ᠣᠶᠢᠷ᠎ᠠ ᠳᠤ᠂ ᠨᠠᠮ ᠤᠨ ᠲᠥᠪ ᠬᠤᠷᠢᠶ᠎ᠠ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ | ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ | ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ | ᠬᠡᠷᠡᠭᠲᠡᠢ ᠭᠡᠵᠦ ᠱᠠᠭᠠᠷᠳᠠᠪᠠ᠃ | ᠮᠡᠳᠡᠭᠳᠡᠯ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠨᠠᠮ ᠤᠨ ᠲᠡᠦᠬᠡ ᠶᠢᠨ | ᠲᠡᠦᠬᠡ ᠪᠠᠷ ᠡᠳᠦᠭᠡ ᠶᠢ ᠲᠣᠯᠢᠳᠠᠬᠤ᠂ ᠵᠠᠰᠠᠭ ᠲᠤ ᠲᠤᠰᠠᠯᠠᠨ ᠬᠥᠮᠥᠨ ᠢ ᠬᠥᠮᠥᠵᠢᠭᠦᠯᠬᠦ ᠦᠢᠯᠡᠳᠦᠯ ᠢ ᠭᠦᠢᠴᠡᠳ | ᠪᠠᠳᠠᠷᠠᠭᠤᠯᠬᠤ ᠪᠣᠯ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠶᠢᠨ ᠳᠤᠮᠳᠠᠬᠢ ᠮᠠᠰᠢ ᠴᠢᠬᠤᠯᠠ ᠠᠵᠢᠯ | ᠪᠣᠯᠣᠨ᠎ᠠ᠃ ︽ᠳᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠳᠦᠷᠢᠮ ᠢᠶᠠᠷ ᠦᠨᠳᠦᠰᠦᠨ | ᠦᠨᠳᠦᠰᠦᠯᠡᠯ ᠪᠤᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠪᠠᠶᠢᠭᠤᠯᠤᠮᠵᠢ ᠪᠣᠯᠣᠨ | ᠠᠵᠢᠯ ᠤᠨ ᠡᠭᠦᠷᠭᠡ ᠬᠠᠷᠢᠭᠤᠴᠠᠯᠭ᠎ᠠ᠂ ᠠᠭᠤᠯᠭ᠎ᠠ᠂ ᠭᠤᠣᠯ ᠭᠡᠯᠪᠡᠷᠢ᠂ ᠪᠠᠲᠤᠯᠠᠭ᠎ᠠ ᠪᠣᠯᠣᠨ ᠬᠢᠨᠠᠯᠲᠠ ᠲᠠᠯᠪᠢᠬᠤ ᠵᠡᠷᠭᠡ | ᠶᠢᠨ ᠲᠣᠭᠤᠷᠢᠨ ᠳᠤ ᠪᠦᠭᠦ ᠲᠠᠯ᠎ᠠ ᠪᠠᠷ ᠵᠢᠷᠤᠮᠵᠢᠭᠤᠯᠪᠠ᠂ ᠡᠨᠡ ᠨᠢ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠠᠵᠢᠯ ᠢ ᠥᠷᠨᠢᠭᠦᠯᠬᠦ ᠦᠨᠳᠦᠰᠦᠨ ᠵᠢᠷᠤᠮᠯᠠᠯ ᠪᠣᠯᠣᠨ᠎ᠠ᠃ ︽ᠳᠦᠷᠢᠮ︾ ᠢ ᠲᠣᠭᠲᠠᠭᠠᠵᠤ | ᠬᠡᠷᠡᠭᠵᠢᠭᠦᠯᠦᠭᠰᠡᠨ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠣᠷᠳᠣ | ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠠᠬᠢᠭᠤᠯᠵᠤ᠂ ᠪᠦᠭᠦ ᠨᠠᠮ ᠪᠦᠭᠦ ᠨᠡᠶᠢᠭᠡᠮ ᠢᠶᠠᠷ ᠢᠶᠠᠨ ᠨᠠᠮ ᠤᠨ | ᠲᠡᠦᠬᠡ ᠶᠢ ᠰᠠᠶᠢᠲᠤᠷ ᠰᠤᠷᠤᠯᠴᠠᠬᠤ᠂ ᠨᠠᠮ ᠤᠨ ᠲᠡᠦᠬᠡ ᠶᠢ ᠰᠠᠶᠢᠲᠤᠷ ᠬᠡᠷᠡᠭᠯᠡᠬᠦ᠂ ᠨᠠᠮ ᠤᠨ ᠲᠡᠦᠬᠡ ᠠᠴᠠ ᠣᠶᠤᠨ | ᠤᠬᠠᠭᠠᠨ ᠪᠠ ᠬᠦᠴᠦᠨ ᠴᠢᠳᠠᠯ ᠰᠢᠩᠭᠡᠬᠡᠨ ᠠᠪᠬᠤ ᠶᠢ ᠠᠬᠢᠭᠤᠯᠵᠤ᠂ ᠲᠡᠦᠬᠡ ᠶᠢ ᠰᠤᠷᠤᠯᠴᠠᠵᠤ ᠶᠣᠰᠣ ᠤᠴᠢᠷ ᠢ | ᠣᠶᠢᠯᠠᠭᠠᠬᠤ᠂ ᠲᠡᠦᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠤ ᠶᠣᠰᠣ | ᠰᠤᠷᠲᠠᠬᠤᠨ ᠢ ᠡᠷᠭᠢᠮᠯᠡᠭᠦ᠂ ᠲᠡᠦᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠭᠦᠯᠬᠦ ᠶᠢ ᠪᠡᠶᠡᠯᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ | ᠮᠡᠳᠡᠭᠳᠡᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠳᠦᠷᠢᠮ︾ | ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ | ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠳᠠᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ︽ᠳᠦᠷᠢᠮ︾ ᠤᠨ ᠡᠯ᠎ᠡ | ᠵᠦᠢᠯ ᠤᠨ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠳᠦᠷᠢᠮ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠬᠤ ᠶᠢ ᠨᠠᠮ ᠤᠨ ᠲᠡᠦᠬᠡ ᠶᠢᠨ | ᠦᠨᠳᠦᠰᠦᠨ ᠠᠭᠤᠯᠭ᠎ᠠ᠂ ᠨᠠᠮ ᠤᠨ ᠲᠡᠦᠬᠡ ᠶᠢᠨ ᠳ᠋ᠦᠩᠨᠡᠯᠲᠡ᠂ ᠨᠠᠮ ᠤᠨ ᠲᠡᠦᠬᠡ ᠶᠢᠨ ᠲᠤᠷᠰᠢᠯᠭ᠎ᠠ᠂ ᠨᠠᠮ | ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠲᠠᠢ ᠬᠤᠯᠪᠣᠯᠳᠤᠭᠤᠯᠤᠨ ᠨᠠᠪᠲᠠᠷᠡᠭᠦᠯᠵᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠢᠶᠠᠨ ᠰᠠᠶᠢᠲᠤᠷ ᠬᠢᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ | ᠺᠠᠳ᠋ᠷ ᠢ ᠬᠥᠲᠥᠯᠥᠨ ᠳᠠᠭᠠᠭᠤᠯᠵᠤ ᠵᠥᠪ ᠨᠠᠮ ᠤᠨ ᠲᠡᠦᠬᠡ ᠶᠢᠨ ᠦᠵᠡᠯᠲᠡ ᠶᠢ ᠪᠤᠢ ᠪᠤᠯᠭᠠᠵᠤ᠂ ᠰᠤᠷᠤᠯᠴᠠᠯᠭ᠎ᠠ ᠶᠢᠨ | ᠦᠷ᠎ᠡ ᠪᠦᠲᠦᠭᠡᠯ ᠢ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠳᠦᠷᠢᠮ︾ ᠢ ᠬᠡᠷᠡᠭᠵᠢᠭᠦᠯᠬᠦ | ᠶᠠᠪᠤᠴᠠ ᠳᠠᠬᠢ ᠴᠢᠬᠤᠯᠠ ᠪᠠᠶᠢᠳᠠᠯ ᠪᠣᠯᠣᠨ ᠰᠠᠨᠠᠭᠤᠯᠭ᠎ᠠ ᠶᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠳᠤ | ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ |