ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠪᠦᠭᠦᠳᠡ ᠬᠤᠷᠠᠯ ᠬᠢᠵᠦ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠥᠯᠥᠭᠡᠯᠡᠭᠴᠢᠳ ᠤᠨ ᠪᠦᠯᠭᠦᠮ ᠤᠨ ᠬᠤᠷᠠᠯᠳᠤᠭᠤᠯᠤᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/6
    3 ᠰᠠᠷ᠎ᠠ ᠶᠢᠨ 4 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠠᠴᠠ ᠬᠤᠷᠠᠯᠳᠤᠭᠤᠯᠤᠭᠰᠠᠨ ᠲᠥᠯᠥᠭᠡᠯᠡᠭᠴᠢᠳ ᠤᠨ ᠪᠦᠯᠭᠦᠮ ᠤᠨ ᠬᠤᠷᠠᠯᠳᠤᠭᠤᠯᠤᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠪᠦᠯᠭᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠳᠤ ᠣᠷᠣᠯᠴᠠᠵᠠᠢ᠃
    ᠰᠦᠨ ᠱᠤᠤ ᠴᠧᠩ᠂ ᠪᠢᠳᠡ ᠲᠥᠯᠥᠭᠡᠯᠡᠭᠴᠢᠳ ᠤᠨ ᠪᠦᠯᠭᠦᠮ ᠤᠨ ᠬᠤᠷᠠᠯᠳᠤᠭᠤᠯᠤᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠣᠰᠣᠭᠠᠷ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠲᠥᠯᠥᠭᠡᠯᠡᠭᠴᠢᠳ ᠶᠡᠭᠡ ᠬᠤᠷᠠᠯ ᠤᠨ ᠲᠣᠬᠢᠷᠠᠭᠤᠯᠤᠯᠲᠠ ᠶᠢ ᠪᠦᠭᠦ ᠲᠠᠯ᠎ᠠ ᠪᠠᠷ ᠣᠨᠣᠪᠴᠢᠲᠠᠢ ᠣᠶᠢᠯᠠᠭᠠᠨ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠲᠣᠭᠲᠠᠭᠰᠠᠨ ᠴᠠᠭ ᠶᠣᠰᠣᠭᠠᠷ ᠬᠤᠷᠠᠯ ᠳᠤ ᠣᠷᠣᠯᠴᠠᠵᠤ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠬᠢᠨᠠᠨ ᠵᠥᠪᠯᠡᠬᠦ ᠳᠤ ᠣᠷᠤᠯᠴᠠᠬᠤ ᠬᠡᠷᠡᠭᠲᠡᠢ᠃ ᠲᠥᠯᠥᠭᠡᠯᠡᠭᠴᠢᠳ ᠤᠨ ᠪᠦᠯᠭᠦᠮ ᠤᠨ ᠬᠤᠷᠠᠯ ᠤᠨ ᠶᠠᠪᠤᠳᠠᠯ ᠤᠨ ᠳᠤᠭᠤᠶᠢᠯᠠᠩ ᠤᠨ ᠬᠢᠨ ᠵᠣᠬᠢᠶᠠᠨ ᠪᠠᠶᠢᠭᠤᠯᠵᠤ ᠦᠢᠯᠡᠴᠢᠯᠡᠬᠦ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠪᠦᠷᠢᠨ  ᠪᠣᠳᠣᠯᠬᠢᠯᠠᠵᠤ᠂ ᠭᠦᠢᠴᠡᠳ ᠲᠣᠬᠢᠷᠠᠭᠤᠯᠬᠤ ᠬᠡᠷᠡᠭᠲᠡᠢ᠃ ᠡᠯ᠎ᠡ ᠠᠵᠢᠯᠯᠠᠬᠤ ᠳᠤᠭᠤᠶᠢᠯᠠᠩ ᠤᠨ ᠬᠤᠭᠤᠷᠣᠨᠳᠤ ᠪᠠᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠲᠥᠯᠥᠭᠡᠯᠡᠭᠴᠢᠳ ᠤᠨ ᠪᠦᠯᠭᠦᠮ ᠤᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号