᠵᠦ᠂ ᠳᠣᠭᠳᠠᠭᠰᠠᠨ ᠬᠠᠷᠠᠯᠲᠠ ᠪᠠᠨ | ᠭᠤᠶᠢᠪᠢᠰᠢ ᠦᠭᠡᠢ ᠪᠠᠷᠢᠮᠳᠠᠯᠠᠵᠦ᠂ ᠪᠠᠶᠢᠳᠠᠯ ᠢᠶᠠᠨ ᠪᠠᠲᠤᠯᠠᠵᠤ ᠴᠠᠯᠠᠭᠠᠶᠢᠷᠠᠬᠤ ᠦᠭᠡᠢ ᠪᠠᠶᠢᠵᠤ᠂ ᠬᠠᠮᠤᠭ ᠤᠨ ᠶᠡᠭᠡ | ᠴᠢᠷᠮᠠᠶᠢᠯᠭ᠎ᠠ ᠭᠠᠷᠭᠠᠵᠤ᠂ ᠨᠡᠩ ᠰᠠᠶᠢᠨ ᠦᠷ᠎ᠡ ᠳ᠋ᠦᠩ ᠤᠯᠬᠤ ᠪᠠᠷ ᠴᠢᠷᠮᠠᠶᠢᠬᠤ ᠬᠡᠷᠡᠭᠲᠡᠢ᠃ | ᠬᠤᠶᠠᠷ ᠲᠤ᠂ ᠠᠶᠢᠮᠠᠭ ᠤᠨ ᠨᠠᠮ ᠤᠨ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠬᠦ ᠲᠠᠯ᠎ᠠ ᠪᠠᠷ ᠬᠦᠴᠦᠯᠡᠵᠦ᠂ ᠪᠣᠭᠤᠮᠲᠠ ᠰᠢᠪᠲᠤᠯᠵᠤ ᠠᠰᠠᠭᠤᠳᠠᠯ ᠢ ᠰᠢᠢᠳᠪᠦᠷᠢᠯᠡᠨ᠎ᠡ᠃ | ᠠᠶᠢᠮᠠᠭ ᠤᠨ ᠨᠠᠮ ᠤᠨ ᠬᠤᠷᠢᠶ᠎ᠠ ᠶᠢᠨ ᠳᠤᠷᠠᠳᠤᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠣᠳᠬᠠᠬᠤ ᠵᠢᠱᠢᠶ᠎ᠡ ᠦᠵᠡᠭᠦᠯᠬᠦ ᠠᠶᠢᠮᠠᠭ︾ ᠪᠠ ︽ᠲᠠᠪᠤᠨ ᠶᠡᠭᠡ ᠰᠠᠭᠤᠷᠢᠨ ᠭᠠᠵᠠᠷ︾ | ᠢ ᠪᠠᠶᠢᠭᠤᠯᠬᠤ᠂ ︽ᠲᠤᠯᠤᠭᠠᠨ ᠶᠡᠭᠡ ᠢᠨᠵᠧᠨᠧᠷᠢᠩ︾ ᠢ ᠬᠡᠷᠡᠭᠵᠢᠭᠦᠯᠬᠦ ᠰᠡᠳᠬᠢᠴᠡ ᠬᠠᠷᠠᠯᠲᠠ ᠪᠣᠯ ᠠᠶᠢᠮᠠᠭ ᠤᠨ | ᠪᠣᠳᠠᠲᠤ ᠪᠠᠶᠢᠳᠠᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠭᠠᠷᠭᠠᠭᠰᠠᠨ ᠴᠢᠬᠤᠯᠠ ᠶᠡᠭᠡ | ᠪᠠᠶᠢᠷᠢᠯᠠᠭᠤᠯᠤᠯᠲᠠ ᠮᠥᠨ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠠᠶᠢᠮᠠᠭ ᠤᠨ | ᠬᠥᠭᠵᠢᠯᠲᠡ ᠶᠢᠨ ᠭᠤᠤᠯ ᠰᠢᠪᠲᠤᠯᠤᠯᠲᠠ ᠶᠢᠨ ᠴᠢᠭᠯᠡᠯ ᠪᠠ ᠭᠤᠤᠯᠳᠠᠯᠭ᠎ᠠ ᠲᠠᠢ ᠠᠷᠭ᠎ᠠ ᠵᠠᠮ ᠮᠥᠨ᠃ ᠠᠶᠢᠮᠠᠭ | ᠳᠠᠶᠠᠭᠠᠷ ᠢᠶᠠᠨ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠣᠨᠣᠪᠴᠢᠲᠠᠢ | ᠡᠵᠡᠮᠳᠡᠵᠦ᠂ ᠪᠦᠬᠦ ᠲᠠᠯ᠎ᠠ ᠪᠠᠷ ᠳᠣᠣᠱᠯᠠᠭᠤᠯᠵᠦ᠂ ᠦᠵᠡᠯ ᠰᠠᠨᠠᠭ᠎ᠠ ᠪᠠᠨ ᠡᠨᠡ ᠬᠦ ᠴᠢᠭᠯᠡᠯ ᠲᠠᠢ ᠨᠢᠭᠡᠳᠭᠡᠵᠦ᠂ ᠡᠬᠢ | ᠪᠠᠶᠠᠯᠢᠭ ᠢ ᠡᠨᠡ ᠬᠦ ᠴᠢᠭᠯᠡᠯ ᠳᠤ ᠲᠥᠪᠯᠡᠷᠡᠭᠦᠯᠵᠦ᠂ ᠬᠦᠴᠦᠨ ᠴᠢᠳᠠᠯ ᠢᠶᠠᠨ ᠡᠨᠡ ᠬᠦ ᠴᠢᠭᠯᠡᠯ ᠢᠶᠠᠷ ᠪᠠᠶᠢᠷᠢᠯᠠᠭᠤᠯᠵᠤ᠂ | ᠣᠷᠣᠨ ᠪᠠᠶᠢᠷᠢ ᠪᠠᠨ ᠣᠨᠣᠪᠴᠢᠲᠠᠢ ᠣᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ᠂ | ᠯᠠᠪᠳᠠᠭᠤᠨ ᠪᠠᠳᠣᠳᠠᠢ ᠠᠵᠢᠯᠯᠠᠵᠦ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠬᠡᠷᠡᠭᠲᠡᠢ᠃ | ᠭᠤᠷᠪᠠ ᠳᠤ᠂ ᠠᠵᠢᠯ ᠤᠨ ᠭᠤᠣᠯᠳᠠᠯᠭ᠎ᠠ ᠵᠠᠩᠭᠢᠯᠠᠭ᠎ᠠ ᠶᠢ ᠡᠵᠡᠮᠳᠡᠵᠦ᠂ ᠰᠢᠨ᠎ᠡ ᠶᠢ ᠡᠭᠦᠳᠦᠨ ᠪᠣᠳᠠᠲᠠᠢ | ᠠᠵᠢᠯᠯᠠᠵᠤ᠂ ᠬᠥᠭᠵᠢᠯᠲᠡ ᠶᠢ ᠬᠠᠮᠲᠤᠪᠠᠷ ᠠᠳᠬᠤᠨ᠎ᠠ᠃ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠢᠰᠢᠳᠠ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠴᠢᠨᠠᠷ | ᠰᠠᠶᠢᠲᠠᠢ ᠬᠥᠭᠵᠢᠯᠲᠡ ᠶᠢᠨ ᠭᠤᠣᠯ ᠰᠡᠳᠦᠪ ᠢ ᠴᠢᠩᠭ᠎ᠠ ᠡᠵᠡᠮᠳᠡᠵᠦ᠂ ᠬᠥᠭᠵᠢᠯᠲᠡ ᠬᠦᠷᠦᠯᠴᠡᠬᠦ ᠦᠭᠡᠢ ᠪᠠᠶᠢᠬᠤ | ᠠᠰᠠᠭᠤᠳᠠᠯ ᠢ ᠰᠢᠢᠳᠪᠦᠷᠢᠯᠡᠬᠦ ᠶᠢ ᠬᠠᠮᠤᠭ ᠤᠨ ᠲᠤᠯᠭᠠᠮ᠎ᠠ ᠡᠭᠦᠷᠭᠡ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ | ᠠᠵᠤ ᠠᠬᠤᠢ ᠶᠢ ᠠᠳᠬᠤᠵᠤ᠂ ᠬᠥᠭᠵᠢᠯᠲᠡ ᠶᠢ ᠠᠳᠬᠤᠵᠤ᠂ ᠴᠠᠯᠠᠭᠠᠶᠢᠷᠠᠵᠤ ᠪᠣᠯᠬᠤ ᠦᠭᠡᠢ᠂ ᠤᠳᠠᠭᠠᠰᠢᠷᠠᠭᠤᠯᠵᠤ | ᠪᠣᠯᠬᠤ ᠦᠭᠡᠢ᠂ ᠲᠦᠷᠭᠡᠨ ᠪᠠᠶᠢᠵᠤ ᠴᠢᠳᠠᠪᠠᠯ ᠳᠦᠷᠭᠡᠯᠡᠵᠦ᠂ ᠰᠠᠶᠢᠨ ᠪᠠᠶᠢᠪᠠᠯ ᠪᠠᠳᠣᠯᠠᠵᠦ᠂ ᠶᠡᠷᠦᠩᠬᠡᠢ ᠬᠡᠮᠵᠢᠶ᠎ᠡ ᠶᠢ | ᠪᠦᠬᠦ ᠬᠦᠴᠦᠨ ᠢᠶᠠᠷ ᠢᠶᠠᠨ ᠪᠤᠵᠠᠭᠠᠶᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠡᠷᠬᠡᠪᠰᠢ ᠲᠥᠷᠥᠯ | ᠵᠦᠢᠯ ᠢᠶᠠᠷ ᠭᠤᠤᠯ ᠪᠣᠯᠭᠠᠬᠤ ᠣᠶᠢᠯᠠᠭᠠᠭᠳᠠᠬᠤᠨ ᠢ ᠪᠣᠶ ᠪᠣᠯᠭᠠᠵᠤ᠂ ᠬᠥᠭᠵᠢᠯᠲᠡ ᠶᠢ ᠠᠳᠬᠤᠵᠦ ᠪᠠᠶᠢᠭ᠎ᠠ ᠨᠢ | ᠳᠠᠷᠤᠶ ᠲᠥᠷᠥᠯ ᠵᠦᠢᠯ ᠢ ᠠᠳᠬᠤᠵᠦ ᠪᠠᠶᠢᠭ᠎ᠠ ᠶᠠᠪᠣᠳᠠᠯ ᠮᠦᠨ᠂ ᠲᠥᠷᠥᠯ ᠵᠦᠢᠯ ᠢ ᠠᠳᠬᠤᠵᠦ ᠪᠠᠶᠢᠭ᠎ᠠ ᠨᠢ | ᠳᠠᠷᠤᠶ ᠠᠵᠤ ᠠᠬᠤᠶ ᠶᠢ ᠠᠳᠬᠤᠵᠦ ᠪᠠᠶᠢᠭ᠎ᠠ ᠶᠠᠪᠣᠳᠠᠯ ᠮᠦᠨ ᠬᠡᠬᠦ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠵᠤ᠂ ᠪᠣᠶ ᠪᠥᠬᠦᠶ ᠡᠬᠢ ᠪᠠᠶᠠᠯᠢᠭ ᠨᠢ ᠲᠥᠷᠥᠯ ᠵᠦᠢᠯ ᠢ ᠳᠠᠭᠠᠵᠤ᠂ ᠪᠣᠶ ᠪᠥᠬᠦᠶ ᠬᠦᠴᠦᠨ ᠵᠦᠢᠯ ᠢ | ᠲᠣᠭᠤᠷᠢᠨ ᠲᠥᠷᠥᠯ ᠵᠦᠢᠯ ᠢ ᠰᠢᠯᠵᠢᠭᠦᠯᠵᠦ᠂ ᠪᠣᠶ ᠪᠥᠬᠦᠶ ᠺᠠᠳ᠋ᠷᠴᠤᠳ ᠲᠥᠷᠥᠯ ᠵᠦᠢᠯ ᠳᠤ ᠠᠩᠬᠠᠷᠤᠯ ᠢᠶᠠᠨ | ᠲᠥᠪᠯᠡᠷᠡᠭᠦᠯᠦᠨ ᠠᠵᠢᠯᠯᠠᠵᠤ᠂ ᠣᠶᠤᠨ ᠴᠢᠳᠠᠯ ᠢᠶᠠᠨ ᠲᠥᠪᠯᠡᠷᠡᠭᠦᠯᠦᠨ ︽ᠭᠠᠷ ᠲᠤ ᠪᠠᠨ ᠪᠠᠶᠢᠬᠤ︾ ᠲᠥᠷᠥᠯ | ᠵᠦᠢᠯ ᠢ ᠲᠦᠷᠭᠡᠨ ᠬᠡᠷᠡᠭᠵᠢᠭᠦᠯᠵᠦ᠂ ︽ᠬᠡᠷᠡᠭᠵᠢᠬᠦᠯᠦᠭᠳᠡᠬᠦ ᠶᠠᠪᠣᠴᠠ ᠳᠠᠭᠠᠨ ᠪᠠᠶᠢᠭ᠎ᠠ︾ ᠲᠥᠷᠥᠯ ᠵᠦᠢᠯ ᠢ | ᠲᠦᠷᠭᠡᠨ ᠬᠡᠷᠡᠭᠵᠢᠭᠦᠯᠵᠦ᠂ ︽ᠪᠣᠳᠣᠯᠬᠢᠯᠠᠵᠦ ᠪᠠᠶᠢᠭ᠎ᠠ︾ ᠲᠥᠷᠥᠯ ᠵᠦᠢᠯ ᠢ ᠡᠷᠲᠡᠬᠡᠨ ᠪᠣᠳᠠᠲᠤ ᠠᠬᠤᠶ ᠪᠣᠯᠭᠠᠬᠤ ᠶᠢ | ᠠᠬᠢᠭᠤᠯᠬᠤ ᠬᠡᠷᠡᠭᠲᠡᠶ︔ ᠡᠷᠬᠡᠪᠰᠢ ᠠᠵᠤ ᠦᠢᠯᠡᠰ ᠤᠨ ᠬᠥᠭᠵᠢᠯᠲᠡ ᠪᠠᠷ ᠭᠤᠣᠯ ᠲᠤᠯᠭᠠᠭᠤᠷᠢᠯᠠᠯ ᠪᠣᠯᠭᠠᠵᠤ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠰᠠᠶᠢᠨ ᠲᠠᠢ ᠲᠠᠯ᠎ᠠ ᠪᠠᠨ | ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ | ᠪᠠᠷᠢᠮᠲᠠᠯᠠᠵᠤ᠂ ᠠᠵᠤ ᠠᠬᠤᠶᠢᠯᠠᠯ ᠤᠨ ᠳᠦᠪᠯᠡᠷᠡᠯ ᠢ ᠪᠤᠵᠠᠭᠠᠶᠢᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠴᠢᠩᠭᠠᠳᠬᠠᠵᠤ᠂ ᠠᠵᠤ ᠦᠢᠯᠡᠳᠪᠦᠷᠢ ᠭᠡᠬᠦ ᠡᠨᠡᠬᠦ ᠬᠠᠮᠤᠭ ᠤᠨ ᠶᠡᠭᠡ ᠰᠠᠭᠤᠷᠢ ᠶᠢ ᠪᠦᠬᠦ | ᠬᠦᠴᠦᠨ ᠢᠶᠠᠷ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠭᠡᠬᠦ ᠡᠨᠡᠬᠦ | ᠠᠷᠠᠳ ᠢ ᠪᠠᠶᠠᠵᠢᠭᠤᠯᠬᠤ ᠰᠠᠭᠤᠷᠢ ᠶᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ | ᠦᠢᠯᠡᠰ ᠭᠡᠬᠦ ᠡᠨᠡᠬᠦ ᠳᠠᠯᠳᠠ ᠬᠦᠴᠦᠨ ᠢ ᠠᠮᠢᠵᠢᠷᠠᠭᠤᠯᠣᠨ ᠪᠠᠳᠠᠷᠠᠭᠤᠯᠵᠦ᠂ ᠠᠯᠠᠱᠠ ᠶᠢᠨ ᠣᠨᠴᠠᠯᠢᠭ ᠲᠠᠢ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠬᠡᠨ ᠪᠠᠶᠢᠭᠤᠯᠬᠤ ᠬᠡᠷᠡᠭᠲᠡᠢ︔ ᠡᠷᠬᠡᠪᠰᠢ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠶᠡᠷᠦᠩᠬᠡᠶ ᠱᠦᠵᠢ ᠶᠢᠨ ︽ᠰᠤᠷᠤᠯᠭ᠎ᠠ ᠶᠢᠨ ᠵᠠᠷᠤᠳᠠᠯ ᠢ | ᠳᠠᠯᠠᠭᠠᠷ ᠳᠣᠰᠢᠶᠠᠵᠦ ᠪᠤᠯᠬᠤ ᠦᠬᠡᠢ︾ ᠬᠡᠬᠦ ᠴᠢᠬᠤᠯᠠ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ︽ᠨᠢᠭᠡ ᠶᠢ | ᠠᠯᠳᠠᠪᠠᠯ ᠠᠯᠢᠪᠠ ᠪᠠᠨ ᠠᠯᠳᠠᠬᠤ︾ ᠳᠡᠭᠡᠳᠦ ᠬᠡᠮᠵᠢᠶᠡᠨ ᠤ ᠰᠣᠨᠣᠷ ᠰᠡᠷᠡᠮᠵᠢ ᠪᠠᠨ ᠢᠮᠠᠭᠲᠠ ᠪᠠᠲᠤᠯᠠᠵᠤ᠂ ᠡᠯ᠎ᠡ | ᠲᠥᠷᠥᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠮᠤᠷ ᠠᠮᠤᠭᠤᠯᠠᠩ ᠠᠯᠠᠱᠠ ᠶᠢᠨ | ᠪᠠᠶᠢᠭᠤᠯᠤᠯᠲᠠ ᠶᠢ ᠴᠢᠩᠭᠠᠳᠬᠠᠨ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠶ︔ ᠡᠷᠬᠡᠪᠰᠢ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠪᠠᠳᠠᠷᠠᠭᠤᠯᠵᠤ᠂ ︽ | ᠪᠣᠳᠠᠲᠠᠢ︾ ᠪᠠᠶᠢᠬᠤ ᠶᠢ ᠪᠠᠷᠢᠮᠲᠠᠯᠠᠵᠤ᠂ ︽ᠠᠵᠢᠯᠯᠠᠬᠤ︾ ᠪᠠᠷ ᠭᠤᠣᠯ ᠪᠣᠯᠭᠠᠵᠤ᠂ ᠬᠡᠢ ᠯᠠᠷᠵᠢᠶ᠎ᠠ ᠬᠤᠭᠤᠰᠣᠨ | ᠶᠠᠷᠢᠶ᠎ᠠ ᠶᠢ ᠳᠡᠪᠴᠢᠵᠦ᠂ ᠴᠠᠭ ᠪᠠ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠲᠦᠷᠦᠯ | ᠵᠦᠢᠯ ᠢ ᠠᠳᠬᠤᠬᠤ᠂ ᠠᠵᠤ ᠦᠢᠯᠡᠰ ᠢ ᠠᠳᠬᠤᠬᠤ᠂ ᠠᠷᠠᠳ ᠤᠨ ᠠᠮᠢᠳᠤᠷᠠᠯ ᠢ ᠠᠳᠬᠤᠬᠤ ᠳᠡᠭᠡᠷ᠎ᠡ ᠦᠨᠡᠨᠬᠦ | ᠲᠥᠪᠯᠡᠷᠡᠭᠦᠯᠵᠦ᠂ ᠤᠴᠢᠷ ᠶᠠᠪᠤᠳᠠᠯ ᠳᠤ ᠬᠦᠴᠢᠷ ᠠᠴᠠ ᠵᠠᠶᠢᠯᠠᠬᠤ ᠦᠭᠡᠢ᠂ ᠬᠠᠷᠢᠭᠤᠴᠠᠯᠭ᠎ᠠ ᠠᠴᠠ ᠵᠠᠶᠢᠯᠠᠬᠤ ᠦᠭᠡᠢ | ᠪᠠᠶᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠷᠡᠭᠲᠡᠢ᠃ | ᠭᠤᠷᠪᠠ᠂ 2024 ᠣᠨ ᠤ ᠭᠤᠣᠯᠳᠠᠯᠭ᠎ᠠ ᠲᠠᠢ ᠠᠵᠢᠯ | ︵ᠨᠢᠭᠡ︶ ᠲᠦᠷᠦᠯ ᠵᠦᠢᠯ ᠢᠶᠠᠷ ᠭᠤᠣᠯ ᠪᠣᠯᠭᠠᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠢᠨᠠᠷ | ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠢ ᠴᠣᠭᠴᠠᠯᠠᠨ᠎ᠠ | ᠨᠢᠭᠡ ᠳᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠪᠦᠲᠦᠭᠡᠨ ᠪᠠᠶᠢᠭᠤᠯᠣᠨ᠎ᠠ᠃ 2024 ᠣᠨ ᠳᠤ | ᠪᠦᠬᠦ ᠠᠶᠢᠮᠠᠭ ᠲᠤ 134 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ ᠪᠠᠷ ᠲᠣᠭᠲᠠᠵᠤ᠂ ᠶᠡᠷᠦᠩᠬᠡᠢ ᠪᠡᠯᠡ | ᠣᠷᠣᠭᠤᠯᠤᠯᠲᠠ ᠨᠢ 2704 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠪᠡᠯᠡ ᠣᠷᠣᠭᠤᠯᠤᠯᠲᠠ ᠨᠢ 446 | ᠳ᠋ᠦᠩᠰᠢᠭᠤᠷ ᠲᠥᠭᠦᠷᠢᠭ ᠪᠣᠯᠣᠨ᠎ᠠ᠃ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ᠂ ᠲᠤᠰᠬᠠᠶ ᠠᠩᠭᠢ ᠪᠠᠷ | ᠠᠬᠢᠭᠤᠯᠬᠤ ᠵᠡᠷᠭᠡ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ ᠠᠵᠢᠯ ᠢ | ᠠᠳᠬᠤᠵᠤ᠂ ᠲᠣᠬᠢᠷᠠᠭᠤᠯᠤᠯᠲᠠ ᠶᠢ ᠠᠳᠬᠤᠵᠤ᠂ ᠪᠠᠷᠢᠮᠵᠢᠶ᠎ᠠ ᠶᠢ ᠳᠡᠭᠡᠭᠰᠢᠯᠡᠭᠦᠯᠦᠨ ᠪᠦᠷᠢᠳᠬᠡᠬᠦᠯᠵᠦ᠂ ᠲᠥᠷᠥᠯ | ᠵᠦᠢᠯ ᠤᠨ ᠪᠥᠬᠦ ᠬᠡᠯᠬᠢᠶᠡᠨ ᠤ ᠪᠥᠬᠦ ᠡᠯᠧᠮᠧᠨ᠋ᠲ ᠢ ᠰᠠᠶᠢᠲᠤᠷ ᠪᠠᠲᠤᠯᠠᠵᠦ᠂ ᠨᠢᠭᠡᠳᠦᠭᠡᠷ ᠤᠯᠠᠷᠢᠯ ᠳᠤ ᠰᠢᠨ᠎ᠡ ᠪᠠᠷ | ᠪᠠᠶᠢᠭᠤᠯᠬᠤ ᠲᠥᠷᠥᠯ ᠵᠦᠢᠯ ᠤᠨ ᠠᠶᠢᠮᠠᠭ᠂ ᠬᠤᠰᠢᠭᠤᠨ ︵ᠣᠷᠣᠨ︶ ᠤ ᠱᠠᠳᠣᠨ ᠳᠠᠬᠢ ᠡᠮᠦᠨᠡᠬᠢ ᠬᠤᠭᠤᠴᠠᠭᠠᠨ ᠤ | ᠭᠠᠷᠳᠠᠮ ᠢ ᠪᠦᠬᠦᠨ ᠢ ᠬᠦᠢᠴᠡᠳᠭᠡᠵᠦ ᠳᠠᠭᠤᠰᠬᠠᠨ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠶᠢ | 60% ᠠᠴᠠ ᠳᠡᠭᠡᠭᠰᠢ ᠳᠤ ᠬᠦᠷᠭᠡᠵᠦ᠂ ᠪᠠᠯᠠ ᠣᠷᠣᠭᠤᠯᠤᠯᠲᠠ ᠶᠢ 50 ᠳ᠋ᠦᠩᠰᠢᠭᠤᠷ ᠲᠥᠭᠦᠷᠢᠭ ᠠᠴᠠ ᠳᠣᠳᠠᠭᠤ | ᠥᠬᠡᠶ ᠪᠠᠶᠢᠯᠭᠠᠵᠦ᠂ ᠪᠥᠬᠦ ᠵᠢᠯ ᠤᠨ ᠪᠠᠯᠠ ᠣᠷᠣᠭᠤᠯᠤᠯᠲᠠ ᠶᠢᠨ ᠬᠡᠮᠵᠢᠶ᠎ᠡ᠂ ᠪᠣᠳᠠᠲᠤ ᠪᠣᠳᠠᠰ ᠤᠨ ᠬᠡᠮᠵᠢᠶ᠎ᠡ᠂ | ᠠᠵᠢᠯ ᠤᠨ ᠬᠡᠮᠵᠢᠶ᠎ᠡ ︽ᠭᠤᠷᠪᠠ ᠶᠢ ᠵᠡᠷᠭᠡ ᠪᠠᠷ ᠳᠡᠭᠡᠭᠰᠢᠯᠡᠭᠦᠯᠬᠦ︾ ᠶᠢ ᠪᠠᠳᠣᠯᠠᠨ᠎ᠠ᠃ | ᠬᠤᠶᠠᠷ ᠲᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ | ᠠᠷᠠᠯᠵᠢᠶᠠᠴᠢᠨ ᠤᠷᠢᠬᠤ ᠭᠤᠣᠯᠳᠠᠯᠭ᠎ᠠ ᠶᠢ ᠳᠤᠪᠤᠶᠢᠯᠭᠠᠵᠤ᠂ ᠤᠳᠤ ᠶᠢᠨ ᠪᠠᠶᠢᠭ᠎ᠠ ᠭᠤᠣᠯᠯᠠᠬᠤ ᠠᠵᠤ ᠦᠢᠯᠡᠰ ᠤᠨ | ᠲᠡᠰ ᠳᠡᠪᠰᠢᠬᠦ᠂ ᠤᠨᠴᠠᠯᠢᠬᠳᠤ ᠠᠵᠤ ᠦᠢᠯᠡᠰ ᠢ ᠲᠦᠷᠭᠡᠨ ᠬᠥᠭᠵᠢᠭᠦᠯᠬᠦ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠪᠤᠶᠢᠵᠢᠭᠤᠯᠤᠨ ᠬᠡᠯᠬᠢᠶ᠎ᠡ ᠪᠣᠯᠭᠠᠬᠤ ᠵᠡᠷᠭᠡ ᠭᠤᠣᠯᠳᠠᠯᠭ᠎ᠠ ᠶᠢ ᠴᠢᠩᠭ᠎ᠠ ᠠᠩᠬᠠᠷᠴᠤ᠂ ᠲᠦᠷᠦᠯ ᠵᠦᠢᠯ ᠢ | ᠢᠳᠡᠪᠬᠢᠲᠡᠢ ᠪᠠᠷ ᠲᠥᠯᠥᠪᠵᠢᠭᠦᠯᠦᠨ ᠪᠠᠭᠴᠠᠯᠠᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠪᠠᠷ ᠥᠨᠳᠥᠷ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠰᠠᠶᠢᠨ᠂ ᠲᠤᠯᠭᠠᠭᠤᠷᠢᠯᠠᠨ | ᠳᠠᠶᠢᠴᠢᠯᠠᠬᠤ ᠪᠠᠷ ᠴᠢᠩᠭ᠎ᠠ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠬᠦᠴᠦᠯᠡᠨ ᠣᠷᠣᠭᠤᠯᠣᠨ᠎ᠠ᠃ | ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ︽ᠤᠷᠢᠵᠤ ᠣᠷᠣᠭᠤᠯᠬᠤ ᠪᠠ ᠭᠠᠳᠠᠭᠰᠢ ᠭᠠᠷᠬᠤ︾ | ᠶᠢ ᠤᠶᠠᠯᠳᠤᠭᠤᠯᠬᠤ ᠶᠢ ᠪᠠᠷᠢᠮᠲᠠᠯᠠᠵᠤ᠂ ᠴᠡᠭ ᠬᠤᠪᠢᠶᠠᠨ ᠠᠷᠠᠯᠵᠢᠶᠠᠴᠢᠨ ᠤᠷᠢᠬᠤ᠂ ᠵᠦᠷᠢᠶᠡᠴᠢᠯᠡᠨ ᠠᠷᠠᠯᠵᠢᠶᠠᠴᠢᠨ | ᠤᠷᠢᠬᠤ ᠶᠢ ᠪᠠᠷᠢᠮᠲᠠᠯᠠᠵᠤ᠂ ᠨᠠᠩ ᠣᠯᠠᠨ ᠲᠥᠷᠥᠯ ᠵᠦᠢᠯ ᠪᠠ ᠠᠵᠤ ᠠᠬᠤᠶᠢᠯᠠᠯ ᠤᠨ ᠮᠠᠨ ᠤ ᠠᠶᠢᠮᠠᠭ ᠲᠤ | ᠰᠠᠭᠤᠷᠢᠰᠢᠬᠤ ᠶᠢ ᠠᠬᠢᠭᠤᠯᠣᠨ᠎ᠠ᠃ ᠠᠷᠠᠯᠵᠢᠶᠠᠴᠢᠨ ᠤᠷᠢᠬᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ | ︽ᠨᠢᠭᠡ ᠲᠦᠷᠦᠯ ᠵᠦᠢᠯ᠂ ᠨᠢᠭᠡ ᠢᠵᠢ ᠲᠥᠰᠦᠯ᠂ ᠨᠢᠭᠡ ᠤᠳᠤᠷᠢᠳᠤᠯᠭ᠎ᠠ᠂ ᠨᠢᠭᠡ ᠲᠤᠰᠬᠠᠢ ᠠᠩᠬᠢ᠂ | ᠡᠴᠦᠰ ᠲᠤᠨᠢ ᠲᠤᠯᠲᠠᠯ᠎ᠠ ᠠᠳᠬᠤᠬᠤ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠣᠨ ᠤ ᠡᠭᠦᠷᠭᠡ ᠶᠢᠨ ᠨᠠᠷᠢᠨ ᠲᠠᠩᠰᠠ ᠶᠢ ᠪᠠᠶᠢᠭᠤᠯᠵᠤ᠂ ᠱᠠᠳᠤ ᠳᠠᠷᠠᠭᠠᠯᠠᠨ | ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ ᠶᠢ ᠵᠠᠳᠠᠯᠵᠤ᠂ ᠰᠠᠨᠠᠮᠵᠢ ᠶᠢᠨ ᠲᠦᠷᠦᠯ ᠵᠦᠢᠯ ᠢ ᠡᠷᠳᠡᠭᠡᠨ ᠭᠡᠷ᠎ᠡ | ᠲᠣᠭᠲᠠᠬᠤ᠂ ᠭᠡᠷ᠎ᠡ ᠳᠣᠭᠳᠠᠭᠰᠠᠨ ᠲᠦᠷᠦᠯ ᠵᠦᠢᠯ ᠢ ᠡᠷᠳᠡᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠬᠤ ᠪᠡᠯᠡ ᠮᠥᠩᠭᠦ ᠶᠢ 15 % ᠠᠴᠠ ᠳᠡᠭᠡᠭᠰᠢ | ᠨᠡᠮᠡᠭᠳᠡᠭᠦᠯᠵᠦ᠂ ᠲᠦᠷᠦᠯ ᠵᠦᠢᠯ ᠢ ᠣᠷᠣᠭᠤᠯᠤᠨ ᠠᠪᠴᠢᠷᠠᠵᠤ ᠲᠤᠬᠠᠢ ᠶᠢᠨ ᠵᠢᠯ ᠤᠨ ᠠᠵᠢᠯ ᠡᠬᠢᠯᠡᠭᠦᠯᠬᠦ ᠨᠤᠷᠮ᠎ᠠ ᠶᠢ | ᠳᠡᠭᠡᠭᠰᠢᠯᠡᠬᠦᠯᠦᠨ᠎ᠡ᠃ | ᠭᠤᠷᠪᠠ ᠳᠤ᠂ ᠲᠦᠷᠦᠯ ᠵᠦᠢᠯ ᠢ ᠲᠦᠷᠭᠡᠨ ᠲᠡᠮᠡᠴᠡᠨ ᠣᠯᠣᠨ᠎ᠠ᠃ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢ ᠴᠢᠩᠭ᠎ᠠ ᠠᠩᠬᠠᠷᠴᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠵᠡᠷᠭᠡ ᠲᠥᠷᠥ ᠶᠢᠨ | ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠨᠢᠭᠡ ᠪᠦᠯᠦᠭ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠶ | ᠨᠥᠭᠡᠴᠡᠯᠡᠬᠦ ᠲᠥᠷᠥᠯ ᠵᠦᠢᠯ ᠢ ᠢᠳᠡᠪᠬᠢᠲᠡᠶ ᠲᠥᠯᠥᠪᠵᠢᠭᠦᠯᠵᠦ᠂ ᠤᠯᠤᠰ ᠤᠨ ᠲᠠᠰ ᠤᠨ ᠨᠡᠭᠦᠷᠡᠰᠦᠨ ᠤ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠢ ᠨᠥᠭᠡᠴᠡᠯᠡᠵᠦ ᠳᠣᠭᠢᠷᠠᠭᠤᠯᠬᠤ ᠰᠠᠭᠤᠷᠢᠨ ᠭᠠᠵᠠᠷ᠂ ᠦᠯᠵᠡᠢ ᠠᠴᠠ ᠳᠡᠷᠡᠰᠦᠨ | ᠬᠥᠷᠬᠦ ᠲᠡᠮᠦᠷ ᠵᠠᠮ ᠵᠡᠷᠭᠡ ᠬᠦᠳᠦᠯᠦᠨ ᠳᠠᠭᠠᠭᠤᠯᠬᠤ ᠬᠦᠴᠦᠨ ᠢᠶᠠᠷ ᠴᠢᠩᠭ᠎ᠠ᠂ ᠨᠥᠯᠥᠭᠡᠯᠡᠬᠦ ᠬᠦᠴᠦᠨ ᠢᠶᠠᠷ ᠶᠡᠭᠡ | ᠲᠥᠷᠥᠯ ᠵᠦᠢᠯ ᠳᠤ᠂ ᠠᠶᠢᠮᠠᠭ ᠤᠨ ᠱᠠᠲᠤᠨ ᠤ ᠤᠳᠤᠷᠢᠳᠤᠯᠭ᠎ᠠ ᠲᠦᠷᠦᠭᠦᠯᠡᠨ᠂ ᠲᠤᠰᠬᠠᠶ ᠠᠩᠭᠢ ᠪᠠᠷ ᠪᠣᠭᠤᠮᠲᠠ | ᠰᠢᠪᠲᠤᠯᠬᠤ ᠶᠢ ᠠᠬᠢᠭᠤᠯᠵᠤ᠂ ︽ᠶᠠᠮᠤᠨ ᠳᠤ ᠬᠦᠷᠴᠦ ᠪᠡᠭᠡᠵᠢᠩ ᠳᠤ ᠣᠷᠣᠬᠤ︾ ︽ᠬᠥᠬᠡᠬᠤᠲᠠ ᠳᠤ ᠬᠦᠷᠴᠦ | ᠳᠢᠩᠬᠢᠮ ᠲᠠᠢ ᠬᠠᠷᠢᠯᠴᠠᠬᠤ︾ ᠡᠷᠴᠢᠮ ᠢᠶᠠᠨ ᠴᠢᠩᠭᠠᠷᠠᠭᠤᠯᠤᠨ᠂ ᠨᠠᠩ ᠣᠯᠠᠨ ᠲᠥᠷᠥᠯ ᠵᠦᠢᠯ ᠢ ᠤᠯᠤᠰ᠂ | ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠣᠷᠣᠭᠤᠯᠵᠤ᠂ ᠨᠠᠩ ᠣᠯᠠᠨ ᠲᠥᠷᠥᠯ ᠵᠦᠢᠯ ᠢ ᠨᠥᠭᠡᠴᠡᠯᠡᠵᠦ | ᠪᠠᠶᠢᠭᠰᠠᠨ ᠠᠴᠠ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠬᠦᠴᠦᠯᠡᠨ ᠠᠬᠢᠭᠤᠯᠣᠨ᠎ᠠ᠃ | ︵ᠬᠤᠶᠠᠷ︶ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠬᠦ ᠶᠢ ᠲᠦᠷᠬᠡᠨ ᠠᠬᠢᠭᠤᠯᠵᠤ᠂ | ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | ᠨᠢᠭᠡ ᠳᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ︽ᠰᠢᠨ᠎ᠡ︾ ᠪᠠᠶᠢᠳᠠᠯ ᠢ ᠪᠣᠢ ᠪᠣᠯᠭᠠᠨ᠎ᠠ᠃ | ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ | ᠠᠮᠤᠷ ᠲᠦᠪᠰᠢᠨ ᠢ ᠪᠠᠳᠣᠯᠠᠨ᠎ᠠ᠃ ᠤᠰᠤ ᠠᠷᠪᠢᠯᠠᠬᠤ ᠥᠨᠳᠥᠷ ᠪᠦᠲᠦᠮᠵᠢᠲᠡᠶ ᠲᠠᠷᠢᠶᠠᠯᠠᠩ ᠢ ᠢᠳᠡᠪᠬᠢᠲᠡᠶ | ᠬᠥᠭᠵᠢᠭᠦᠯᠵᠦ᠂ ᠲᠥᠬᠦᠭᠡᠷᠦᠮᠵᠢᠲᠦ ᠲᠠᠷᠢᠶᠠᠯᠠᠩ ᠢ 2000 ᠮᠥ ᠰᠢᠨ᠎ᠡ ᠪᠠᠷ ᠨᠡᠮᠡᠭᠳᠡᠭᠦᠯᠵᠦ᠂ ᠴᠢᠨᠠᠷ ᠰᠠᠶᠢᠲᠠᠶ | ᠲᠡᠵᠢᠭᠡᠯ ᠡᠪᠡᠰᠦ ᠳᠠᠷᠢᠵᠤ᠂ ︽ᠢᠳᠡᠰᠢᠨ ᠨᠣᠭᠤᠭ᠎ᠠ︾ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠵᠤ᠂ ᠵᠢᠤᠢ ᠶᠠᠨ ᠪᠠᠯᠲᠤ ᠬᠡᠮᠬᠡ ᠪᠠ ᠴᠢ ᠯᠢᠨ ᠳᠠᠷᠪᠣᠰ | ᠤᠨ ᠠᠵᠤ ᠦᠢᠯᠡᠰ ᠤᠨ ᠰᠠᠭᠤᠷᠢᠨ ᠭᠠᠵᠠᠷ ᠢ ᠡᠬᠢᠯᠡᠨ ᠪᠠᠶᠢᠭᠤᠯᠣᠨ᠎ᠠ᠃ ᠲᠠᠯ᠎ᠠ ᠨᠤᠲᠤᠭ ᠤᠨ ᠮᠠᠯ ᠠᠵᠤ ᠠᠬᠤᠢ ᠶᠢᠨ | ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠶᠢ ᠬᠦᠴᠦᠯᠡᠨ ᠠᠬᠢᠭᠤᠯᠵᠤ᠂ ᠴᠠᠭᠠᠨ ᠨᠣᠯᠣᠣᠷ ᠤᠨ ᠢᠮᠠᠭᠠᠨ ᠤ | ᠡᠭᠦᠯᠳᠡᠷ ᠢ ᠬᠠᠮᠠᠭᠠᠯᠠᠬᠤ ᠰᠠᠭᠤᠷᠢᠨ ᠢ ᠪᠠᠶᠢᠭᠤᠯᠬᠤ ᠪᠠᠷ ᠴᠢᠷᠮᠠᠶᠢᠵᠤ᠂ ᠮᠢᠬᠠᠨ ᠦᠨᠢᠶ᠎ᠡ᠂ ᠴᠠᠭᠠᠨ ᠨᠣᠯᠣᠣᠷ ᠤᠨ | ᠢᠮᠠᠭ᠎ᠠ ᠶᠢ ᠲᠡᠵᠢᠭᠡᠨ ᠦᠷᠡᠵᠢᠭᠦᠯᠬᠦ ᠬᠡᠪᠴᠢᠶ᠎ᠡ ᠶᠢ ᠴᠢᠨᠠᠭᠰᠢᠳᠠ ᠥᠷᠭᠡᠳᠬᠡᠵᠦ᠂ 3000 ᠲᠡᠮᠡᠭᠡᠨ ᠬᠢᠷᠭᠤᠤᠯ ᠤᠨ | ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ | ︽ᠪᠥᠬᠦ ᠤᠯᠤᠰ ᠤᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ | ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯ ᠰᠦᠷᠦᠭ ᠤᠨ ᠪᠦᠲᠦᠴᠡ ᠶᠢᠨ ᠲᠣᠬᠢᠷᠠᠭᠤᠯᠤᠯᠲᠠ᠂ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠬᠡᠯᠬᠢᠶ᠎ᠡ ᠪᠠᠶᠢᠭᠤᠯᠤᠨ | ᠬᠡᠯᠬᠢᠶ᠎ᠡ ᠶᠢ ᠤᠷᠲᠤᠳᠬᠠᠬᠤ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ᠂ ᠨᠠᠷᠠᠲᠤ ᠲᠡᠮᠳᠡᠭᠲᠦ ᠶᠢ ᠪᠣᠶ | ᠪᠣᠯᠭᠠᠬᠤ ᠶᠢ ᠬᠦᠴᠦᠯᠡᠨ ᠠᠬᠢᠭᠤᠯᠵᠤ᠂ ᠦᠢᠯᠡᠳᠬᠦᠨ ᠤ ᠪᠠᠷᠢᠮᠵᠢᠶ᠎ᠠ ᠪᠠ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ᠂ | ᠲᠡᠮᠡᠭᠡᠲᠦ ᠨᠤᠲᠤᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠰᠠᠶᠢᠲᠤᠷ ᠪᠠᠶᠢᠭᠤᠯᠵᠤ᠂ ᠢᠩᠭᠡᠨ | ᠰᠦ ᠶᠢᠨ ᠭᠠᠷᠤᠯᠲᠠ ᠶᠢ 1 ᠲᠦᠮᠡᠨ ᠲᠣᠨ ᠳᠤ ᠬᠦᠷᠭᠡᠵᠦ᠂ ᠪᠥᠬᠦ ᠠᠵᠤ ᠦᠢᠯᠡᠰ ᠤᠨ ᠬᠡᠯᠬᠢᠶ᠎ᠡ ᠶᠢᠨ | ᠦᠢᠯᠡᠳᠬᠦᠨ ᠤ ᠥᠷᠲᠡᠭ ᠢ 25 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ᠲᠥᠷᠥ ᠶᠢᠨ | ᠪᠣᠳᠣᠯᠭ᠎ᠠ ᠶᠢᠨ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠶᠢᠮᠠᠭ ᠤᠨ ᠱᠠᠲᠤᠨ ᠤ ᠡᠳ᠋ ᠤᠨ ᠵᠠᠰᠠᠭ ᠤᠨ | ᠨᠥᠬᠦᠪᠥᠷᠢ ᠪᠠᠷ ᠳᠠᠮᠵᠢᠭᠤᠯᠤᠨ᠂ ᠳᠡᠭᠡᠳᠦ ᠱᠠᠲᠤᠨ ᠤ ᠪᠠᠯᠠ ᠮᠥᠩᠭᠦ ᠶᠢ ᠲᠡᠮᠡᠴᠡᠨ ᠣᠯᠵᠤ᠂ ᠬᠤᠶᠠᠷ ᠵᠢᠯ ᠤᠨ | ᠳᠣᠲᠣᠷ᠎ᠠ 5000 ᠲᠦᠮᠡᠨ ᠲᠥᠭᠦᠷᠢᠭ ᠠᠴᠠ ᠳᠣᠣᠷ᠎ᠠ ᠥᠬᠡᠶ ᠪᠠᠯᠠ ᠣᠷᠣᠭᠤᠯᠵᠤ᠂ ᠮᠠᠯᠴᠢᠨ ᠲᠠᠷᠢᠶᠠᠴᠢᠨ ᠢ | ᠵᠣᠷᠢᠭᠵᠢᠭᠤᠯᠤᠨ ᠳᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠲᠡᠮᠡᠭᠡᠨ ᠤ ᠠᠵᠤ ᠦᠢᠯᠡᠰ ᠢ ᠢᠳᠡᠪᠬᠢᠲᠡᠶ | ᠬᠥᠭᠵᠢᠭᠦᠯᠵᠦ᠂ ᠨᠠᠩ ᠣᠯᠠᠨ ᠨᠡᠶᠢᠭᠡᠮ ᠤᠨ ᠬᠥᠷᠥᠩᠭᠡ ᠶᠢᠨ ᠲᠡᠮᠡᠭᠡᠨ ᠤ ᠠᠵᠤ ᠦᠢᠯᠡᠰ ᠲᠤ ᠪᠠᠯᠠ ᠣᠷᠣᠭᠤᠯᠬᠤ ᠶᠢ | ᠳᠠᠶᠢᠴᠢᠯᠠᠨ᠎ᠠ᠃ ︽ᠪᠦᠬᠦ ᠤᠯᠤᠰ ᠤᠨ ᠣᠳᠣ ᠦᠶ᠎ᠡ ᠶᠢᠨ ᠠᠮᠢ ᠠᠬᠤᠢ ᠡᠯᠡᠰᠦᠨ ᠤ ᠠᠵᠤ ᠦᠢᠯᠡᠰ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ︾ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭᠠᠨ ᠭᠤᠶᠣᠣ | ᠤᠯᠤᠰ ᠤᠨ ᠢᠳᠡᠭᠡᠨ ᠪᠠ ᠡᠮ ᠤᠨ ᠪᠣᠳᠠᠰ ᠤᠨ ᠭᠠᠷᠴᠠᠭ ᠲᠤ ᠣᠷᠣᠭᠰᠠᠨ ᠠᠰᠢᠭᠲᠠᠢ ᠠᠵᠠ ᠲᠣᠬᠢᠶᠠᠯ ᠢ ᠴᠢᠩᠭ᠎ᠠ | ᠠᠳᠬᠤᠵᠤ᠂ ᠠᠯᠠᠱᠠ ᠶᠢᠨ ᠠᠮᠢ ᠠᠬᠤᠢ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ | ᠬᠦᠷᠢᠶᠡᠯᠡᠩ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠳ᠋ᠦᠩ ᠡᠸ᠋ ᠴᠡᠷᠴᠡᠮᠠᠭ ᠵᠡᠷᠭᠡ ᠠᠵᠤ | ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠳᠠᠭᠠᠭᠤᠯᠤᠭᠴᠢ ᠠᠵᠤ ᠠᠬᠤᠶᠢᠯᠠᠯ ᠪᠣᠯᠤᠨ | ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ᠂ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ | ᠦᠷ᠎ᠡ ᠪᠦᠲᠦᠭᠡᠯ ᠢ ᠣᠯᠠᠷᠢᠭᠤᠯᠣᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠢ ᠠᠬᠤᠢ ᠡᠯᠡᠰᠦᠨ ᠤ ᠠᠵᠤ | ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠬᠦᠯᠦᠨ᠎ᠡ᠃ | ᠬᠤᠶᠠᠷ ᠲᠤ᠂ ᠠᠵᠤ ᠦᠢᠯᠡᠳᠪᠦᠷᠢ ᠶᠢᠨ ᠠᠵᠤ ᠦᠢᠯᠡᠰ ᠢ ︽ᠬᠦᠴᠦᠷᠭᠡᠭᠵᠢᠬᠦᠯᠦᠨ᠎ᠡ︾᠃ ︽ᠬᠦᠷᠢᠶᠡᠯᠡᠩ | ᠲᠣᠭᠤᠷᠢᠭ ᠪᠣᠯᠤᠨ ᠠᠵᠤ ᠦᠢᠯᠡᠰ ᠢ ᠳᠡᠰ ᠳᠡᠪᠰᠢᠭᠦᠯᠬᠦ ᠢᠨᠵᠧᠨᠧᠷᠢᠩ︾ ᠢ ᠬᠡᠷᠡᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠤ ᠦᠢᠯᠡᠳᠪᠦᠷᠢ ᠪᠠᠷ ᠭᠤᠣᠯ ᠪᠣᠯᠭᠠᠵᠤ᠂ ᠠᠵᠤ ᠠᠬᠤᠶᠢᠯᠠᠯ ᠢᠶᠠᠷ ᠲᠤᠯᠭᠠᠭᠤᠷᠢᠯᠠᠯ ᠪᠣᠯᠭᠠᠵᠤ᠂ | ᠬᠦᠷᠢᠶᠡᠯᠡᠩ ᠲᠣᠭᠤᠷᠢᠭ ᠢᠶᠠᠷ ᠲᠠᠪᠴᠠᠩ ᠪᠣᠯᠭᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭᠵᠢᠭᠤᠯᠵᠤ᠂ | ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠵᠦ᠂ ᠶᠡᠷᠦᠩᠬᠡᠢ ᠬᠡᠮᠵᠢᠶ᠎ᠡ ᠶᠢ ᠨᠡᠮᠡᠭᠳᠡᠬᠦᠯᠦᠨ᠎ᠡ᠃ ᠪᠥᠸᠧ ᠶᠤᠸᠠᠨ | ᠪᠠᠶᠢᠭᠠᠯᠢ ᠶᠢᠨ ᠬᠤᠵᠢᠷ᠂ ᠬᠣ᠋ ᠮᠧᠩ ᠰᠢᠨ᠎ᠡ ᠮᠠᠲ᠋ᠧᠷᠢᠶᠠᠯ᠂ ᠯᠢᠩ ᠱᠧᠩ ᠰᠢᠨᠵᠢᠯᠡᠬᠦ ᠤᠬᠠᠭᠠᠨ ᠮᠡᠷᠭᠡᠵᠢᠯ᠂ | ᠹᠯᠣᠷ ᠤᠨ ᠢᠷᠡᠯᠲᠡ ᠶᠢᠨ ᠳᠡᠭᠡᠳᠦ ᠵᠡᠷᠭᠡ ᠶᠢᠨ ᠹᠯᠣᠷ ᠤᠨ ᠮᠠᠲ᠋ᠧᠷᠢᠶᠠᠯ᠂ ᠵᠥᠩ ᠱᠧᠩ ᠣᠨᠴᠠ ᠲᠥᠷᠥᠯ ᠤᠨ | ᠪᠣᠯᠣᠳ᠂ ᠪᠠᠯ ᠴᠢᠯᠠᠭᠤᠨ ᠠᠯᠺᠧᠨ ᠵᠡᠷᠭᠡ 60 ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ | ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠠᠪᠣᠰᠣ ᠬᠢᠮᠢ ᠶᠢᠨ | ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠪᠠᠯ ᠴᠢᠯᠠᠭᠤ᠂ ᠬᠤᠵᠢᠷ᠂ | ᠣᠨᠴᠠ ᠲᠥᠷᠥᠯ ᠤᠨ ᠬᠠᠶᠢᠯᠤᠰᠢ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠦᠷᠭᠡᠨ ᠬᠥᠭᠵᠢᠯᠲᠡ ᠶᠢ | ᠠᠬᠢᠭᠤᠯᠣᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠤᠯᠤᠰ ᠤᠨ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠵᠢᠱᠢᠶ᠎ᠡ ᠦᠵᠡᠭᠦᠯᠬᠦ ᠣᠷᠣᠨ ᠪᠣᠯᠭᠠᠨ ᠲᠠᠰ ᠳᠡᠪᠰᠢᠭᠦᠯᠬᠦ ᠶᠢ ᠠᠬᠢᠭᠤᠯᠵᠤ᠂ ᠣᠯᠠᠨᠪᠤᠯᠠᠭ ᠠᠵᠤ | ᠦᠢᠯᠡᠰ ᠤᠨ ᠬᠦᠷᠢᠶᠡᠯᠡᠩ ᠤᠨ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠪᠠ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ᠲᠩᠷᠢ ᠠᠵᠤ ᠦᠢᠯᠡᠰ ᠤᠨ ᠬᠦᠷᠢᠶᠡᠯᠡᠩ ᠤᠨ ᠲᠠᠰ ᠳᠡᠪᠰᠢᠨ | ᠴᠢᠳᠠᠪᠤᠷᠢ ᠪᠠᠨ ᠥᠷᠭᠡᠳᠬᠡᠬᠦ ᠶᠢ ᠠᠬᠢᠭᠤᠯᠵᠤ᠂ ᠣᠲᠣ ᠶᠢᠨ ᠪᠠᠶᠢᠭ᠎ᠠ ᠬᠦᠷᠢᠶᠡᠯᠡᠩ ᠲᠣᠭᠤᠷᠢᠭ ᠤᠨ ᠠᠵᠤ | ᠠᠬᠤᠶ ᠶᠢᠨ ᠶᠡᠷᠦᠩᠬᠡᠶ ᠬᠡᠮᠵᠢᠶ᠎ᠡ᠂ ᠮᠥ ᠪᠦᠷᠢ ᠶᠢᠨ ᠳᠤᠮᠳᠠᠴᠢ ᠦᠷ᠎ᠡ ᠠᠰᠢᠭ᠂ ᠬᠥᠭᠵᠢᠯᠲᠡ ᠶᠢᠨ ᠬᠢᠷᠢ ᠲᠦᠪᠰᠢᠨ ᠢ | ᠳᠡᠭᠡᠭᠰᠢᠯᠡᠬᠦᠯᠦᠨ᠎ᠡ᠃ ︽ᠪᠥᠬᠦ ᠤᠯᠤᠰ ᠤᠨ ᠣᠲᠣ ᠦᠶ᠎ᠡ ᠶᠢᠨ ᠬᠤᠵᠢᠷ ᠬᠢᠮᠢ ᠶᠢᠨ ᠠᠵᠤ ᠦᠢᠯᠡᠳᠪᠦᠷᠢ ᠶᠢᠨ | ᠴᠢᠬᠤᠯᠠ ᠰᠠᠭᠤᠷᠢᠨ ᠭᠠᠵᠠᠷ︾ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠠᠯᠢᠭ ᠬᠤᠵᠢᠷ ᠤᠨ ᠡᠬᠢ | ᠪᠠᠶᠠᠯᠢᠭ ᠪᠠ ᠣᠲᠣ ᠪᠠᠶᠢᠭ᠎ᠠ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠳᠠᠩᠰᠣᠭᠪᠣᠯᠠᠭ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠰᠦᠪᠡᠭᠴᠢᠯᠡᠵᠦ᠂ ᠪᠠᠶᠢᠭᠠᠯᠢ ᠶᠢᠨ ᠬᠤᠵᠢᠷ ᠤᠨ ᠢᠵᠢ | ᠪᠥᠷᠢᠳᠦᠭᠦᠯᠬᠦ ᠠᠵᠤ ᠦᠢᠯᠡᠰ ᠪᠠ ᠳᠤᠮᠳᠠ ᠳᠣᠤᠷᠠᠳᠤ ᠬᠡᠯᠬᠢᠶᠡᠨ ᠤ ᠠᠵᠤ ᠦᠢᠯᠡᠰ ᠢ ᠶᠡᠬᠡᠪᠡᠷ ᠣᠷᠣᠭᠤᠯᠤᠨ | ᠠᠪᠴᠢᠷᠠᠵᠤ᠂ ᠨᠡᠭᠦᠷᠡᠰᠦ ᠳᠠᠪᠣᠰᠣ ᠬᠢᠮᠢ ᠶᠢᠨ ᠠᠵᠤ ᠦᠢᠯᠡᠳᠪᠦᠷᠢ ᠶᠢᠨ ᠣᠷᠴᠢᠯ ᠬᠤᠯᠪᠣᠯᠳᠤᠯ ᠢ ᠠᠬᠢᠭᠤᠯᠤᠨ᠂ | ᠠᠵᠤ ᠦᠢᠯᠡᠳᠪᠦᠷᠢ ᠶᠢᠨ ᠪᠠᠶᠢᠭᠠᠯᠢ ᠶᠢᠨ ᠬᠤᠵᠢᠷ ᠢ ᠡᠮ ᠡᠮᠨᠡᠯᠭᠡ᠂ ᠡᠳᠦᠷ ᠲᠤᠲᠤᠮ ᠤᠨ ᠭᠤᠶᠣᠯᠠᠯ ᠵᠠᠰᠠᠯ ᠤᠨ ᠡᠳ᠋ | ᠂ ᠬᠡᠷᠡᠯ ᠴᠡᠨᠡᠭ ᠤᠨ ᠰᠢᠯ ᠵᠡᠷᠭᠡ ᠠᠵᠤ ᠦᠢᠯᠡᠰ ᠳᠠᠰᠢ ᠤᠷᠲᠤᠳᠬᠠᠬᠤ ᠶᠢ ᠲᠦᠷᠭᠡᠳᠬᠡᠵᠦ᠂ ᠬᠤᠵᠢᠷ ᠤᠨ | ᠡᠳ᠋ᠰᠢᠭᠦᠯᠦᠯᠲᠡ ᠶᠢᠨ ᠥᠷᠲᠡᠭ ᠤᠨ ᠬᠡᠯᠬᠢᠶ᠎ᠡ ᠪᠠ ᠠᠵᠤ ᠦᠢᠯᠡᠰ ᠤᠨ ᠴᠢᠳᠠᠪᠣᠷᠢ ᠬᠢᠷᠢ ᠳᠦᠪᠰᠢᠨ ᠢ ᠲᠠᠰᠤᠷᠠᠯᠲᠠ | ᠥᠬᠡᠶ ᠳᠡᠭᠡᠭᠰᠢᠯᠡᠬᠦᠯᠦᠨ᠎ᠡ᠃ ᠨᠡᠭᠦᠷᠡᠰᠦ ᠮᠠᠯᠲᠠᠬᠤ ᠪᠠ ᠰᠢᠯᠢᠬᠦ ᠦᠢᠯᠡᠰ ᠤᠨ ᠬᠥᠭᠵᠢᠯᠲᠡ ᠶᠢ ᠦᠷᠭᠦᠯᠵᠢᠯᠡᠨ | ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠨᠡᠭᠦᠷᠡᠰᠦᠨ | ᠠᠭᠤᠷᠬᠠᠢ ᠶᠢ ᠡᠮᠬᠢᠯᠡᠨ ᠨᠡᠶᠢᠯᠡᠭᠦᠯᠬᠦ᠂ ᠮᠡᠷᠭᠡᠵᠢᠯ ᠤᠨ ᠥᠭᠡᠷᠡᠴᠢᠯᠡᠯᠲᠡ ᠶᠢ ᠲᠡᠰ ᠳᠡᠪᠰᠢᠭᠦᠯᠬᠦ᠂ | ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠠᠬᠢᠭᠤᠯᠣᠨ᠎ᠠ᠃ ᠰᠢᠨ᠎ᠡ ᠨᠢᠭᠡᠨ ᠡᠭᠡᠯᠵᠢ ᠶᠢᠨ ᠠᠭᠤᠷᠬᠠᠶ | ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠰᠠᠭᠤᠷᠢ ᠮᠥᠩᠭᠦ ᠶᠢ ᠢᠳᠡᠪᠬᠢᠯᠡᠨ ᠣᠯᠵᠤ᠂ ᠭᠤᠤᠯᠳᠠᠯᠭ᠎ᠠ ᠲᠠᠢ | ᠬᠦᠳᠡᠷ᠂ ᠭᠤᠤᠯᠳᠠᠯᠭ᠎ᠠ ᠲᠠᠢ ᠳᠣᠭᠳᠠᠭᠠᠭᠰᠠᠨ ᠣᠷᠣᠨ ᠢ ᠬᠠᠶᠢᠨ ᠪᠠᠶᠢᠴᠠᠭᠠᠬᠤ ᠡᠷᠴᠢᠮ ᠢ ᠨᠡᠮᠡᠭᠳᠡᠬᠦᠯᠦᠨ᠎ᠡ᠃ | ᠭᠤᠷᠪᠠ ᠳᠤ᠂ ᠰᠢᠨ᠎ᠡ ᠡᠨᠧᠷᠭᠢ ᠶᠢᠨ ᠠᠵᠤ ᠦᠢᠯᠡᠰ ᠢ ︽ᠪᠣᠵᠠᠭᠠᠶᠢᠷᠠᠭᠤᠯᠣᠨ᠎ᠠ︾᠃ ︽ᠪᠦᠬᠦ ᠤᠯᠤᠰ ᠤᠨ | ᠴᠢᠬᠤᠯᠠ ᠰᠢᠨ᠎ᠡ ᠡᠨᠧᠷᠭᠢ ᠶᠢᠨ ᠲᠤᠮᠤ ᠰᠠᠭᠤᠷᠢᠨ︾ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠨ᠎ᠡ ᠡᠨᠧᠷᠭᠢ ᠶᠢᠨ ᠬᠡᠪᠴᠢᠶ᠎ᠡ ᠪᠠᠷ ᠶᠡᠭᠡ᠂ ᠥᠨᠳᠥᠷ ᠬᠠᠷᠢᠴᠠᠯ ᠲᠠᠢ᠂ ᠪᠦᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠠᠬᠢᠭᠤᠯᠣᠨ᠎ᠠ᠃ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠠᠨ ᠦᠷᠭᠡᠳᠬᠡᠵᠦ᠂ ᠲᠩᠷᠢ ᠡᠯᠡᠰᠦᠨ ᠤ | ᠵᠡᠭᠦᠨ ᠡᠮᠦᠨᠡᠲᠦ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ 200 ᠲᠦᠮᠡᠨ ᠺᠢᠯᠣᠸᠠᠲ ᠤᠨ ᠭᠡᠷᠡᠯ | ᠴᠡᠨᠡᠭ ᠤᠨ ᠬᠤᠰᠢᠭᠤᠴᠢ ᠢᠨᠵᠧᠨᠧᠷᠢᠩ ᠵᠢᠴᠢ ᠢᠵᠢ ᠪᠦᠷᠢᠳᠦᠭᠦᠯᠬᠦ 4 × 100 ᠲᠦᠮᠡᠨ ᠺᠢᠯᠣᠸᠠᠲ ᠤᠨ | ᠢᠯᠴᠢ ᠶᠢᠨ ᠴᠠᠬᠢᠯᠭᠠᠨ᠂ ᠮᠧᠩ ᠨᠧᠩ ᠡᠨᠧᠷᠭᠢ ᠶᠢᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ | ᠴᠠᠬᠢᠯᠭᠠᠨ᠂ ᠮᠧᠩ ᠨᠧᠩ ᠬᠠᠨ ᠬᠠᠢ ᠡᠨᠧᠷᠭᠢ ᠶᠢᠨ 100 ᠲᠦᠮᠡᠨ ᠺᠢᠯᠣᠸᠠᠲ ᠤᠨ ᠭᠡᠷᠡᠯ ᠴᠡᠨᠡᠭ ᠤᠨ ᠴᠠᠬᠢᠯᠭᠠᠨ᠂ | ᠬᠦᠸᠧ ᠨᠧᠩ ᠡᠨᠧᠷᠭᠢ ᠶᠢᠨ 60 ᠲᠦᠮᠡᠨ ᠺᠢᠯᠣᠸᠠᠲ ᠤᠨ ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ | ᠰᠢᠪᠳᠣᠷ ᠦᠢᠯᠡᠳᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ | ᠠᠳᠬᠤᠵᠤ᠂ ᠵᠢᠯ ᠤᠨ ᠳᠣᠲᠣᠷ᠎ᠠ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 500 ᠲᠦᠮᠡᠨ ᠺᠢᠯᠣᠸᠠᠲ ᠠᠴᠠ | ᠳᠡᠭᠡᠭᠰᠢ ᠪᠠᠶᠢᠯᠭᠠᠬᠤ ᠶᠢ ᠬᠦᠴᠦᠯᠡᠨ ᠠᠬᠢᠭᠤᠯᠣᠨ᠎ᠠ᠃ ᠵᠠᠰᠠᠭ ᠠᠵᠤ ᠠᠬᠤᠶᠢᠯᠠᠯ ᠤᠨ ᠬᠠᠮᠵᠢᠯᠴᠠᠭ᠎ᠠ ᠶᠢ | ᠴᠢᠩᠭᠠᠳᠬᠠᠵᠤ᠂ ᠵᠢᠢ ᠯᠢ᠂ ᠶᠦᠨ ᠳ᠋ᠠ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠷᠭᠡ ᠠᠵᠤ | ᠠᠬᠤᠶᠢᠯᠠᠯ ᠯᠤᠭ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ ᠲᠤᠪᠤᠶᠢᠮ᠎ᠠ ᠰᠠᠶᠢᠲᠤᠷ ᠠᠳᠬᠤᠵᠤ᠂ ᠰᠠᠯᠬᠢᠨ ᠬᠦᠴᠦᠨ ᠤ | ᠬᠠᠪᠳᠠᠰᠦ᠂ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠵᠦ᠂ ᠤᠯᠤᠰ ᠤᠨ ᠲᠡᠰ ᠤᠨ ᠴᠡᠪᠡᠷ ᠮᠧᠲ᠋ᠢᠯ ᠠᠯᠺᠣᠤᠯ ᠦᠢᠯᠡᠳᠬᠦ ᠪᠡᠯᠡᠳᠬᠡᠯ ᠲᠤᠮᠤ | ᠰᠠᠭᠤᠷᠢᠨ ᠢ ᠬᠠᠮᠲᠤᠪᠠᠷ ᠲᠥᠯᠥᠪᠵᠢᠭᠦᠯᠦᠨ ᠪᠠᠶᠢᠭᠤᠯᠵᠤ᠂ ᠴᠡᠪᠡᠷ ᠮᠧᠲ᠋ᠢᠯ ᠠᠯᠺᠣᠤᠯ ᠦᠢᠯᠡᠳᠬᠦ ᠪᠡᠯᠡᠳᠬᠡᠯ | ᠨᠢᠭᠡᠳᠦᠭᠡᠷ ᠬᠤᠭᠤᠴᠠᠭᠠᠨ ᠤ 50 ᠲᠦᠮᠡᠨ ᠲᠣᠨ ᠤ ᠲᠦᠷᠦᠯ ᠵᠦᠢᠯ ᠢ ᠡᠬᠢᠯᠡᠨ ᠪᠠᠶᠢᠭᠤᠯᠬᠤ ᠶᠢ ᠬᠦᠴᠦᠯᠡᠨ | ᠠᠬᠢᠭᠤᠯᠣᠨ᠎ᠠ᠃ ᠴᠡᠪᠡᠷ ᠡᠨᠧᠷᠭᠢ ᠪᠠᠷ ᠣᠷᠣᠯᠠᠭᠤᠯᠬᠤ ᠠᠯᠬᠤᠴᠠ ᠪᠠᠨ ᠲᠦᠷᠭᠡᠳᠬᠡᠵᠦ᠂ ᠠᠵᠤ ᠠᠬᠤᠶᠢᠯᠠᠯ ᠤᠨ | ᠵᠠᠬ᠎ᠠ ᠳᠡᠯᠭᠡᠭᠦᠷᠵᠢᠭᠰᠡᠨ ᠰᠢᠨ᠎ᠡ ᠡᠨᠧᠷᠭᠢ ᠶᠢᠨ ᠲᠦᠷᠦᠯ ᠵᠦᠢᠯ ᠢ ᠪᠦᠳᠦᠭᠡᠨ ᠪᠠᠶᠢᠭᠤᠯᠬᠤ ᠶᠢ ᠵᠣᠷᠢᠭᠵᠢᠭᠤᠯᠤᠨ | ᠲᠡᠮᠵᠢᠵᠤ᠂ ᠲᠡᠷᠢᠭᠦᠨ ᠤ ᠡᠨᠧᠷᠭᠢ ᠶᠡᠭᠡ ᠵᠠᠷᠤᠴᠠᠭᠤᠯᠬᠤ ᠠᠵᠤ ᠦᠢᠯᠡᠰ ᠢ ᠢᠳᠡᠪᠬᠢᠲᠡᠢ ᠵᠣᠯᠭᠠᠭᠤᠯᠵᠤ᠂ ᠲᠡᠷᠢᠭᠦᠨ ᠤ | ᠡᠨᠧᠷᠭᠢ ᠶᠡᠭᠡ ᠵᠠᠷᠣᠴᠠᠭᠤᠯᠵᠦ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ | ᠴᠢᠷᠮᠠᠶᠢᠨ ᠪᠠᠶᠢᠭᠤᠯᠣᠨ᠎ᠠ᠃ ᠦᠪᠦᠷ ᠮᠣᠩᠭᠤᠯ ᠨᠢᠩᠰᠢᠶᠠ ᠶᠢᠨ ᠡᠨᠧᠷᠭᠢ ᠶᠢᠨ ᠲᠤᠰᠬᠠᠶ ᠵᠦᠢᠯ ᠤᠨ | ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠢ ᠭᠦᠨᠵᠡᠭᠡᠶ ᠨᠠᠶᠢᠳᠠᠪᠤᠷᠢᠵᠢᠭᠤᠯᠵᠤ᠂ ᠠᠬ᠎ᠠ ᠳᠡᠭᠦᠤ ᠠᠶᠢᠮᠠᠭ | ᠬᠤᠲᠠ ᠯᠤᠭ᠎ᠠ ᠶᠢᠨ ᠴᠡᠪᠡᠷ ᠡᠨᠧᠷᠭᠢ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠠᠯᠠᠱᠠ | ᠬᠢᠭᠡᠳ ᠦᠬᠠᠶ ᠶᠢᠨ ᠨᠢᠭᠡᠳᠦᠭᠡᠷ ᠬᠤᠭᠤᠴᠠᠭᠠᠨ ᠤ 200 ᠲᠦᠮᠡᠨ ᠺᠢᠯᠣᠸᠠᠲ᠂ ᠴᠢᠩ ᠳᠦᠩ ᠰᠢᠶᠠ ᠶᠢᠨ | ᠬᠥᠩᠭᠡᠨ ᠴᠠᠭᠠᠨ ᠤ ᠴᠠᠬᠢᠯᠭᠠᠨ ᠤ 300 ᠲᠦᠮᠡᠨ ᠺᠢᠯᠣᠸᠠᠲ ᠤᠨ ᠰᠠᠯᠬᠢ ᠭᠡᠷᠡᠯ ᠤᠨ ᠡᠨᠧᠷᠭᠢ ᠶᠢ ᠨᠢᠭᠡ | ᠴᠣᠭᠴᠠᠵᠢᠭᠤᠯᠣᠭᠰᠠᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ | ᠠᠬᠢᠭᠤᠯᠣᠨ᠎ᠠ᠃ | ᠳᠥᠷᠪᠡ ᠳᠤ᠂ ᠰᠣᠶᠣᠯ ᠵᠢᠭᠤᠯᠴᠢᠯᠠᠯ ᠤᠨ ᠦᠢᠯᠡᠴᠢᠯᠡᠬᠡᠨ ᠤ ᠦᠢᠯᠡᠰ ᠢ ︽ᠣᠬᠢ ᠰᠢᠯᠢᠳᠡᠭ︾ ᠪᠣᠯᠭᠠᠨ᠎ᠠ᠃ | ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ︽ᠳᠥᠷᠪᠡᠨ ᠭᠠᠵᠠᠷ︾ ᠢ ᠪᠥᠲᠥᠭᠡᠨ ᠪᠠᠶᠢᠭᠤᠯᠬᠤ ᠵᠡᠷᠭᠡ | ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠦᠵᠡᠮᠵᠢ ᠶᠢᠨ ᠣᠷᠣᠨ ᠤ ᠪᠡᠯᠡᠳᠬᠡᠮᠵᠢ ᠶᠢ | ᠢᠵᠢ ᠪᠥᠷᠢᠳᠦᠭᠦᠯᠬᠦ ᠪᠠ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠳᠡᠭᠡᠳᠦ A | ᠲᠠᠰ ᠤᠨ ᠦᠵᠡᠮᠵᠢ ᠶᠢᠨ ᠣᠷᠣᠨ ᠤ ᠵᠠᠰᠠᠮᠠᠯ ᠵᠠᠮ ᠤᠨ ᠲᠠᠰ ᠳᠡᠪᠰᠢᠬᠦ ᠶᠢ ᠠᠬᠢᠭᠤᠯᠵᠤ᠂ ᠵᠤᠭᠠᠴᠠᠭᠰᠠᠳ ᠤᠨ | ᠦᠢᠯᠡᠴᠢᠯᠡᠭᠡᠨ ᠤ ᠲᠥᠪ᠂ ᠵᠢᠭᠤᠯᠴᠢᠯᠠᠯ ᠤᠨ ᠥᠷᠲᠡᠭᠡ᠂ ᠵᠢᠭᠤᠯᠴᠢᠯᠠᠯ ᠤᠨ ᠦᠵᠡᠮᠵᠢ ᠶᠢᠨ ᠬᠤᠩᠭᠢᠯ᠂ ᠣᠶᠤᠨᠴᠢ | ᠵᠢᠭᠤᠯᠴᠢᠯᠠᠯ ᠤᠨ ᠲᠠᠪᠴᠠᠩ ᠵᠡᠷᠭᠡ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ | ᠠᠵᠢᠯ ᠲᠦᠷᠦᠯ ᠤᠨ ᠳᠦᠷᠦᠭᠦᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠲᠦᠷᠦᠯ ᠲᠡᠮᠳᠡᠭ ᠢ ᠪᠣᠢ ᠪᠣᠯᠭᠠᠬᠤ ᠶᠢ ᠦᠷᠭᠦᠯᠵᠢᠯᠡᠨ ᠠᠬᠢᠭᠤᠯᠵᠤ | ᠂ ᠠᠯᠠᠱᠠ ᠶᠢᠨ ᠪᠠᠶᠠᠰᠬᠤᠯᠠᠩᠳᠤ ᠴᠦᠯ ᠤᠨ ᠳᠡᠯᠡᠬᠡᠢ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ | ᠲᠥᠯᠥᠪᠵᠢᠭᠦᠯᠦᠨ ᠪᠦᠳᠦᠬᠡᠨ ᠪᠠᠶᠢᠭᠤᠯᠣᠨ᠎ᠠ᠃ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ ᠶᠢ ᠰᠠᠶᠢᠲᠤᠷ | ᠠᠳᠬᠤᠵᠤ᠂ ᠪᠠᠳᠠᠶ ᠶᠢᠨ ᠵᠢᠷᠠᠨ ᠤ ᠡᠯᠡᠰᠦᠨ ᠴᠥᠯ ᠢ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ | ᠪᠣᠯᠭᠠᠨ ᠪᠠᠶᠢᠭᠤᠯᠬᠤ ᠶᠢ ᠠᠬᠢᠭᠤᠯᠵᠤ᠂ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢ ᠤᠯᠤᠰ ᠤᠨ ᠲᠠᠰ ᠤᠨ | ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠪᠠ ᠰᠥᠨᠢ ᠶᠢᠨ ᠵᠠᠬ᠎ᠠ ᠶᠢᠨ ᠰᠣᠶᠣᠯ᠂ ᠵᠢᠭᠤᠯᠴᠢᠯᠠᠯ ᠤᠨ ᠬᠡᠷᠡᠭᠯᠡᠭᠡ | ᠲᠥᠪᠯᠡᠷᠡᠭᠰᠡᠨ ᠣᠷᠣᠨ ᠪᠣᠯᠭᠠᠨ ᠪᠠᠶᠢᠭᠤᠯᠵᠤ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠡᠵᠡᠨ᠎ᠡ ᠶᠢᠨ | ᠠᠯᠲᠠᠨ ᠨᠠᠮᠤᠷ ᠤᠨ ᠲᠤᠤᠷᠠᠶ ᠶᠢᠨ ᠨᠠᠶᠢᠷ᠂ ᠪᠠᠳᠠᠢ ᠶᠢᠨ ᠵᠢᠷᠠᠨ ᠤ ᠡᠯᠡᠰᠦᠨ ᠴᠥᠯ ᠤᠨ ᠰᠣᠶᠣᠯ ᠵᠢᠭᠤᠯᠴᠢᠯᠠᠯ ᠤᠨ | ᠨᠠᠶᠢᠷ᠂ ᠠᠯᠠᠱᠠ ᠶᠢᠨ ᠲᠡᠮᠡᠭᠡᠨ ᠤ ᠨᠠᠶᠢᠷ ᠵᠡᠷᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠵᠦ᠂ | ᠪᠥᠬᠦ ᠤᠯᠤᠰ ᠤᠨ ᠲᠡᠷᠭᠡ ᠵᠢᠯᠣᠭᠤᠳᠴᠤ ᠬᠡᠬᠡᠷᠡᠯᠡᠨ ᠪᠠᠭᠤᠳᠠᠯᠯᠠᠬᠤ ᠵᠢᠭᠤᠯᠴᠢᠯᠠᠯ ᠤᠨ ᠬᠥᠭᠵᠢᠯᠲᠡ ᠶᠢᠨ ᠶᠡᠭᠡ | ᠬᠤᠷᠠᠯ ᠢ ᠳᠠᠭᠠᠭᠠᠴᠢᠯᠠᠨ ᠡᠷᠭᠢᠯᠡᠵᠦ᠂ ᠠᠯᠠᠱᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠪᠥᠬᠦ | ᠬᠦᠴᠦᠨ ᠢᠶᠠᠷ ᠢᠶᠠᠨ ᠳᠡᠭᠡᠭᠰᠢᠯᠡᠬᠦᠯᠦᠨ᠎ᠡ᠃ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ | ᠦᠵᠡᠮᠦᠷᠢ ᠶᠢᠨ ᠴᠢᠯᠠᠭᠤ᠂ ᠡᠷᠳᠡᠨᠢ ᠶᠢᠨ ᠬᠠᠰ ᠴᠢᠯᠠᠭᠤᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ | ᠶᠠᠰᠤ ᠴᠢᠨᠠᠷ ᠦᠷ᠎ᠡ ᠠᠰᠢᠭ ᠢ ᠲᠦᠷᠭᠡᠨ ᠳᠡᠭᠡᠭᠰᠢᠯᠡᠭᠦᠯᠵᠦ᠂ ᠪᠦᠬᠦ ᠤᠯᠤᠰ ᠲᠤ ᠠᠯᠳᠠᠷᠲᠠᠢ ᠲᠥᠪᠯᠡᠷᠡᠭᠦᠯᠦᠨ | ᠲᠠᠷᠬᠠᠭᠠᠬᠤ ᠠᠷᠠᠯᠵᠢᠶᠠᠨ ᠤ ᠭᠠᠵᠠᠷ ᠢ ᠴᠢᠷᠮᠠᠶᠢᠨ ᠪᠠᠶᠢᠭᠤᠯᠣᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ | ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠦᠢᠯᠡᠰ ᠢ ᠥᠷᠭᠡᠳᠬᠡᠵᠦ᠂ ᠨᠠᠩ ᠣᠯᠠᠨ ᠵᠥᠷᠢᠶᠡᠲᠦ ᠰᠣᠳᠣᠨ | ᠵᠢᠭᠤᠯᠴᠢᠯᠠᠯ ᠤᠨ ᠵᠠᠮ ᠱᠤᠭᠤᠮ ᠢ ᠲᠥᠯᠥᠪᠯᠡᠵᠤ᠂ ︽ᠠᠯᠠᠱᠠ ᠶᠢᠨ ᠪᠡᠯᠡᠭ︾ ᠤᠨ ᠨᠠᠷᠠᠲᠤ ᠲᠡᠮᠳᠡᠭᠲᠦ ᠶᠢ ᠡᠭᠦᠳᠴᠦ | ᠂ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠨ᠂ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠪᠥᠬᠦ | ᠣᠷᠣᠨ ᠪᠦᠰᠡ ᠶᠢᠨ ᠵᠢᠭᠤᠯᠴᠢᠯᠠᠯ᠂ ᠪᠥᠬᠦ ᠦᠢᠯᠡᠰ ᠬᠤᠯᠪᠣᠭᠠᠯᠠᠨ ᠬᠥᠳᠡᠯᠦᠯᠴᠡᠬᠦ᠂ ᠪᠥᠬᠦ ᠠᠷᠠᠳ ᠢᠶᠠᠷ ᠢᠶᠠᠨ | ᠣᠷᠣᠯᠴᠠᠬᠤ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠣᠢ ᠪᠣᠯᠭᠠᠨ᠎ᠠ᠃ 2024 ᠣᠨ ᠳᠤ᠂ ᠵᠢᠭᠤᠯᠴᠢᠯᠠᠯ ᠤᠨ | ᠬᠥᠮᠦᠨ ᠤ ᠲᠤᠭ᠎ᠠ 1000 ᠲᠦᠮᠡᠨ ᠬᠥᠮᠦᠨ ᠤᠳᠠᠭ᠎ᠠ ᠶᠢ ᠳᠠᠪᠠᠵᠤ᠂ ᠵᠢᠭᠤᠯᠴᠢᠯᠠᠯ ᠤᠨ ᠣᠷᠣᠯᠭ᠎ᠠ ᠶᠢ 100 | ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ | ᠲᠠᠪᠤ ᠳᠤ᠂ ᠪᠣᠭᠤᠮᠲᠠ ᠶᠢᠨ ᠠᠵᠤ ᠠᠬᠤᠢ ᠶᠢ ︽ᠰᠢᠯᠢᠳᠡᠭᠵᠢᠬᠦᠯᠦᠨ᠎ᠡ︾᠃ ︽ᠨᠡᠭᠡᠭᠡᠯᠲᠡ ᠬᠢᠵᠦ | ᠬᠠᠮᠲᠤᠷᠠᠯᠴᠠᠬᠤ ᠢᠨᠵᠧᠨᠧᠷᠢᠩ︾ ᠢ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠡ ᠪᠣᠭᠤᠮᠲᠠ ᠶᠢᠨ | ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ AGV᠂ ᠤᠶᠤᠨᠲᠤ ᠬᠦᠨᠳᠦ | ᠠᠴᠢᠶᠠᠨ ᠤ ᠮᠠᠰᠢᠨ ᠤ ᠵᠢᠯᠣᠭᠤᠴᠢ ᠥᠬᠡᠶ ᠪᠠᠷ ᠬᠢᠯᠢ ᠪᠠᠷ ᠦᠩᠭᠡᠷᠡᠬᠦ ᠲᠡᠭᠡᠭᠡᠪᠦᠷᠢ ᠶᠢᠨ ᠵᠠᠭᠪᠤᠷ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠴᠡᠭᠡ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠭᠤᠶᠤᠴᠢᠯᠠᠨ | ᠮᠡᠳᠡᠭᠦᠯᠵᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠢ ᠪᠠᠶᠢᠩᠭᠤ ᠠᠵᠢᠯᠯᠠᠭᠤᠯᠬᠤ ᠶᠢ | ᠠᠬᠢᠭᠤᠯᠵᠤ᠂ ᠲᠡᠷᠢᠭᠦᠨ ᠤ ᠲᠣᠭᠠᠴᠢᠯᠠᠭᠰᠠᠨ᠂ ᠤᠶᠤᠨᠴᠢᠯᠠᠭᠰᠠᠨ᠂ ᠣᠳᠣᠬᠢᠴᠢᠯᠠᠭᠰᠠᠨ ᠪᠣᠭᠤᠮᠲᠠ ᠶᠢ ᠴᠢᠷᠮᠠᠶᠢᠨ | ᠪᠠᠶᠢᠭᠤᠯᠵᠤ᠂ ᠪᠥᠬᠦ ᠵᠢᠯ ᠤᠨ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢ 2000 ᠲᠦᠮᠡᠨ ᠲᠣᠨ ᠠᠴᠠ | ᠳᠡᠭᠡᠭᠰᠢ ᠪᠠᠶᠢᠯᠭᠠᠨ᠎ᠠ᠃ ᠥᠯᠵᠡᠶ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠳᠤ ᠪᠠᠯᠠ ᠣᠷᠣᠭᠤᠯᠬᠤ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠵᠢᠯ ᠤᠨ ᠳᠣᠲᠣᠷ᠎ᠠ ᠪᠣᠭᠤᠮᠲᠠ ᠪᠠᠷ ᠥᠩᠭᠡᠷᠡᠬᠦ ᠨᠥᠬᠦᠴᠡᠯ ᠢ ᠪᠦᠷᠢᠯᠳᠦᠭᠦᠯᠬᠦ ᠪᠠᠷ | ᠴᠢᠷᠮᠠᠶᠢᠨ᠎ᠠ᠃ ᠨᠡᠪᠲᠡᠷᠡᠬᠦ ᠵᠠᠮ ᠪᠠ ᠪᠣᠭᠤᠮᠲᠠ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠨᠡᠭᠦᠷᠡᠰᠦ | ᠬᠥᠮᠥᠷᠭᠡᠯᠡᠨ ᠬᠠᠳᠠᠭᠠᠯᠠᠬᠤ᠂ ᠤᠬᠢᠶᠠᠵᠤ ᠰᠣᠩᠭᠤᠬᠤ᠂ ᠨᠡᠭᠦᠷᠡᠰᠦ ᠲᠣᠬᠢᠷᠠᠭᠤᠯᠬᠤ᠂ ᠪᠠᠷᠠᠭᠠᠨ ᠤ ᠬᠦᠢᠯᠭᠡᠭᠡ ᠪᠠ | ᠪᠠᠴᠢᠮ ᠪᠠᠶᠢᠳᠠᠯ ᠢ ᠠᠷᠭᠠᠴᠠᠨ ᠳᠣᠭᠢᠷᠠᠭᠤᠯᠬᠤ ᠵᠡᠷᠭᠡ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠵᠦ᠂ ︽ | ᠥᠪᠥᠷ ᠮᠣᠩᠭᠤᠯ ᠤᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ᠂ ᠰᠢᠨᠵᠢᠶᠠᠩ ᠤᠨ ᠨᠡᠭᠦᠷᠡᠰᠦ ᠶᠢ ᠵᠡᠭᠦᠨᠰᠢ | ᠲᠡᠭᠡᠭᠡᠪᠦᠷᠢᠯᠡᠬᠦ︾ ᠵᠠᠩᠭᠢᠯᠠᠭ᠎ᠠ ᠶᠢᠨ ᠬᠦᠢᠰᠦ ᠶᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠤᠯᠤᠰ ᠤᠨ ᠲᠠᠰ ᠤᠨ | ᠨᠡᠭᠦᠷᠡᠰᠦᠨ ᠤ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠠᠳᠠᠭᠠᠯᠠᠵᠤ ᠳᠣᠭᠢᠷᠠᠭᠤᠯᠬᠤ ᠰᠠᠭᠤᠷᠢᠨ ᠭᠠᠵᠠᠷ ᠢ | ᠴᠢᠷᠮᠠᠶᠢᠨ ᠪᠠᠶᠢᠭᠤᠯᠣᠨ᠎ᠠ᠃ ᠪᠥᠬᠦ ᠠᠶᠢᠮᠠᠭ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠲᠠᠪᠴᠠᠩ ᠢ | ᠪᠠᠶᠢᠭᠤᠯᠬᠤ ᠶᠢ ᠠᠬᠢᠭᠤᠯᠵᠤ᠂ ︽ᠲᠤᠬᠠᠶᠢᠯᠠᠭᠰᠠᠨ ᠠᠵᠢᠯ᠂ ᠲᠤᠭ᠎ᠠ ᠪᠠᠷᠢᠮᠲᠠ ᠶᠢ ᠦᠯᠡᠳᠡᠭᠡᠵᠦ᠂ ᠭᠠᠶᠢᠯᠢ | ᠲᠠᠲᠠᠪᠤᠷᠢ ᠶᠢ ᠪᠤᠴᠠᠭᠠᠬᠤ︾ ᠶᠢ ᠠᠬᠢᠭᠤᠯᠣᠨ᠎ᠠ᠃ | ︵ᠭᠤᠷᠪᠠ︶ ᠠᠮᠢ ᠠᠬᠤᠢ ᠶᠢᠨ ᠬᠠᠮᠠᠭᠠᠯᠠᠯᠳᠠ ᠵᠠᠰᠠᠯᠳᠠ ᠶᠢ ᠰᠢᠰᠲ᠋ᠧᠮ ᠲᠠᠢ ᠪᠠᠷ ᠰᠠᠶᠢᠳᠤᠷ ᠠᠳᠬᠤᠵᠤ᠂ | ᠴᠢᠨᠠᠷ ᠰᠠᠶᠢᠳᠠᠢ ᠬᠦᠭᠵᠢᠯᠳᠡ ᠶᠢᠨ ᠰᠠᠭᠤᠷᠢ ᠶᠢ ᠪᠠᠳᠣᠳᠬᠠᠨ᠎ᠠ | ᠨᠢᠭᠡ ᠳᠤ᠂ ︽ᠪᠣᠭᠤᠮᠲᠠ ᠰᠢᠪᠲᠤᠯᠬᠤ︾ ᠡᠷᠴᠢᠮ ᠢᠶᠠᠨ ᠴᠢᠩᠭᠠᠷᠠᠭᠤᠯᠣᠨ᠎ᠠ᠃ ︽ᠮᠠᠨ ᠤ ᠤᠯᠤᠰ ᠤᠨ | ᠤᠮᠠᠷᠠᠲᠤ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠤᠯᠤᠭᠠᠨ ᠶᠡᠭᠡ ᠳᠠᠶᠢᠯᠠᠯᠳᠤᠭᠠᠨ︾ ᠢ ᠬᠡᠷᠡᠭᠵᠢᠭᠦᠯᠬᠦ ᠪᠠᠷ | ᠭᠠᠷᠳᠠᠴᠠ ᠪᠣᠯᠭᠠᠵᠤ᠂ ᠬᠠᠲᠤᠨ ᠭᠤᠤᠯ ᠤᠨ ︽ᠳᠣᠬᠤᠢ ᠶᠢᠨ ᠬᠡᠰᠡᠭ︾ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠪᠣᠯᠤᠨ ᠾᠧᠰᠢ ᠶᠢᠨ ᠬᠤᠩᠭᠢᠯ— ᠳᠠᠺᠠᠯᠠᠮᠠ ᠡᠯᠡᠰᠦᠨ ᠴᠥᠯ ᠤᠨ ᠨᠡᠶᠢᠯᠡᠬᠦ ᠶᠢ ᠬᠤᠷᠢᠭᠯᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠶ᠂ ᠨᠤᠲᠤᠭ | ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠵᠡᠷᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ ᠠᠳᠬᠤᠨ᠎ᠠ᠃ | ᠪᠠᠷᠠᠭᠤᠨ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ | ᠭᠤᠤᠯᠳᠠᠯᠭ᠎ᠠ ᠲᠠᠢ ᠰᠠᠶᠢᠲᠤᠷ ᠬᠡᠷᠡᠭᠵᠢᠭᠦᠯᠵᠦ᠂ ᠴᠦᠯᠯᠡᠷᠭᠡᠭᠵᠢᠯ ᠢ ᠵᠠᠰᠠᠬᠤ ︽ᠠᠯᠠᠱᠠ ᠶᠢᠨ ᠵᠠᠭᠪᠤᠷ︾ ᠢ | ᠳᠡᠯᠭᠡᠷᠡᠭᠦᠯᠦᠨ ᠬᠡᠷᠡᠭᠯᠡᠭᠰᠡᠨ ᠰᠠᠭᠤᠷᠢᠨ ᠳᠡᠭᠡᠷ᠎ᠡ᠂ ᠳᠦᠯᠦᠪᠵᠢᠬᠦᠯᠬᠡ ᠶᠢ ᠲᠥᠯᠥᠪᠯᠡᠬᠦ᠂ ᠢᠨᠵᠧᠨᠧᠷᠢᠩ ᠢ | ᠬᠡᠷᠡᠭᠵᠢᠭᠦᠯᠬᠦ᠂ ᠲᠥᠷᠥᠯ ᠵᠦᠢᠯ ᠢ ᠬᠠᠮᠢᠶᠠᠷᠬᠤ᠂ ᠮᠡᠷᠭᠡᠵᠢᠯ ᠢᠶᠠᠷ ᠳᠣᠯᠭᠠᠭᠤᠷᠢᠯᠠᠬᠤ ᠲᠠᠯ᠎ᠠ ᠪᠠᠷ ᠬᠠᠶᠢᠨ | ᠰᠦᠪᠡᠭᠴᠢᠯᠡᠨ ᠰᠢᠨ᠎ᠡ ᠶᠢ ᠡᠭᠦᠳᠴᠦ᠂ ᠵᠢᠯ ᠤᠨ ᠳᠣᠲᠣᠷ᠎ᠠ ᠪᠥᠬᠦ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ | ᠴᠢᠨᠰᠠᠭ᠎ᠠ ᠶᠢ ᠪᠠᠲᠤᠯᠠᠨ ᠪᠡᠶᠡᠯᠡᠭᠦᠯᠵᠤ᠂ ᠪᠥᠬᠦ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠠᠭᠤᠷᠢᠶᠠᠯ | ᠢᠨᠵᠧᠨᠧᠷᠢᠩ ᠪᠣᠯᠭᠠᠬᠤ ᠪᠠᠷ ᠴᠢᠷᠮᠠᠶᠢᠨ᠎ᠠ᠃ | ᠬᠤᠶᠠᠷ ᠲᠤ᠂ ︽ᠰᠡᠷᠭᠡᠶᠢᠯᠡᠨ ᠵᠠᠰᠠᠬᠤ︾ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠦᠬᠠᠢ ᠵᠢᠴᠢ ᠡᠷᠬᠢᠨ | ᠲᠣᠭᠤᠷᠢᠨ ᠤ ᠭᠠᠵᠠᠷ ᠣᠷᠣᠨ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠡᠵᠡᠮᠳᠡᠬᠦ ᠶᠢ | ᠭᠦᠨᠵᠡᠭᠡᠶᠢᠷᠡᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠭᠤᠷᠬᠠᠢ ᠶᠢᠨ ᠠᠵᠤ ᠠᠬᠤᠶᠢᠯᠠᠯ᠂ | ᠮᠠᠯᠵᠢᠬᠤ ᠲᠠᠷᠢᠶᠠᠯᠠᠬᠤ ᠣᠷᠣᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠭᠤᠣᠯ ᠤᠨ ᠰᠣᠳᠠᠭ | ᠰᠠᠪᠠ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ | ᠬᠠᠮᠢᠶᠠᠷᠣᠭᠴᠢ ᠦᠭᠡᠢ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠶᠢ ᠢᠳᠡᠪᠬᠢᠲᠡᠢ ᠠᠬᠢᠭᠤᠯᠣᠨ᠎ᠠ᠃ ᠲᠥᠪ ᠪᠠ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠳᠤ ᠳᠣᠷᠠᠳᠣᠭᠰᠠᠨ ᠠᠰᠠᠭᠤᠳᠠᠯ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠡᠷᠡᠮᠵᠢ ᠶᠢᠨ ᠹᠢᠯᠢᠮ ᠳᠤ ᠲᠤᠰᠬᠠᠭᠰᠠᠨ | ᠠᠰᠠᠭᠤᠳᠠᠯ ᠵᠢᠴᠢ ᠬᠢᠨᠠᠨ ᠪᠣᠳᠣᠯᠳᠠ ᠳᠤ ᠳᠣᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠨ᠎ᠠ᠃ | ᠭᠤᠷᠪᠠ ᠳᠤ᠂ ︽ᠤᠶᠠᠯᠳᠤᠭᠤᠯᠬᠤ︾ ᠠᠵᠢᠯ ᠢ ᠰᠠᠶᠢᠲᠤᠷ ᠬᠢᠨ᠎ᠡ᠃ ︽ᠡᠯᠡᠰᠦ ᠶᠢ ᠰᠡᠷᠭᠡᠶᠢᠯᠡᠵᠦ ᠡᠯᠡᠰᠦ ᠶᠢ | ᠵᠠᠰᠠᠬᠤ ᠪᠠ ᠰᠢᠨ᠎ᠡ ᠡᠨᠧᠷᠭᠢ᠂ ᠨᠤᠲᠤᠭ ᠤᠰᠤ ᠪᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠶᠢ ᠨᠢᠭᠡ | ᠴᠤᠬᠴᠠᠵᠢᠭᠤᠯᠤᠬᠰᠠᠨ ᠢᠨᠵᠧᠨᠧᠷᠢᠩ︾ ᠢ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠪᠲᠠᠰᠤᠨ | ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠣᠣᠷ᠎ᠠ ᠳᠠᠷᠢᠬᠤ ᠵᠡᠷᠭᠡ ᠭᠡᠷᠡᠯ ᠴᠡᠨᠡᠭ ᠢᠶᠠᠷ ᠡᠯᠡᠰᠦ ᠶᠢ ᠵᠠᠰᠠᠬᠤ | ᠲᠦᠷᠦᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ︽ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ — ᠠᠮᠢ | ᠠᠬᠤᠢ ᠶᠢ ᠰᠡᠷᠭᠦᠭᠡᠬᠦ — ᠬᠥᠷᠥᠰᠥ ᠰᠢᠷᠣᠢ ᠶᠢ ᠰᠠᠶᠢᠵᠢᠷᠠᠭᠤᠯᠬᠤ︾ ᠡᠯᠡᠰᠦ ᠶᠢ ᠵᠠᠰᠠᠬᠤ ᠵᠠᠭᠪᠤᠷ ᠢ | ᠰᠦᠪᠡᠭᠴᠢᠯᠡᠵᠦ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠬᠡᠯᠪᠡᠷᠢ ᠶᠢ ᠳᠡᠯᠭᠡᠷᠡᠭᠦᠯᠵᠦ | ᠂ ᠮᠠᠯᠴᠢᠨ ᠲᠠᠷᠢᠶᠠᠴᠢᠨ ᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠡᠯᠡᠰᠦᠨ ᠤ ᠠᠵᠤ | ᠦᠢᠯᠡᠰ᠂ ᠡᠯᠡᠰᠦᠨ ᠤ ᠵᠢᠭᠤᠯᠴᠢᠯᠠᠯ ᠤᠨ ᠦᠢᠯᠡᠰ ᠵᠡᠷᠭᠡ ᠠᠮᠢ ᠠᠬᠤᠢ ᠶᠢᠨ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢ ᠳᠠᠶᠢᠴᠢᠯᠠᠬᠤ ᠶᠢᠨ ᠬᠠᠮᠲᠤ ᠮᠠᠯᠴᠢᠨ | ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠣᠨ᠎ᠠ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠠᠮᠢ ᠠᠬᠤᠶ ᠶᠢᠨ ᠲᠥᠷᠥᠯ | ᠵᠦᠢᠯ ᠢ ᠬᠢᠯᠢ ᠳᠠᠭᠠᠤ ᠵᠠᠮ ᠳᠠᠭᠠᠤ ᠤᠷᠲᠤᠳᠬᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠢᠯᠢ | ᠬᠢᠵᠠᠭᠠᠷ ᠲᠤ ᠤᠨᠴᠠᠯᠢᠬᠳᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠨᠤᠲᠤᠭ | ᠤᠰᠤ ᠪᠠᠨ ᠰᠠᠬᠢᠵᠤ ᠬᠢᠯᠢ ᠬᠢᠵᠠᠭᠠᠷ ᠢᠶᠠᠨ ᠬᠠᠮᠠᠭᠠᠯᠠᠵᠦ ᠪᠠᠶᠢᠭ᠎ᠠ ᠮᠠᠯᠴᠢᠨ ᠲᠠᠷᠢᠶᠠᠴᠢᠨ ᠤ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠠᠮᠢ ᠠᠬᠤᠶ ᠪᠠᠷ ᠬᠢᠯᠢ ᠬᠢᠵᠠᠭᠠᠷ ᠢᠶᠠᠨ ᠬᠠᠮᠠᠭᠠᠯᠠᠵᠦ᠂ | ᠠᠵᠤ ᠦᠢᠯᠡᠰ ᠢᠶᠠᠷ ᠬᠢᠯᠢ ᠬᠢᠵᠠᠭᠠᠷ ᠢᠶᠠᠨ ᠭᠦᠭᠵᠢᠬᠦᠯᠵᠦ᠂ ᠠᠷᠠᠳ ᠢᠶᠠᠨ ᠪᠠᠶᠠᠵᠢᠭᠤᠯᠤᠨ ᠬᠢᠯᠢ ᠪᠠᠨ ᠪᠠᠬᠢᠵᠢᠬᠦᠯᠦᠨ᠎ᠡ᠃ | ᠠᠮᠢ ᠠᠬᠤᠶ ᠶᠢ ᠬᠠᠮᠠᠭᠠᠯᠠᠬᠤ ᠪᠠ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠬᠠᠷᠢᠯᠴᠠᠨ | ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢ ᠢᠳᠡᠪᠬᠢᠲᠡᠶ ᠲᠣᠬᠢᠷᠠᠭᠤᠯᠵᠤ᠂ | ᠪᠣᠬᠢᠷᠲᠤᠯ ᠥᠬᠡᠶ ᠠᠭᠤᠷᠬᠠᠶ᠂ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠬᠦᠷᠢᠶᠡᠯᠡᠩ ᠲᠣᠭᠤᠷᠢᠭ ᠢ | ᠲᠦᠷᠭᠡᠳᠬᠡᠨ ᠪᠠᠶᠢᠭᠤᠯᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠢ ᠰᠠᠨᠠᠭᠠᠴᠢᠯᠠᠵᠤ᠂ | ᠴᠢᠨᠠᠷ ᠰᠠᠶᠢᠲᠠᠶ ᠬᠥᠭᠵᠢᠯᠲᠡ ᠬᠢᠭᠡᠳ ᠥᠨᠳᠥᠷ ᠲᠦᠪᠰᠢᠨ ᠪᠥᠬᠦᠶ ᠬᠠᠮᠠᠭᠠᠯᠠᠯᠲᠠ ᠶᠢᠨ ᠰᠠᠶᠢᠨ ᠠᠪᠴᠠᠯᠳᠦᠯ ᠢ | ᠠᠬᠢᠭᠤᠯᠣᠨ᠎ᠠ᠃ | ︵ᠲᠦᠷᠪᠡ︶ ᠬᠤᠲᠠ ᠬᠥᠳᠡᠭᠡ ᠶᠢᠨ ᠵᠣᠬᠢᠴᠠᠯᠳᠤᠨ ᠬᠥᠳᠡᠯᠦᠯᠴᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ | ᠂ ᠴᠢᠨᠠᠷ ᠰᠠᠶᠢᠲᠠᠶ ᠬᠥᠭᠵᠢᠯᠲᠡ ᠶᠢᠨ ᠠᠴᠢᠶᠠᠯᠠᠪᠤᠷᠢ ᠶᠢ ᠪᠠᠶᠢᠭᠤᠯᠤᠨ᠎ᠠ | ᠨᠢᠭᠡ ᠳᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ | ︽ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠣᠨ ᠥᠭᠡᠷᠡᠴᠢᠯᠡᠬᠦ ᠢᠨᠵᠧᠨᠧᠷᠢᠩ︾ ᠢ ᠬᠡᠷᠡᠭᠵᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠢ ᠰᠠᠯᠪᠤᠷᠢ ᠱᠤᠭᠤᠮ | ᠤᠨ ᠨᠢᠰᠭᠡᠯ ᠤᠨ ᠪᠠᠭᠤᠳᠠᠯ ᠪᠣᠯᠭᠠᠨ ᠥᠭᠡᠷᠡᠴᠢᠯᠡᠬᠦ᠂ ᠢᠷᠭᠠᠢ ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ ᠤᠨ | ᠲᠡᠮᠦᠷ ᠵᠠᠮ᠂ ᠯᠢᠨ ᠾᠧ ᠠᠴᠠ ᠬᠠᠮᠢᠯ ᠬᠦᠷᠬᠦ ᠲᠡᠮᠦᠷ ᠵᠠᠮ ᠤᠨ ᠯᠢᠨ ᠾᠧ ᠠᠴᠠ ᠡᠵᠡᠨ᠎ᠡ ᠬᠦᠷᠬᠦ ᠬᠡᠰᠡᠭ ᠤᠨ | ᠴᠢᠳᠠᠮᠵᠢ ᠶᠢ ᠥᠷᠭᠡᠳᠬᠡᠨ ᠥᠭᠡᠷᠡᠴᠢᠯᠡᠬᠦ᠂ ᠤᠯᠤᠰ ᠤᠨ ᠵᠠᠮ 213 ᠶᠢᠨ ᠳ᠋ᠦᠩ ᠹᠧᠩ ᠰᠠᠨᠰᠠᠷ ᠤᠨ ᠬᠤᠲᠠ ᠠᠴᠠ | ᠠᠷᠪᠠᠨ ᠳᠥᠷᠪᠡᠳᠦᠭᠡᠷ ᠰᠠᠭᠤᠷᠢᠨ ᠬᠦᠷᠲᠡᠯᠡᠬᠢ ᠵᠠᠰᠠᠮᠠᠯ ᠵᠠᠮ᠂ ᠮᠤᠵᠢ ᠶᠢᠨ ᠵᠠᠮ 315 ᠶᠢᠨ ᠪᠠᠭᠠᠲᠤᠷᠴᠤᠳ ᠤᠨ | ᠴᠣᠭᠯᠠᠭᠠᠨ ᠠᠴᠠ ᠦ᠋ ᠸᠧᠶ ᠬᠥᠷᠬᠦ ᠵᠠᠰᠠᠮᠠᠯ ᠵᠠᠮ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠣᠨ᠎ᠠ᠃ ︽ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠢᠨᠵᠧᠨᠧᠷᠢᠩ︾ ᠢ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠵᠢᠴᠢ ᠬᠢᠯᠢ ᠶᠢᠨ ᠤᠰᠤ ᠬᠠᠩᠭᠠᠬᠤ ᠪᠠᠲᠤᠯᠠᠭ᠎ᠠ᠂ ᠦᠶᠡᠷ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ᠂ ᠠᠶᠤᠯ ᠢ ᠰᠡᠷᠭᠡᠶᠢᠯᠡᠨ ᠬᠠᠰᠢᠯᠭ᠎ᠠ ᠶᠢ ᠪᠠᠬᠢᠯᠡᠬᠦ ᠵᠡᠷᠭᠡ ᠤᠰᠤᠨ ᠠᠰᠢᠭᠯᠠᠯᠲᠠ ᠶᠢᠨ ᠲᠥᠷᠥᠯ ᠵᠦᠢᠯ ᠢ | ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠢ ᠵᠠᠰᠠᠬᠤ | ᠂ ᠤᠯᠠᠭᠠᠨᠪᠤᠬ᠎ᠠ ᠶᠢᠨ ᠡᠯᠡᠰᠦ ᠶᠢ ᠬᠠᠰᠢᠵᠤ ᠭᠤᠤᠯ ᠳᠤ ᠣᠷᠣᠬᠤ ᠠᠴᠠ ᠰᠡᠷᠭᠡᠶᠢᠯᠡᠵᠦ ᠤᠰᠤ ᠬᠠᠩᠭᠠᠬᠤ ᠵᠡᠷᠭᠡ | ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠡᠮᠦᠨᠡᠳᠦ ᠶᠢᠨ ᠤᠰᠤ ᠶᠢ | ᠤᠮᠠᠷᠠᠰᠢ ᠲᠠᠲᠠᠬᠤ ᠪᠦᠯᠦᠭᠯᠡᠯ᠂ ᠳᠤᠮᠳᠠᠳᠤ ᠤᠯᠤᠰ ᠤᠨ ᠤᠰᠤᠨ ᠤ ᠡᠷᠬᠡ ᠶᠢᠨ ᠠᠷᠠᠯᠵᠢᠶᠠᠨ ᠤ ᠭᠠᠵᠠᠷ ᠯᠤᠭ᠎ᠠ ᠶᠢᠨ | ᠬᠠᠮᠲᠤᠷᠠᠯᠴᠠᠭᠠᠨ ᠤ ᠰᠠᠨᠠᠮᠵᠢ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠤᠯᠠᠨ ᠬᠡᠯᠪᠡᠷᠢ ᠶᠢᠨ | ᠤᠰᠤᠨ ᠤ ᠡᠷᠬᠡ ᠶᠢ ᠠᠷᠠᠯᠵᠢᠶᠠᠯᠠᠬᠤ᠂ ᠠᠶᠢᠮᠠᠭ ᠬᠤᠳᠠ ᠠᠯᠤᠰᠯᠠᠨ ᠤᠰᠤᠨ ᠤ ᠡᠷᠬᠡ ᠶᠢ ᠰᠢᠯᠵᠢᠭᠦᠯᠦᠨ ᠥᠭᠬᠦ᠂ | ᠭᠠᠵᠠᠷ ᠣᠷᠣᠨ ᠤ ᠬᠤᠭᠤᠷᠣᠨᠳᠣᠬᠢ ᠤᠰᠤᠨ ᠤ ᠡᠬᠢ ᠪᠠᠶᠠᠯᠢᠭ ᠢ ᠰᠣᠯᠢᠬᠤ ᠠᠵᠢᠯ ᠢ ᠦᠷᠭᠦᠯᠵᠢᠯᠡᠨ ᠦᠷᠨᠢᠬᠦᠯᠦᠨ᠎ᠡ᠃ | ᠬᠠᠷ᠎ᠠ ᠭᠤᠣᠯ᠂ ᠰᠤᠪᠨᠠᠭᠤᠷ ᠤᠨ ᠡᠷᠭᠢ ᠵᠢᠴᠢ ᠤᠰᠤᠨ ᠣᠷᠣᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ | ᠂ ᠠᠵᠤ ᠦᠢᠯᠡᠰ ᠤᠨ ᠤᠰᠤ ᠠᠷᠪᠢᠯᠠᠵᠤ ᠬᠤᠷᠣᠭᠳᠠᠯ ᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ | ᠰᠦᠢᠳᠬᠡᠯ ᠢ ᠪᠠᠭᠠᠰᠬᠠᠬᠤ ᠶᠢ ᠵᠡᠷᠭᠡᠪᠡᠷ ᠠᠬᠢᠭᠤᠯᠵᠤ᠂ ᠤᠰᠤ ᠶᠢ ᠦᠨᠡᠨᠬᠦ ᠠᠷᠪᠢᠯᠠᠵᠤ᠂ ᠠᠮᠢᠯᠠᠭᠤᠯᠵᠤ᠂ ᠤᠰᠤᠨ ᠤ | ᠶᠡᠷᠦᠩᠬᠡᠢ ᠬᠡᠮᠵᠢᠶ᠎ᠡ ᠶᠢ ᠴᠢᠷᠮᠠᠶᠢᠨ ᠥᠷᠭᠡᠳᠬᠡᠵᠦ᠂ ᠤᠰᠤᠨ ᠤ ᠲᠤᠯᠭᠠᠭᠤᠷᠢᠯᠠᠯ ᠢ ᠴᠢᠩᠭᠠᠳᠬᠠᠨ᠎ᠠ᠃ | ᠬᠤᠶᠠᠷ ᠲᠤ᠂ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠣᠨ᠎ᠠ᠃ ᠬᠤᠲᠠ ᠪᠠᠯᠭᠠᠰᠤᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠪᠠᠶᠠᠨᠬᠤᠲᠠ ᠶᠢᠨ ᠤᠶᠤᠨᠲᠤ ᠤᠰᠤᠨ ᠤ ᠶᠠᠪᠤᠳᠠᠯ ᠵᠢᠴᠢ ᠵᠠᠮ ᠤᠨ | ᠬᠠᠭᠤᠴᠢᠨ ᠤᠰᠤ ᠬᠠᠩᠭᠠᠬᠤ ᠬᠤᠭᠤᠯᠠᠶ ᠲᠣᠤᠷ ᠢ ᠲᠠᠰ ᠳᠡᠪᠰᠢᠭᠦᠯᠬᠦ᠂ ᠠᠯᠠᠱᠠ ᠪᠠᠷᠠᠭᠤᠨ ᠬᠤᠰᠢᠭᠤᠨ ᠤ ᠬᠤᠲᠠ | ᠪᠠᠯᠭᠠᠰᠤᠨ ᠤ ᠤᠰᠤ ᠵᠠᠯᠠᠬᠤ ᠦᠶᠡᠷ ᠢ ᠰᠡᠷᠭᠡᠶᠢᠯᠡᠬᠦ ᠵᠢᠴᠢ ᠬᠤᠲᠠ ᠪᠠᠯᠭᠠᠰᠤᠨ ᠤ ᠭᠠᠵᠠᠷ ᠳᠣᠤᠷᠠᠬᠢ ᠬᠤᠭᠤᠯᠠᠶ ᠶᠢᠨ | ᠲᠣᠤᠷ ᠢ ᠥᠭᠡᠷᠡᠴᠢᠯᠡᠬᠦ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠶ᠋ᠬᠠᠤᠪᠤᠭ᠎ᠠ ᠶᠢᠨ ᠵᠠᠮ ᠤᠨ ᠪᠥᠲᠥᠭᠡᠨ | ᠪᠠᠶᠢᠭᠤᠯᠤᠯᠲᠠ ᠵᠢᠴᠢ ᠳᠠᠭᠠᠯᠲᠠ ᠢᠵᠢ ᠪᠥᠷᠢᠳᠦᠭᠦᠯᠬᠦ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠰᠠᠶᠢᠲᠤᠷ | ᠠᠳᠬᠤᠵᠤ᠂ ᠨᠢᠭᠡ ᠪᠦᠯᠦᠭ ᠬᠤᠲᠠ ᠪᠠᠯᠭᠠᠰᠤᠨ ᠤ ᠮᠤᠬᠤᠷ ᠵᠠᠮ᠂ ᠲᠦᠭᠵᠢᠷᠡᠭᠰᠡᠨ ᠵᠠᠮ᠂ ᠤᠰᠤ ᠬᠤᠷᠠᠭᠰᠠᠨ | ᠵᠠᠮ ᠢ ᠦᠷᠭᠦᠯᠵᠢᠯᠡᠨ ᠨᠡᠪᠲᠡᠷᠡᠭᠦᠯᠬᠦ ᠪᠠ ᠵᠠᠰᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠯᠠᠪᠳᠠᠭᠤᠨ ᠪᠠᠲᠤᠲᠠᠢ ᠠᠬᠢᠭᠤᠯᠵᠤ᠂ 148 ᠬᠦᠴᠦᠳᠡᠯ ᠥᠭᠡᠷᠡᠴᠢᠯᠡᠭᠴᠢ ᠶᠢ ᠢᠵᠢ ᠪᠦᠷᠢᠳᠦᠭᠦᠯᠦᠨ ᠪᠠᠶᠢᠭᠤᠯᠵᠤ᠂ | ᠬᠢᠯᠢ ᠳᠠᠭᠠᠤ ᠶᠢᠨ 4G ᠰᠦᠯᠵᠢᠶᠡᠨ ᠤ ᠰᠠᠭᠤᠷᠢ ᠦᠷᠳᠡᠭᠡ ᠶᠢ 45 ᠪᠠᠶᠢᠭᠤᠯᠵᠤ᠂ ᠤᠯᠤᠰ ᠤᠨ ᠵᠠᠮ 331 ᠶᠢᠨ | ᠵᠠᠮ ᠤᠨ ᠬᠤᠳᠳᠤᠭ ᠠᠴᠠ ᠰᠢᠬᠢᠷᠯᠢᠭ ᠬᠤᠳᠳᠤᠭ ᠬᠦᠷᠲᠡᠯᠡᠬᠢ ᠬᠡᠰᠡᠭ ᠵᠡᠷᠭᠡ ᠵᠠᠰᠠᠮᠠᠯ ᠵᠠᠮ ᠤᠨ ᠲᠦᠷᠦᠯ ᠵᠦᠢᠯ ᠢ | ᠰᠠᠶᠢᠲᠤᠷ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠤᠰᠤ ᠴᠠᠬᠢᠯᠭᠠᠨ ᠵᠠᠮ ᠴᠢᠮᠡᠭᠡ ᠬᠤᠯᠪᠣᠭ᠎ᠠ ᠶᠢ ᠨᠡᠶᠢᠳᠡᠮ | ᠬᠠᠮᠣᠷᠣᠭᠤᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠣᠨ᠎ᠠ᠃ | ᠭᠤᠷᠪᠠ ᠳᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠣᠨ᠎ᠠ᠃ | ᠡᠯ᠎ᠡ ᠬᠤᠰᠢᠭᠤ ᠣᠷᠣᠨ ᠤ ᠳᠠᠯᠳᠠ ᠬᠦᠴᠦᠨ ᠢᠶᠠᠨ ᠪᠠᠳᠠᠷᠠᠭᠤᠯᠬᠤ᠂ ᠪᠣᠭᠤᠮᠢ ᠶᠢ ᠰᠢᠪᠲᠤᠯᠬᠤ᠂ ᠳᠠᠪᠠᠭᠤᠯᠢᠭ ᠢᠶᠠᠨ | ᠶᠡᠬᠡᠰᠬᠡᠬᠦ ᠶᠢ ᠳᠠᠮᠵᠢᠵᠤ᠂ ᠣᠨᠴᠠᠯᠢᠭᠲᠤ ᠭᠤᠤᠯᠯᠠᠬᠤ ᠠᠵᠤ ᠦᠢᠯᠡᠰ ᠢ ᠲᠦᠷᠬᠡᠨ ᠪᠤᠶᠢᠵᠢᠭᠤᠯᠤᠨ ᠪᠤᠵᠠᠭᠠᠶᠢᠷᠠᠭᠤᠯᠵᠤ | ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠬᠦᠯᠦᠨ᠎ᠡ᠃ ︽ᠠᠯᠠᠱᠠ ᠵᠡᠭᠦᠨ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠰᠠᠨᠠᠯ︾ ᠢ ᠲᠣᠭᠲᠠᠭᠠᠨ ᠨᠡᠶᠢᠲᠡᠯᠡᠵᠦ᠂ ᠠᠯᠠᠱᠠ ᠵᠡᠭᠦᠨ | ᠬᠤᠰᠢᠭᠤᠨ ᠤ ᠠᠶᠢᠮᠠᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠨᠠᠩ ᠰᠠᠶᠢᠲᠤᠷ ᠡᠭᠦᠷᠭᠡᠯᠡᠵᠦ᠂ | ᠠᠶᠢᠮᠠᠭ ᠤᠨ ᠵᠠᠰᠠᠭ ᠤᠨ ᠣᠷᠳᠣᠨ ᠤ ᠦᠢᠯᠡᠳᠦᠯ ᠢ ᠪᠠᠳᠠᠷᠠᠭᠤᠯᠵᠤ᠂ ᠠᠶᠢᠮᠠᠭ ᠤᠨ ᠵᠠᠰᠠᠭ ᠤᠨ ᠣᠷᠳᠣᠨ ᠤ ᠳᠦᠷᠢ | ᠲᠥᠷᠬᠦ ᠶᠢ ᠢᠯᠡᠷᠡᠭᠦᠯᠬᠦ ᠶᠢ ᠳᠡᠮᠵᠢᠨ᠎ᠡ᠃ ︽ᠲᠡᠮᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ︾ ᠶᠢ ᠲᠣᠭᠲᠠᠭᠠᠨ ᠨᠡᠶᠢᠲᠡᠯᠡᠵᠦ᠂ ᠠᠯᠠᠱᠠ ᠪᠠᠷᠠᠭᠤᠨ | ᠬᠤᠰᠢᠭᠤᠨ ᠤ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠵᠠᠭᠪᠤᠷ ᠢ ᠪᠣᠶ ᠪᠣᠯᠭᠠᠬᠤ ᠶᠢ | ᠳᠡᠮᠵᠢᠵᠦ᠂ ᠪᠥᠬᠦ ᠠᠶᠢᠮᠠᠭ ᠤᠨ ᠲᠡᠮᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ | ᠳᠠᠶᠢᠴᠢᠯᠠᠨ᠎ᠠ᠃ ︽ᠠᠶᠢᠮᠠᠭ ᠲᠤ ᠰᠠᠭᠤᠭ᠎ᠠ ᠴᠢᠬᠤᠯᠠ ᠴᠡᠷᠢᠭ ᠤᠨ ᠶᠠᠪᠤᠳᠠᠯ ᠤᠨ ᠰᠠᠭᠤᠷᠢᠨ ᠭᠠᠵᠠᠷ ᠬᠢᠭᠡᠳ ᠣᠷᠣᠨ | ᠨᠤᠲᠤᠭ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ︾᠂ ︽ᠬᠤᠳᠠᠯᠳᠤᠭᠠᠨ ᠤ | ᠵᠣᠷᠢᠭᠤᠯᠣᠯᠳᠠ ᠪᠦᠬᠦᠢ ᠰᠠᠨᠰᠠᠷ ᠠᠶᠠᠯᠠᠯ ᠬᠠᠷᠪᠣᠯᠳᠠ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ | ᠲᠥᠰᠦᠯ︾ ᠢ ᠲᠣᠭᠲᠠᠭᠠᠨ ᠨᠡᠶᠢᠲᠡᠯᠡᠵᠦ᠂ ᠡᠵᠡᠨ᠎ᠡ ᠬᠤᠰᠢᠭᠤᠨ ᠤ ᠬᠤᠳᠠᠯᠳᠤᠭᠠᠨ ᠤ ᠵᠣᠷᠢᠭᠤᠯᠣᠯᠳᠠ ᠪᠦᠬᠦᠢ | ᠰᠠᠨᠰᠠᠷ ᠠᠶᠠᠯᠠᠯ ᠵᠡᠷᠭᠡ ᠴᠡᠷᠢᠭ ᠠᠷᠠᠳ ᠤᠨ ᠬᠡᠷᠡᠭᠯᠡᠭᠡ ᠠᠭᠤᠰᠣᠯᠴᠠᠭᠰᠠᠨ ᠠᠵᠤ ᠦᠢᠯᠡᠰ ᠢ ᠬᠥᠭᠵᠢᠭᠦᠯᠬᠦ ᠶᠢ | ᠳᠡᠮᠵᠢᠨ᠎ᠡ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ᠂ ᠬᠤᠶᠠᠷᠬᠤᠳᠳᠤᠭ ᠤᠨ ᠬᠦᠳᠡᠭᠡ | ᠵᠢᠱᠢᠶ᠎ᠡ ᠦᠵᠡᠭᠦᠯᠬᠦ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠪᠠᠨ ᠤᠯᠠᠮ ᠨᠢᠭᠡ ᠠᠯᠬᠤᠮ ᠳᠡᠬᠦᠯᠳᠡᠷᠵᠢᠬᠦᠯᠵᠦ | ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠪᠠᠨ ᠳᠣᠳᠣᠷᠬᠠᠶᠢᠯᠠᠵᠦ᠂ ᠬᠠᠮᠢᠶᠠᠷᠤᠯᠲᠠ ᠶᠢᠨ ᠪᠠᠶᠢᠭᠤᠯᠤᠯ ᠢᠶᠠᠨ | ᠰᠢᠯᠣᠭᠤᠳᠬᠠᠵᠦ᠂ ᠠᠵᠤ ᠦᠢᠯᠡᠰ ᠢ ᠬᠦᠭᠵᠢᠬᠦᠯᠬᠦ᠂ ᠠᠵᠤ ᠠᠬᠤᠶᠢᠯᠠᠯ ᠳᠤ ᠦᠢᠯᠡᠴᠢᠯᠡᠬᠦ᠂ ᠦᠨᠳᠦᠰᠦᠨ ᠱᠠᠳᠣ ᠶᠢ | ᠵᠠᠰᠠᠬᠤ᠂ ᠠᠷᠠᠳ ᠤᠨ ᠠᠮᠢᠳᠤᠷᠠᠯ ᠢ ᠪᠠᠳᠣᠯᠠᠬᠤ ᠵᠡᠷᠭᠡ ᠴᠢᠳᠠᠪᠤᠷᠢ ᠬᠢᠷᠢ ᠲᠦᠪᠰᠢᠨ ᠢᠶᠠᠨ ᠳᠡᠭᠡᠭᠰᠢᠯᠡᠬᠦᠯᠬᠦ ᠶᠢ | ᠳᠡᠮᠵᠢᠨ᠎ᠡ᠃ ᠡᠯ᠎ᠡ ᠬᠤᠰᠢᠭᠤ ᠣᠷᠣᠨ ᠤ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠬᠦ ᠶᠢ ᠵᠣᠷᠢᠭᠵᠢᠭᠤᠯᠤᠨ ᠳᠡᠮᠵᠢᠵᠦ᠂ ︽ᠣᠷᠣᠨ ᠪᠦᠰᠡ ᠶᠢ ᠬᠤᠯᠪᠣᠭᠰᠠᠨ ᠠᠵᠤ ᠠᠬᠤᠶ︾ ᠶᠢ | ᠶᠡᠬᠡᠪᠡᠷ ᠬᠥᠭᠵᠢᠭᠦᠯᠵᠦ᠂ ︽ᠣᠷᠣᠨ ᠪᠦᠰᠡ ᠶᠢ ᠬᠤᠯᠪᠣᠭᠰᠠᠨ ᠬᠦᠷᠢᠶᠡᠯᠡᠩ ᠲᠣᠭᠤᠷᠢᠭ︾ ᠢ ᠬᠠᠮᠲᠤᠪᠠᠷ ᠪᠥᠲᠥᠭᠡᠨ | ᠪᠠᠶᠢᠭᠤᠯᠤᠨ᠎ᠠ᠃ | ︵ᠲᠠᠪᠤ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠶᠢ ᠪᠦᠬᠦ ᠲᠠᠯ᠎ᠠ ᠪᠠᠷ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ | ᠨᠢᠭᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ | ᠴᠢᠩᠭᠠᠳᠬᠠᠨ᠎ᠠ᠃ ︽ᠴᠢᠳᠠᠪᠤᠷᠢᠲᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢᠨ | ᠢᠨᠵᠧᠨᠧᠷᠢᠩ︾ ᠢ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠴᠢᠳᠠᠪᠤᠷᠢᠲᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠬᠦᠮᠦᠵᠢᠬᠦᠯᠦᠨ | ᠪᠤᠶᠢᠵᠢᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠪᠡᠯᠡ | ᠮᠥᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠡᠮᠡᠭᠡ | ᠡᠯᠡᠰᠦᠨ ᠤ ᠠᠵᠤ ᠦᠢᠯᠡᠰ᠂ ᠤᠯᠠᠮᠵᠢᠯᠠᠯᠲᠤ ᠠᠵᠤ ᠦᠢᠯᠡᠳᠪᠦᠷᠢ᠂ ᠰᠢᠨ᠎ᠡ ᠪᠠᠷ ᠮᠠᠨᠳᠤᠭᠰᠠᠨ ᠪᠠᠶᠢᠯᠳᠤᠬᠤ | ᠪᠣᠳᠣᠯᠭ᠎ᠠ ᠶᠢᠨ ᠠᠵᠤ ᠦᠢᠯᠡᠰ ᠤᠨ ᠲᠣᠭᠤᠷᠢᠨ ᠳᠤ᠂ ᠲᠢᠩᠬᠢᠮ ᠠᠶᠢᠮᠠᠭ ᠵᠦᠪᠳᠡᠯᠴᠡᠬᠦ᠂ ᠬᠦᠷᠢᠶᠡᠯᠡᠩ ᠲᠣᠭᠤᠷᠢᠭ | ᠬᠠᠮᠳᠣᠷᠠᠯᠴᠠᠬᠤ᠂ ᠰᠤᠷᠭᠠᠭᠤᠯᠢ ᠠᠵᠤ ᠠᠬᠤᠶᠢᠯᠠᠯ ᠬᠤᠯᠪᠣᠭᠠᠯᠠᠬᠤ᠂ ᠤᠶᠤᠨ ᠤ ᠬᠥᠮᠥᠷᠭᠡ ᠶᠢ ᠪᠠᠶᠢᠭᠤᠯᠬᠤ ᠶᠢ | ᠴᠢᠩᠭᠠᠳᠬᠠᠵᠤ᠂ ᠨᠢᠭᠡ ᠪᠦᠯᠦᠭ ᠲᠠᠪᠴᠠᠩ ᠤᠨ ᠠᠴᠢᠶᠠᠯᠠᠪᠤᠷᠢ ᠶᠢ ᠲᠦᠷᠬᠡᠨ ᠪᠠᠶᠢᠭᠤᠯᠵᠤ᠂ ᠨᠢᠭᠡ ᠪᠦᠯᠦᠭ | ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠣᠯᠠᠷᠢᠭᠤᠯᠣᠨᠠ᠃ ᠬᠤᠶᠠᠷ ᠲᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠠᠳᠬᠤᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ | ᠲᠠᠯ᠎ᠠ ᠪᠠᠷ ᠬᠦᠯᠢᠶᠡᠨ ᠠᠪᠬᠤ ᠶᠢᠨ ᠬᠠᠮᠲᠤ᠂ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ ᠲᠣᠭᠤᠷᠢᠨ ᠳᠤ᠂ | ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠥᠭᠡᠷᠡᠴᠢᠯᠡᠯᠲᠡ ᠶᠢᠨ ᠲᠦᠷᠦᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ | ᠨᠢᠭᠡ ᠪᠦᠯᠦᠭ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠤᠢ | ᠪᠣᠯᠭᠠᠬᠤ ᠶᠢ ᠠᠬᠢᠭᠤᠯᠣᠨ᠎ᠠ᠃ ᠪᠠᠶᠢᠭᠤᠯᠣᠯ ᠲᠣᠭᠲᠠᠴᠠ ᠶᠢ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ︽ | ᠲᠠᠪᠤ ᠶᠢ ᠳᠣᠶᠢᠯᠪᠣᠷᠢᠳᠠᠢ ᠬᠢᠬᠦ︾ ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠯ᠎ᠡ | ᠲᠦᠷᠦᠯ ᠤᠨ ᠡᠯᠧᠮᠧᠨ᠋ᠲ ᠪᠣᠯᠤᠨ ᠡᠬᠢ ᠪᠠᠶᠠᠯᠢᠭ ᠪᠡᠯᠡ ᠮᠥᠩᠭᠦ ᠶᠢᠨ ᠦᠢᠯᠡᠳᠦᠯ ᠢ ᠬᠠᠮᠤᠭ ᠤᠨ ᠶᠡᠭᠡ ᠪᠠᠷ | ᠪᠠᠳᠠᠷᠠᠭᠤᠯᠣᠨ᠎ᠠ᠃ ᠭᠤᠷᠪᠠ ᠳᠤ᠂ ᠨᠡᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠨ᠎ᠠ᠃ | ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠷ᠎ᠡ | ᠪᠦᠳᠦᠮᠵᠢ ᠴᠢᠳᠠᠪᠤᠷᠢ ᠶᠢ ᠳᠡᠭᠡᠭᠰᠢᠯᠡᠬᠦᠯᠬᠦ ᠶᠢ ᠱᠠᠯᠠᠪᠳᠠᠭᠤᠯᠬᠤ᠂ ᠴᠢᠬᠤᠯᠠ ᠶᠡᠭᠡ ᠲᠦᠷᠦᠯ ᠵᠦᠢᠯ ᠳᠤ ᠦᠢᠯᠡᠴᠢᠯᠡᠬᠦ | ︽ᠬᠤᠶᠠᠷ ᠶᠡᠭᠡ ᠲᠠᠪᠴᠠᠩ︾ ᠢ ᠰᠠᠶᠢᠲᠤᠷ ᠬᠡᠷᠡᠭᠯᠡᠵᠦ᠂ ︽ᠡᠭᠦᠯᠡᠨ ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ | ᠲᠦᠪᠰᠢᠨ︾ ᠤ ᠰᠠᠭᠤᠷᠢ ᠲᠥᠬᠦᠭᠡᠷᠦᠮᠵᠢ ᠶᠢ ᠪᠠᠬᠢᠵᠢᠭᠦᠯᠵᠦ᠂ ᠪᠠᠷᠢᠮᠵᠢᠶ᠎ᠠ ᠨᠢᠭᠡᠳᠦᠯᠲᠡᠶ᠂ ᠪᠠᠶᠢᠷᠢᠯᠠᠭᠤᠯᠤᠯᠲᠠ | ᠵᠣᠬᠢᠰᠲᠠᠶ᠂ ᠬᠠᠮᠢᠶᠠᠷᠤᠯᠲᠠ ᠬᠠᠮᠵᠢᠯᠴᠠᠭᠰᠠᠨ᠂ ᠠᠮᠤᠷ ᠲᠦᠪᠰᠢᠨ ᠨᠠᠶᠢᠳᠠᠪᠤᠷᠢᠲᠠᠶ ᠨᠢᠭᠡ ᠴᠤᠭᠴᠠᠵᠢᠭᠰᠠᠨ ᠵᠠᠰᠠᠭ ᠤᠨ | ᠶᠠᠪᠤᠳᠠᠯ ᠤᠨ ᠲᠤᠭ᠎ᠠ ᠪᠠᠷᠢᠮᠲᠠ ᠶᠢᠨ ᠲᠠᠪᠴᠠᠩ ᠢ ᠲᠦᠷᠬᠡᠨ ᠪᠠᠶᠢᠭᠤᠯᠣᠨ᠎ᠠ᠃ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠭᠡᠬᠦ︾᠂ ︽ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾ ᠪᠠ ᠳᠦᠪᠯᠡᠷᠡᠭᠰᠡᠨ | ᠦᠢᠯᠡᠴᠢᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ | ᠰᠢᠢᠳᠪᠦᠷᠢᠯᠡᠵᠦ ᠳᠡᠶᠢᠯᠬᠦ︾ ᠠᠴᠠ ︽ᠭᠦᠢᠴᠡᠳᠬᠡᠬᠦ ᠳᠤ ᠠᠮᠠᠷ᠂ ᠰᠢᠢᠳᠪᠦᠷᠢᠯᠡᠬᠦ ᠳᠤ ᠬᠢᠯᠪᠠᠷ︾ ᠪᠣᠯᠭᠠᠨ | ᠬᠤᠪᠢᠷᠠᠭᠤᠯᠬᠤ ᠶᠢ ᠠᠬᠢᠭᠤᠯᠣᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢᠨ ᠪᠠᠭᠠᠵᠢ ᠶᠢ | ᠰᠠᠶᠢᠲᠤᠷ ᠬᠡᠷᠡᠭᠯᠡᠵᠦ᠂ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠪᠣᠯᠤᠨ ᠦᠢᠯᠡᠳᠬᠦᠨ ᠤ ᠰᠢᠨ᠎ᠡ ᠶᠢ | ᠡᠭᠦᠳᠴᠦ᠂ ᠪᠡᠯᠡ ᠲᠣᠬᠢᠷᠠᠭᠤᠯᠭ᠎ᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠣᠨ᠎ᠠ᠃ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠵᠤ᠂ ︽ᠠᠰᠠᠭᠤᠳᠠᠯ ᠢᠶᠠᠨ ᠰᠢᠭᠤᠳ ᠶᠠᠷᠢᠬᠤ᠂ ᠭᠤᠮᠣᠳᠠᠯ ᠱᠠᠭᠠᠷᠳᠠᠯᠭ᠎ᠠ ᠶᠢ ᠰᠢᠭᠤᠳ | ᠰᠢᠢᠳᠪᠦᠷᠢᠯᠡᠬᠦ᠂ ᠦᠢᠯᠡᠴᠢᠯᠡᠭᠡ ᠶᠢ ᠰᠢᠭᠤᠳ ᠬᠦᠷᠭᠡᠬᠦ︾ ᠲᠣᠭᠲᠠᠴᠠ ᠶᠢ ᠪᠠᠶᠢᠭᠤᠯᠵᠤ᠂ ᠠᠮᠠᠯᠠᠭᠰᠠᠨ ᠪᠣᠯ ᠵᠠᠪᠠᠯ | ᠭᠦᠢᠴᠡᠳᠬᠡᠵᠦ᠂ ᠬᠡᠷᠡᠭᠵᠢᠭᠦᠯᠪᠡᠯ ᠵᠠᠪᠠᠯ ᠦᠷ᠎ᠡ ᠪᠦᠲᠦᠮᠵᠢ ᠲᠠᠢ ᠪᠣᠯᠣᠨ᠎ᠠ᠃ | ︵ᠵᠢᠷᠭᠤᠭ᠎ᠠ︶ ︽ᠰᠡᠳᠬᠢᠯ ᠢ ᠳᠤᠯᠠᠭᠠᠴᠠᠭᠤᠯᠬᠤ ᠢᠨᠵᠧᠨᠧᠷᠢᠩ︾ ᠢ ᠬᠡᠷᠡᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ | ᠨᠢᠭᠡ ᠳᠤ᠂ ︽ᠳᠤᠯᠠᠭᠠᠨ︾ ᠢ ᠪᠠᠳᠣᠯᠠᠬᠤ ᠡᠷᠴᠢᠮ ᠢ ᠴᠢᠩᠭᠠᠷᠠᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ | ︽ᠳᠤᠯᠠᠭᠠᠨ︾ ᠢᠨᠵᠧᠨᠧᠷᠢᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠪᠥᠬᠦ ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ | ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠤᠲᠠ ᠪᠠᠯᠭᠠᠰᠤᠨ ᠤ ᠢᠯᠴᠢ ᠬᠠᠩᠭᠠᠬᠤ ᠬᠤᠭᠤᠯᠠᠶ | ᠲᠣᠤᠷ ᠬᠠᠭᠤᠴᠢᠷᠠᠭᠰᠠᠨ᠂ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠶᠠᠰᠤ ᠴᠢᠨᠠᠷ ᠳᠣᠣᠷ᠎ᠠ᠂ ᠢᠯᠴᠢ | ᠬᠠᠩᠭᠠᠬᠤ ᠬᠠᠮᠤᠷᠬᠤ ᠬᠡᠪᠴᠢᠶ᠎ᠡ ᠪᠠᠭ᠎ᠠ᠂ ᠦᠢᠯᠡᠴᠢᠯᠡᠭᠡ ᠬᠦᠷᠦᠯᠴᠡᠬᠦ ᠥᠬᠡᠶ ᠵᠡᠷᠭᠡ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠨᠥᠬᠦᠴᠡᠯ ᠲᠠᠢ ᠰᠤᠮᠤ ᠪᠠᠯᠭᠠᠰᠤᠨ ᠤ ᠪᠠᠶᠢᠭ᠎ᠠ ᠭᠠᠵᠠᠷ ᠲᠤ ᠲᠥᠪᠯᠡᠷᠡᠭᠦᠯᠦᠨ ᠢᠯᠴᠢ ᠬᠠᠩᠭᠠᠬᠤ | ᠪᠡᠯᠡᠳᠬᠡᠮᠵᠢ ᠪᠠᠶᠢᠭᠤᠯᠬᠤ ᠶᠢ ᠳᠡᠮᠵᠢᠨ ᠵᠣᠷᠢᠭᠵᠢᠭᠤᠯᠵᠤ᠂ ᠲᠠᠷᠠᠬᠠᠶ ᠰᠠᠭᠤᠷᠢᠰᠢᠭ᠎ᠠ ᠮᠠᠯᠴᠢᠨ ᠲᠠᠷᠢᠶᠠᠴᠢᠨ ᠢ ᠳᠡᠮᠵᠢᠨ | ᠬᠥᠲᠥᠯᠦᠨ ᠵᠢᠯᠣᠭᠤᠳᠴᠤ ᠪᠠᠶᠢᠭᠠᠳ ᠤᠯᠠᠮᠵᠢᠯᠠᠯᠲᠤ ᠢᠯᠴᠢ ᠬᠠᠩᠭᠠᠬᠤ ᠠᠷᠭ᠎ᠠ ᠮᠠᠶ᠋ᠢᠭ ᠢ ᠨᠢ ᠬᠤᠪᠢᠷᠠᠭᠤᠯᠵᠤ᠂ | ᠡᠪᠦᠯ ᠤᠨ ᠤᠯᠠᠷᠢᠯ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠪᠠ ᠦᠨ᠎ᠡ ᠬᠠᠩᠰᠢ ᠶᠢ ᠳᠣᠭᠳᠠᠭᠤᠨ | ᠪᠠᠶᠢᠯᠭᠠᠬᠤ ᠶᠢ ᠴᠢᠩᠭᠠᠳᠬᠠᠵᠤ᠂ ᠬᠤᠲᠠ ᠬᠥᠳᠡᠭᠡ ᠶᠢᠨ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠦᠨᠡᠨᠬᠦ | ᠪᠠᠳᠣᠯᠠᠨ᠎ᠠ᠃ | ᠬᠤᠶᠠᠷ ᠲᠤ᠂ ᠤᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠣᠨ᠎ᠠ᠃ ︽ | ᠲᠥᠷᠥ ᠶᠢᠨ ᠪᠣᠳᠣᠯᠭ᠎ᠠ ᠪᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠪᠣᠯᠪᠠᠰᠤᠷᠠᠯ ᠢᠶᠠᠷ ᠴᠢᠳᠠᠪᠤᠷᠢ | ᠣᠯᠭᠤᠬᠤ᠂ ᠠᠳᠠᠯ ᠦᠢᠯᠡᠰ ᠴᠣᠭᠴᠠᠯᠠᠬᠤ ᠪᠠᠷ ᠳᠠᠶᠢᠴᠢᠯᠠᠬᠤ᠂ ᠠᠵᠢᠯ ᠠᠯᠳᠠᠭᠰᠠᠳ ᠢ ᠬᠠᠪᠰᠤᠷᠤᠨ ᠲᠡᠳᠬᠦᠬᠦ᠂ | ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠪᠠᠷ ᠪᠠᠲᠤᠯᠠᠬᠤ︾ ᠵᠡᠷᠭᠡ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠠᠪᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠦᠢᠴᠡᠳ ᠠᠵᠢᠯ ᠣᠯᠭᠤᠯᠲᠠ ᠶᠢ | ᠠᠬᠢᠭᠤᠯᠵᠤ᠂ 2024 ᠣᠨ ᠳᠤ ᠬᠤᠲᠠ ᠪᠠᠯᠭᠠᠰᠤᠨ ᠤ ᠠᠵᠢᠯ ᠣᠯᠣᠭᠰᠠᠳ 3000 ᠬᠥᠮᠦᠨ ᠠᠴᠠ ᠢᠯᠡᠬᠦᠦ | ᠪᠠᠶᠢᠵᠦ᠂ 3500 ᠬᠥᠮᠦᠨ ᠠᠴᠠ ᠢᠯᠡᠬᠦᠦ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠦ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠣᠭᠰᠠᠳ ᠢ 1200 ᠬᠥᠮᠦᠨ ᠠᠴᠠ ᠢᠯᠡᠬᠦᠦ ᠪᠣᠯᠭᠠᠨ᠎ᠠ᠃ | ᠠᠷᠠᠳ ᠢ ᠪᠠᠶᠠᠵᠢᠭᠤᠯᠬᠤ ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠤᠲᠠ | ᠪᠠᠯᠭᠠᠰᠤᠨ ᠤ ᠠᠵᠤ ᠠᠬᠤᠶ ᠶᠢ ᠴᠡᠴᠡᠭᠯᠡᠭᠦᠯᠦᠨ ᠬᠥᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ ᠮᠠᠯᠴᠢᠨ ᠲᠠᠷᠢᠶᠠᠴᠢᠨ ᠤ ᠠᠵᠤ ᠦᠢᠯᠡᠰ ᠤᠨ | ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ | ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠣᠨ᠎ᠠ᠃ | ᠭᠤᠷᠪᠠ ᠳᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠬᠦᠯᠦᠨ᠎ᠡ᠃ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠯᠠᠱᠠ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠨᠡᠶᠢᠲᠡ ᠶᠢᠨ ᠪᠠᠶᠢᠷᠢ᠂ ᠠᠯᠠᠱᠠ ᠵᠡᠭᠦᠨ ᠬᠤᠰᠢᠭᠤᠨ ᠤ ᠲᠠᠪᠤᠳᠤᠭᠠᠷ | ᠪᠠ ᠨᠠᠢᠮᠠᠳᠤᠭᠠᠷ ᠬᠡᠤᠬᠡᠳ ᠤᠨ ᠴᠡᠴᠡᠷᠯᠢᠭ᠂ ᠡᠵᠡᠨ᠎ᠡ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ᠂ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠮᠡᠳᠡᠭᠡ ᠵᠠᠩᠭᠢᠴᠢᠯᠠᠯᠲᠠ ᠵᠢᠴᠢ ᠵᠢᠭᠠᠨ ᠰᠤᠷᠭᠠᠯᠲᠠ ᠳᠤ | ᠲᠤᠰᠠᠯᠠᠬᠤ ᠬᠡᠷ ᠪᠠᠶᠢᠰᠢᠩ᠂ ᠠᠶᠢᠮᠠᠭ ᠤᠨ ᠪᠡᠶ᠎ᠡ ᠶᠢᠨ ᠲᠠᠮᠢᠷ ᠤᠨ ᠴᠡᠴᠡᠷᠯᠢᠭ ᠵᠡᠷᠭᠡ ᠭᠤᠤᠯᠳᠠᠯᠭ᠎ᠠ ᠲᠠᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠵᠢᠦᠢ ᠶᠠᠨ ᠤ ᠪᠠᠭᠤᠷᠢ ᠶᠢ ᠰᠣᠶᠣᠯ ᠤᠨ ᠥᠪ ᠢᠶᠠᠷ | ᠮᠡᠳᠡᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠡᠵᠡᠨ᠎ᠡ ᠶᠢᠨ ᠰᠠᠨᠰᠠᠷ ᠠᠶᠠᠯᠠᠯ ᠤᠨ ᠰᠣᠶᠣᠯ ᠵᠢᠭᠤᠯᠴᠢᠯᠠᠯ ᠢ | ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ᠂ ᠠᠯᠲᠠᠨ ᠲᠣᠣᠷᠠᠢ ᠳᠠᠭᠤᠤ ᠬᠥᠭᠵᠢᠮ ᠤᠨ ᠲᠢᠩᠬᠢᠮ ᠤᠨ | ᠲᠥᠬᠦᠭᠡᠷᠦᠮᠵᠢ ᠶᠢ ᠳᠡᠭᠡᠭᠰᠢᠯᠡᠭᠦᠯᠬᠦ᠂ ᠨᠣᠮ ᠤᠨ ᠰᠠᠩ ᠢ ᠤᠶᠤᠨᠵᠢᠭᠤᠯᠬᠤ ᠪᠠᠶᠢᠭᠤᠯᠤᠯᠲᠠ᠂ ᠣᠶᠤᠨᠴᠢ ᠷᠠᠳᠢᠣ᠋ | ᠲᠧᠯᠸᠢᠰ ᠤᠨ ᠬᠢᠯᠢ ᠬᠢᠵᠠᠭᠠᠷ ᠲᠠᠬᠢ ᠦᠢᠯᠡᠴᠢᠯᠡᠭᠡ ᠶᠢ ᠰᠠᠶᠢᠵᠢᠷᠠᠭᠤᠯᠬᠤ ᠵᠡᠷᠭᠡ ᠲᠦᠷᠦᠯ ᠵᠦᠢᠯ ᠢ ᠰᠠᠶᠢᠲᠤᠷ | ᠠᠳᠬᠤᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ | ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠬᠦᠴᠦᠯᠡᠨ ᠡᠭᠦᠳᠦᠨ᠎ᠡ᠃ ᠦᠨᠳᠦᠰᠦᠨ ᠱᠠᠲᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ ᠪᠠᠬᠢᠵᠢᠭᠦᠯᠵᠦ᠂ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ICU ᠡᠪᠡᠳᠴᠢᠲᠡᠨ ᠤ | ᠥᠷᠥᠭᠡ ᠪᠣᠯᠤᠨ ᠬᠠᠯᠠᠭᠤᠷᠠᠯ ᠤᠨ ᠡᠭᠦᠳᠡᠨ ᠡᠮᠨᠡᠯᠭᠡ᠂ ᠡᠯᠡᠰᠦᠨ ᠵᠠᠰᠠᠯ ᠡᠷᠡᠭᠦᠯᠵᠢᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠬᠦᠯᠦᠨ᠎ᠡ᠃ ᠨᠠᠰᠣᠳᠠᠨ ᠢ ᠠᠰᠠᠷᠠᠬᠤ ᠦᠢᠯᠡᠰ | ᠂ ᠨᠠᠰᠣᠳᠠᠨ ᠢ ᠠᠰᠠᠷᠠᠬᠤ ᠦᠢᠯᠡᠴᠢᠯᠡᠭᠡ᠂ ᠡᠮᠡᠭᠲᠡᠶᠢᠴᠦᠳ ᠬᠡᠦᠬᠡᠳ᠂ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠪᠠᠲᠤ | ᠰᠠᠬᠢᠨ᠎ᠠ᠃ | ︵ᠳᠤᠯᠤᠭ᠎ᠠ︶ ᠬᠦᠴᠦᠨ ᠢᠶᠠᠨ ᠲᠥᠪᠯᠡᠷᠡᠭᠦᠯᠦᠨ ᠡᠶ᠎ᠡ ᠵᠣᠬᠢᠴᠠᠩᠭᠤᠢ ᠲᠣᠭᠲᠠᠭᠤᠨ ᠤ ᠶᠡᠭᠡ ᠲᠠᠯ᠎ᠠ ᠶᠢ | ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ | ᠨᠢᠭᠡ ᠳᠤ᠂ ︽ᠵᠢᠱᠢᠶ᠎ᠡ ᠦᠵᠡᠭᠦᠯᠬᠦ ᠠᠶᠢᠮᠠᠭ︾ ᠢ ᠪᠥᠬᠦ ᠬᠦᠴᠦᠨ ᠢᠶᠠᠷ ᠢᠶᠠᠨ ᠪᠠᠶᠢᠭᠤᠯᠣᠨ᠎ᠠ᠃ ᠥᠪᠡᠷᠲᠡᠭᠡᠨ | ᠵᠠᠰᠠᠬᠤ ᠣᠷᠣᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ | ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠪᠣᠯᠤᠨ ᠮᠠᠨ ᠤ | ᠠᠶᠢᠮᠠᠭ ᠤᠨ ︽ᠬᠡᠷᠡᠭᠵᠢᠭᠦᠯᠬᠦ ᠲᠥᠰᠦᠯ︾ ᠢ ᠨᠠᠷᠢᠨ ᠬᠢᠨᠠᠮᠠᠭᠠᠢ ᠲᠤᠤᠱᠯᠠᠭᠤᠯᠵᠤ᠂ ᠠᠶᠢᠮᠠᠭ ᠤᠨ ᠨᠠᠮ ᠤᠨ | ᠬᠤᠷᠢᠶ᠎ᠠ ᠶᠢᠨ ︽ᠲᠠᠪᠤᠨ ᠨᠢᠭᠡ︾ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠡᠨᠡᠬᠦ ᠭᠤᠣᠯ ᠰᠢᠵᠢᠮ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠳᠤ ᠦᠨᠡᠨᠬᠦ | ᠲᠤᠤᠱᠯᠠᠭᠤᠯᠵᠤ᠂ ᠲᠦᠷᠦ ᠶᠢᠨ ᠪᠤᠳᠤᠯᠭ᠎ᠠ ᠲᠣᠭᠲᠠᠭᠠᠬᠤ᠂ ᠲᠥᠯᠥᠪᠵᠢᠭᠦᠯᠭᠡ ᠶᠢ ᠨᠠᠶᠢᠷᠠᠭᠤᠯᠬᠤ᠂ ᠲᠦᠷᠦᠯ ᠵᠦᠢᠯ | ᠢ ᠪᠠᠶᠢᠷᠢᠰᠢᠭᠤᠯᠬᠤ᠂ ᠪᠡᠯᠡ ᠮᠥᠩᠭᠦ ᠶᠢ ᠳᠣᠬᠢᠷᠠᠭᠤᠯᠬᠤ ᠲᠠᠯ᠎ᠠ ᠪᠠᠷ ᠢᠮᠠᠭᠲᠠ ︽ᠭᠤᠣᠯ ᠰᠢᠵᠢᠮ︾ ᠤᠨ | ᠱᠠᠭᠠᠷᠳᠠᠯᠭ᠎ᠠ ᠶᠢ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠣᠳᠬᠠᠬᠤ ᠵᠢᠱᠢᠶ᠎ᠡ ᠦᠵᠡᠭᠦᠯᠬᠦ ᠠᠶᠢᠮᠠᠭ ᠢ ᠬᠦᠴᠦ ᠪᠠᠨ ᠬᠠᠮᠲᠤᠳᠬᠠᠨ ᠪᠠᠶᠢᠭᠤᠯᠣᠨ᠎ᠠ᠃ | ᠬᠤᠶᠠᠷ ᠲᠤ᠂ ᠴᠠᠭ ᠢᠮᠠᠭᠲᠠ ︽ᠠᠮᠤᠷ ᠲᠦᠪᠰᠢᠨ ᠤ ᠨᠡᠭᠡᠯᠡᠬᠡᠶ︾ ᠶᠢ ᠴᠢᠩᠭᠠᠯᠠᠨ᠎ᠠ᠃ ᠬᠥᠭᠵᠢᠯᠲᠡ ᠪᠣᠯᠤᠨ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠢᠨ ᠵᠢᠩ ᠨᠡᠭᠦᠷᠡᠰᠦᠨ ᠠᠭᠤᠷᠬᠠᠢ ᠶᠢᠨ ᠠᠳᠡᠯ ᠠᠴᠠ | ᠭᠦᠨᠵᠡᠭᠡᠢ ᠰᠤᠷᠭᠠᠮᠵᠢ ᠠᠪᠴᠤ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ | ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢᠨ ᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ︽ᠲᠦᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ | ᠵᠢᠯᠣᠭᠤᠳᠬᠤ ᠰᠢᠰᠲ᠋ᠧᠮ᠂ ᠬᠠᠷᠢᠭᠤᠴᠠᠯᠭ᠎ᠠ ᠶᠢᠨ ᠰᠢᠰᠲ᠋ᠧᠮ᠂ ᠡᠩᠨᠡᠭᠡ ᠶᠢᠨ ᠰᠢᠰᠲ᠋ᠧᠮ᠂ ᠲᠦᠷᠢᠮ ᠤᠨ | ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠪᠡᠯᠡ ᠮᠥᠩᠭᠦ ᠶᠢᠨ | ᠣᠷᠣᠭᠤᠯᠤᠯᠲᠠ ᠶᠢ ᠴᠢᠩᠭᠠᠳᠬᠠᠵᠤ᠂ ᠠᠭᠤᠷᠬᠠᠢ᠂ ᠠᠶᠤᠯᠲᠠᠢ ᠬᠢᠮᠢ ᠶᠢᠨ ᠠᠵᠤ ᠦᠢᠯᠡᠳᠪᠦᠷᠢ ᠵᠡᠷᠭᠡ | ᠭᠤᠣᠯᠳᠠᠯᠭ᠎ᠠ ᠲᠠᠢ ᠬᠦᠷᠢᠶ᠎ᠡ ᠶᠢ ᠣᠨᠣᠪᠴᠢᠳᠠᠢ ᠬᠢᠨᠠᠨ ᠬᠠᠮᠢᠶᠠᠷᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠪᠠᠶᠢᠩᠭᠤ ᠥᠷᠨᠢᠭᠦᠯᠵᠦ᠂ ᠲᠣᠭᠠᠴᠢᠯᠠᠭᠰᠠᠨ ᠠᠯᠠᠱᠠ ᠶᠢᠨ ᠡᠵᠡᠩᠨᠡᠯᠲᠡ ᠳᠤᠬᠢᠷᠠᠭᠤᠯᠤᠯᠳᠠ ᠪᠣᠯᠤᠨ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠢ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ | ᠪᠦᠬᠦ ᠲᠠᠯ᠎ᠠ ᠪᠠᠷ ᠪᠠᠬᠢᠵᠢᠭᠦᠯᠵᠦ᠂ ᠮᠥᠨ ᠴᠢᠨᠠᠷ ᠤᠨ ᠠᠮᠤᠷ ᠲᠦᠪᠰᠢᠨ ᠢ ᠦᠨᠡᠨᠬᠦ ᠳᠡᠭᠡᠭᠰᠢᠯᠡᠬᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ | ᠴᠠᠭ ᠲᠤᠬᠠᠢ ᠳᠤᠨᠢ ᠴᠢᠨᠠᠷ ᠰᠠᠶᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠳᠣᠯᠠᠨ᠎ᠠ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠠᠵᠤ ᠠᠬᠤᠢ ᠨᠡᠶᠢᠭᠡᠮ ᠤᠨ ᠠᠵᠢᠯ ᠲᠠᠢ ᠵᠡᠷᠭᠡᠪᠡᠷ ᠰᠤᠳᠤᠯᠵᠤ᠂ ᠵᠡᠷᠭᠡᠪᠡᠷ ᠪᠠᠶᠢᠷᠢᠯᠠᠭᠤᠯᠵᠤ᠂ | ᠵᠡᠷᠭᠡᠪᠡᠷ ᠨᠠᠶᠢᠳᠠᠪᠤᠷᠢᠵᠢᠭᠤᠯᠵᠤ᠂ ᠡᠩᠨᠡᠭᠡ ᠶᠢ ᠡᠷᠡᠰ ᠰᠠᠶᠢᠲᠤᠷ ᠬᠠᠮᠢᠶᠠᠷᠴᠤ᠂ ᠵᠢᠭᠰᠠᠭᠠᠯ ᠤᠨ ᠭᠠᠵᠠᠷ ᠢ ᠰᠠᠶᠢᠲᠤᠷ | ᠬᠠᠮᠢᠶᠠᠷᠴᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠨ᠎ᠡ᠃ ᠨᠡᠶᠢᠭᠡᠮ ᠤᠨ ᠠᠮᠤᠷ ᠲᠦᠪᠰᠢᠨ᠂ | ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠦᠨᠳᠦᠰᠦᠨ ᠱᠠᠲᠤᠨ ᠤ ᠵᠠᠰᠠᠯᠲᠠ᠂ ᠵᠠᠬᠢᠳᠠᠯ ᠰᠤᠷᠪᠤᠯᠵᠢᠯᠠᠭ᠎ᠠ | ᠪᠠ ᠲᠣᠭᠲᠠᠭᠤᠨ ᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠵᠡᠷᠭᠡ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠬᠦᠴᠦᠯᠡᠨ ᠪᠠᠬᠢᠵᠢᠬᠦᠯᠦᠨ᠎ᠡ᠃ | ︵ᠨᠠᠢᠮᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠴᠢᠨᠠᠷ ᠰᠠᠶᠢᠲᠠᠶ ᠬᠥᠭᠵᠢᠯᠲᠡ ᠶᠢᠨ ᠠᠬᠢᠭᠤᠯᠬᠤ ᠬᠦᠴᠦᠨ ᠢ ᠨᠡᠮᠡᠭᠳᠡᠭᠦᠯᠦᠨ᠎ᠡ | ᠨᠢᠭᠡ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠡᠳᠬᠡᠨ ᠴᠤᠭ ᠵᠢᠪᠬᠤᠭ᠎ᠠ ᠪᠠᠨ ᠪᠠᠳᠠᠷᠠᠭᠤᠯᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ︽ᠨᠠᠮ ᠤᠨ ᠠᠴᠢ ᠳᠤ ᠳᠠᠯᠠᠷᠬᠠᠬᠤ᠂ ᠨᠠᠮ ᠤᠨ ᠦᠭᠡ ᠶᠢ | ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠵᠦ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ ᠶᠢ ᠢᠮᠠᠭᠲᠠ ᠵᠠᠰᠠᠭ ᠤᠨ ᠣᠷᠳᠣᠨ ᠤ | ᠠᠵᠢᠯ ᠤᠨ ᠪᠥᠬᠦ ᠶᠠᠪᠤᠴᠠ ᠳᠤ ᠳᠣᠣᠱᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ | ᠬᠤᠶᠠᠷ ᠲᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ ᠦᠢᠯᠡᠴᠢᠯᠡᠭᠡ ᠶᠢ ᠴᠢᠩᠭᠠᠳᠬᠠᠨ᠎ᠠ᠃ | ᠬᠡᠷᠡᠭᠵᠢᠭᠦᠯᠦᠯᠲᠡ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠡᠪᠬᠡᠮᠡᠯ ᠲᠤᠰᠢᠶᠠᠬᠤ ᠤᠬᠠᠮᠰᠠᠷ᠂ | ᠳᠠᠩᠰᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠭᠤᠷᠪᠠᠨ ᠤᠯᠠᠨ ᠭᠤᠷᠪᠠᠨ | ᠴᠦᠭᠡᠨ ᠭᠤᠷᠪᠠᠨ ᠤᠳᠠᠭᠠᠨ︾ ᠪᠠ ︽ᠣᠳᠠᠭᠠᠨ ᠪᠦᠭᠡᠳ ᠬᠠᠰᠢ ᠶᠠᠰᠢ︾ ︽ᠳᠣᠯᠢᠮᠠᠭ ᠪᠦᠭᠡᠳ ᠬᠤᠶᠢᠷᠭᠤ︾ ︽ | ᠬᠤᠭᠤᠰᠣᠨ ᠪᠦᠭᠡᠳ ᠴᠠᠯᠠᠭᠠᠢ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ | ᠠᠵᠢᠯ ᠤᠨ ᠡᠭᠦᠷᠭᠡ ᠶᠢ ᠨᠠᠷᠢᠯᠢᠭ ᠨᠠᠶᠢᠳᠠᠪᠣᠷᠢᠵᠢᠭᠤᠯᠣᠨ᠎ᠠ᠃ ᠭᠤᠷᠪᠠ ᠳᠤ᠂ ᠬᠠᠤᠯᠢ ᠶᠣᠰᠣᠭᠠᠷ ᠵᠠᠰᠠᠭ ᠶᠠᠪᠣᠭᠤᠯᠵᠦ | ᠡᠷᠬᠡ ᠲᠡᠭᠰᠢ ᠪᠠᠶᠢᠬᠤ ᠶᠢ ᠠᠬᠢᠭᠤᠯᠣᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ | ᠲᠣᠭᠲᠠᠭᠠᠬᠤ ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠨᠠᠢᠮᠠᠳᠤᠭᠠᠷ ᠲᠠᠪᠤᠨ ᠵᠢᠯ︾ | ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠯᠳᠠ᠂ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ | ᠬᠢᠨᠠᠯᠲᠠ ᠲᠠᠯᠪᠢᠬᠤ ᠳᠤᠮᠳᠠ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠪᠠᠷ ᠭᠦᠢᠴᠡᠳᠬᠡᠵᠦ᠂ ᠡᠷᠬᠡ ᠶᠢ | ᠢᠯᠡ ᠪᠠᠷ ᠭᠡᠷᠡᠭᠵᠢᠬᠦᠯᠦᠨ᠎ᠡ᠃ ᠲᠦᠷᠪᠡ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠢ ᠠᠳᠬᠤᠨ᠎ᠠ᠃ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠡᠳ᠋ ᠤᠨ ᠵᠠᠰᠠᠭ ᠤᠨ ᠪᠡᠯᠡ | ᠮᠥᠩᠭᠦ᠂ ᠣᠯᠠᠨ ᠨᠡᠶᠢᠲᠡ ᠶᠢᠨ ᠡᠬᠢ ᠪᠠᠶᠠᠯᠢᠭ᠂ ᠭᠤᠣᠯᠳᠠᠯᠭ᠎ᠠ ᠲᠠᠢ ᠲᠥᠷᠥᠯ ᠵᠦᠢᠯ ᠪᠣᠯᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠵᠡᠷᠭᠡ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠪᠠᠶᠢᠭᠤᠯᠭ᠎ᠠ | ᠠᠷᠪᠢᠯᠠᠨ ᠭᠠᠮᠨᠠᠵᠤ ᠠᠮᠢᠳᠤᠷᠠᠬᠤ ᠳᠤ ᠳᠠᠳᠴᠤ᠂ ︽ᠳᠥᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ | ᠂ ᠴᠡᠪᠡᠷ ᠰᠠᠶᠢᠬᠠᠨ ᠤᠯᠤᠰ ᠲᠥᠷᠥ ᠶᠢᠨ ᠣᠷᠴᠢᠨ ᠢ ᠴᠢᠷᠮᠠᠶᠢᠨ ᠪᠤᠢ ᠪᠣᠯᠭᠠᠨ᠎ᠠ᠃ | ᠨᠥᠬᠦᠳ ᠡ᠂ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ ᠶᠣᠮ᠃ | ᠬᠤᠷᠠᠯ ᠳᠤ ᠡᠨᠡ ᠵᠢᠯ ᠤᠨ ᠴᠢᠬᠤᠯᠠ ᠶᠡᠭᠡ ᠡᠭᠦᠷᠭᠡ᠂ ᠭᠤᠤᠯᠳᠠᠯᠭ᠎ᠠ ᠲᠠᠢ ᠠᠵᠢᠯ ᠢ ᠳᠣᠳᠣᠷᠬᠠᠶᠢᠯᠠᠪᠠ᠃ | ᠢᠯᠠᠩᠭᠤᠶ᠎ᠠ ᠠᠶᠢᠮᠠᠭ ᠤᠨ ᠨᠠᠮ ᠤᠨ ᠬᠤᠷᠢᠶᠠᠨ ᠤ ︽ᠨᠢᠭᠡ ᠵᠢᠱᠢᠶ᠎ᠡ ᠦᠵᠡᠭᠦᠯᠬᠦ ᠠᠶᠢᠮᠠᠭ︾ ᠪᠠ ︽ᠲᠠᠪᠤᠨ ᠶᠡᠭᠡ | ᠰᠠᠭᠤᠷᠢᠨ ᠭᠠᠵᠠᠷ︾᠂ ︽ᠲᠤᠯᠤᠭᠠᠨ ᠶᠡᠭᠡ ᠢᠨᠵᠧᠨᠧᠷᠢᠩ︾ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠪᠢᠳᠡ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠶ ᠪᠠᠷ ᠰᠠᠶᠢᠲᠤᠷ ᠬᠢᠵᠦ | ᠨᠠᠶᠢᠳᠠᠪᠤᠷᠢᠵᠢᠭᠤᠯᠤᠯᠲᠠ ᠶᠢ ᠠᠳᠬᠤᠨ᠂ ᠬᠤᠷᠳᠤᠴᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠴᠢᠩᠭ᠎ᠠ | ᠠᠳᠬᠤᠨ ᠲᠦᠷᠭᠡᠨ ᠬᠢᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠬᠦᠯᠦᠶ᠎ᠡ᠃ |