ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠡᠬᠢ | ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠲᠥᠯᠥᠭᠡ᠂ ︽ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠣᠯᠢ ᠳᠦᠷᠢᠮ ᠢ | ᠴᠢᠩᠭ᠎ᠠ ᠬᠡᠷᠡᠭᠵᠢᠭᠦᠯᠵᠦ ᠪᠠᠶᠢᠭᠠᠳ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠭᠤᠤᠯ ᠴᠣᠭᠴᠠ ᠶᠢᠨ | ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠵᠡᠷᠭᠡ ᠰᠠᠯᠠᠭ᠎ᠠ ᠮᠥᠴᠢᠷ ᠤᠨ ᠰᠠᠨᠠᠯ ᠤᠳ︾ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠤᠯᠢ | ᠲᠣᠭᠲᠠᠭᠠᠯ ﹇2022﹈ 1117 ᠳ᠋ᠤᠭᠠᠷ ᠲᠣᠭᠠᠲᠤ︶ ︽ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠠᠷᠠᠯᠵᠢᠶᠠᠨ ᠤ ᠳᠠᠭᠠᠭᠠᠯᠲᠠ ᠶᠢᠨ ᠲᠦᠷᠢᠮ ᠢ ᠲᠡᠭᠦᠯᠳᠡᠷᠵᠢᠭᠦᠯᠵᠦ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠠᠷᠠᠯᠵᠢᠶᠠᠨ ᠤ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠬᠤ ᠲᠤᠬᠠᠶ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠮᠡᠳᠡᠭᠳᠡᠯ︾ ︵ᠬᠥᠭᠵᠢᠭᠦᠯᠦᠯᠲᠡ | ᠥᠭᠡᠷᠡᠴᠢᠯᠡᠯᠲᠡ ᠬᠠᠤᠯᠢ ᠲᠣᠭᠲᠠᠭᠠᠯ ﹇2023﹈ 27 ᠳ᠋ᠤᠭᠠᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ | ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ | ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 58 ᠳ᠋ᠤᠭᠠᠷ ᠲᠣᠭᠠᠲᠤ︶ | ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠡᠳᠦᠭᠡ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ | ︵ᠨᠢᠭᠡ︶ ᠠᠯᠠᠱᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠦᠯᠵᠢᠶ᠎ᠡ ᠪᠠ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ᠂ ᠡᠯᠧᠺᠳ᠋ᠷᠣᠨ | ᠠᠷᠠᠯᠵᠢᠶᠠᠨ ᠤ ᠰᠢᠰᠲ᠋ᠧᠮ᠂ ᠡᠯᠧᠺᠲᠷᠣᠨ ᠬᠢᠨᠠᠯᠲᠠ ᠲᠠᠯᠪᠢᠬᠤ ᠰᠢᠰᠲ᠋ᠧᠮ ᠵᠡᠷᠭᠡ ᠲᠠᠪᠴᠠᠩ ᠤᠨ ᠴᠢᠳᠠᠮᠵᠢ ᠶᠢ | ᠦᠷᠭᠦᠯᠵᠢᠯᠡᠨ ᠳᠡᠭᠡᠭᠰᠢᠯᠡᠭᠦᠯᠵᠦ᠂ ᠡᠯ᠎ᠡ ᠰᠠᠯᠠᠭ᠎ᠠ ᠮᠥᠴᠢᠷ ᠯᠦᠭᠡ ᠰᠢᠰᠲ᠋ᠧᠮ ᠤᠨ ᠲᠤᠬᠠᠶᠢᠯᠠᠭᠰᠠᠨ ᠠᠵᠢᠯ ᠤᠨ | ᠬᠠᠮᠵᠢᠯᠴᠠᠭ᠎ᠠ ᠬᠢᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠥᠬᠦ ᠶᠠᠪᠤᠴᠠ ᠶᠢ ᠡᠯᠧᠺᠲᠷᠣᠨᠴᠢᠯᠠᠬᠤ᠂ ᠴᠠᠭᠠᠰᠤ ᠥᠬᠡᠶ ᠪᠠᠷ ᠪᠡᠶᠡᠯᠡᠭᠦᠯᠵᠦ᠂ | ︽ᠠᠭᠤᠯᠵᠠᠬᠤ ᠥᠬᠡᠶ ᠪᠠᠷ ᠳᠠᠭᠠᠭᠠᠴᠢᠯᠠᠯᠲᠠ ᠨᠡᠶᠢᠲᠡᠯᠡᠬᠦ︾ ᠶᠢ ᠦᠷᠭᠦᠯᠵᠢᠯᠡᠨ ᠬᠡᠷᠡᠭᠵᠢᠭᠦᠯᠵᠦ᠂ ᠳᠠᠭᠠᠭᠠᠴᠢᠯᠠᠯᠲᠠ | ᠬᠦᠯᠢᠶᠡᠬᠦ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠣᠨ᠎ᠠ᠃ | ︵ᠬᠤᠶᠠᠷ︶ ᠣᠷᠣᠬᠤ ᠶᠢ ᠪᠦᠷᠢᠳᠬᠡᠨ ᠳᠠᠩᠰᠠᠯᠠᠬᠤ ᠳᠡᠰ ᠳᠠᠷᠠᠭᠠᠯᠠᠯ ᠢ ᠳᠥᠭᠦᠮᠴᠢᠯᠡᠨ᠎ᠡ᠃ ᠬᠠᠤᠯᠢ ᠶᠣᠰᠣᠭᠠᠷ | ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠳᠤ ᠡᠯᠧᠺᠲᠷᠣᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠬᠡᠷᠡᠭᠵᠢᠭᠦᠯᠵᠦ᠂ ᠳᠠᠭᠠᠭᠠᠴᠢᠯᠠᠯᠲᠠ | ᠵᠠᠷᠯᠠᠬᠤ ᠪᠢᠴᠢᠭ ᠮᠠᠲ᠋ᠧᠷᠢᠶᠠᠯ ᠤᠨ ᠳᠠᠩᠰᠠᠯᠠᠯ ᠢ ᠬᠦᠴᠦᠨ ᠦᠭᠡᠶ ᠪᠣᠯᠭᠠᠵᠤ᠂ ᠪᠦᠬᠦᠨ ᠢ ᠡᠯᠧᠺᠲᠷᠣᠨ ᠠᠷᠠᠯᠵᠢᠶᠠᠨ ᠤ | ᠰᠢᠰᠲ᠋ᠧᠮ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠳᠡᠩᠰᠨᠯᠡᠵᠦ᠂ ᠵᠠᠬ᠎ᠠ ᠳᠡᠯᠭᠡᠭᠦᠷ ᠲᠤ ᠣᠷᠣᠬᠤ ᠳᠡᠩᠰᠨᠯᠡᠯ ᠤᠨ | ᠬᠡᠷᠡᠭᠰᠡᠬᠦ ᠮᠠᠲ᠋ᠧᠷᠢᠶᠠᠯ ᠢ ᠴᠣᠮᠬᠠᠳᠬᠠᠬᠤ ᠬᠡᠷᠡᠭᠲᠡᠶ᠃ ᠠᠷᠠᠯᠵᠢᠶᠠᠨ ᠤ ᠲᠥᠪ ᠬᠢᠨᠠᠨ ᠵᠥᠪᠰᠢᠶᠡᠷᠡᠬᠦ᠂ ᠳᠠᠩᠰᠠᠯᠠᠭᠤᠯᠬᠤ | ᠡᠷᠬᠡ ᠶᠢ ᠬᠡᠷᠡᠭᠵᠢᠭᠦᠯᠬᠦ ᠪᠤᠶᠤ ᠣᠷᠣᠯᠠᠨ ᠭᠦᠢᠴᠡᠳᠬᠡᠵᠦ ᠪᠣᠯᠬᠤ ᠦᠭᠡᠢ᠂ ᠠᠷᠠᠯᠵᠢᠶᠠᠨ ᠤ ᠲᠥᠷᠥᠯ ᠵᠦᠢᠯ ᠢ | ᠣᠷᠣᠭᠤᠯᠬᠤ ᠳᠤ ︽ᠬᠤᠷᠣᠮᠬᠠᠨ ᠵᠠᠭᠤᠷ᠎ᠠ ᠵᠦᠪᠰᠢᠶᠡᠷᠡᠵᠦ ᠬᠤᠷᠣᠮᠬᠠᠨ ᠵᠠᠭᠤᠷ᠎ᠠ ᠭᠦᠢᠴᠡᠳᠬᠡᠬᠦ︾ ᠬᠡᠷᠡᠭᠲᠡᠶ᠃ | ᠳᠠᠭᠠᠭᠠᠴᠢᠯᠠᠯᠲᠠ ᠵᠠᠷᠯᠠᠭᠴᠢ ᠵᠢᠴᠢ ᠲᠡᠭᠦᠨ ᠤ ᠨᠠᠶᠢᠳᠠᠭᠰᠠᠨ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ | ᠲᠤᠰᠢᠶᠠᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠬᠠᠤᠯᠢ | ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠶ᠂ ᠳᠠᠭᠠᠭᠠᠴᠢᠯᠠᠯᠲᠠ ᠬᠦᠯᠢᠶᠡᠬᠦ ᠪᠠᠷ ᠨᠡᠷ᠎ᠡ ᠮᠡᠳᠡᠭᠦᠯᠬᠦ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠦᠭᠡᠶ ᠤᠷᠢᠳᠠᠴᠢ ᠭᠤᠭᠴᠤᠭ᠎ᠠ ᠶᠢ ᠲᠣᠭᠲᠠᠭᠠᠵᠤ ᠪᠣᠯᠬᠤ | ᠦᠭᠡᠶ᠂ ᠬᠡᠪᠴᠢᠶᠡᠨ ᠳᠤ ᠣᠷᠣᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠣᠩᠭᠤᠬᠤ ᠬᠥᠮᠥᠷᠭᠡ᠂ ᠨᠡᠷᠡᠰ ᠤᠨ | ᠬᠥᠮᠥᠷᠭᠡ᠂ ᠬᠢᠷᠢ ᠭᠡᠮ ᠤᠨ ᠬᠥᠮᠥᠷᠭᠡ ᠶᠢ ᠲᠣᠬᠢᠷᠠᠭᠤᠯᠵᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠠᠵᠢᠯᠯᠠᠭ᠎ᠠ ᠳᠤ ᠣᠷᠣᠯᠴᠠᠬᠤ ᠬᠢᠷᠢ ᠭᠡᠮ ᠤᠨ ᠨᠥᠬᠦᠴᠡᠯ ᠪᠣᠯᠭᠠᠵᠤ ᠪᠣᠯᠬᠤ ᠦᠭᠡᠶ᠃ | ︵ᠭᠤᠷᠪᠠ︶ ᠪᠥᠬᠦ ᠠᠶᠢᠮᠠᠭ ᠤᠨ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠠᠪᠴᠠᠩ ᠤᠨ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢ | ᠵᠣᠷᠢᠭᠵᠢᠭᠤᠯᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠦᠢᠯᠡᠴᠢᠯᠡᠭᠡᠨ ᠤ ᠬᠠᠩᠭᠠᠯᠭ᠎ᠠ ᠶᠢ | ᠨᠡᠮᠡᠭᠳᠡᠭᠦᠯᠦᠨ᠎ᠡ᠃ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠᠲᠠᠶ ᠲᠥᠷᠥᠯ ᠵᠦᠢᠯ ᠳᠤ ︽ | ᠠᠯᠤᠰ ᠠᠴᠠ ᠣᠨᠳᠣᠤ ᠭᠠᠵᠠᠷ ᠳᠠᠭᠠᠭᠠᠴᠢᠯᠠᠯᠲᠠ ᠦᠨᠡᠯᠡᠬᠦ︾ ᠶᠢ ᠪᠠᠶᠢᠩᠭᠤ ᠬᠡᠷᠡᠭᠵᠢᠭᠦᠯᠵᠦ᠂ ᠲᠤᠰ ᠭᠠᠵᠠᠷ ᠤᠨ | ᠳᠠᠭᠠᠭᠠᠴᠢᠯᠠᠯᠲᠠ ᠦᠨᠡᠯᠡᠬᠦ ᠲᠤᠰᠬᠠᠶ ᠮᠡᠷᠭᠡᠵᠢᠯᠲᠡᠨ ᠤ ︽ᠵᠢᠵᠢᠭ ᠪᠦᠯᠬᠦᠮ︾ ᠢ ᠡᠪᠳᠡᠵᠦ᠂ ᠴᠢᠨᠠᠷ ᠰᠠᠶᠢᠲᠠᠶ | ᠲᠤᠰᠬᠠᠶ ᠮᠡᠷᠭᠡᠵᠢᠯᠲᠡᠨ ᠤ ᠡᠬᠢ ᠪᠠᠶᠠᠯᠢᠭ ᠢ ᠠᠶᠢᠮᠠᠭ ᠬᠤᠲᠠ᠂ ᠣᠷᠣᠨ᠂ ᠠᠵᠢᠯ ᠲᠥᠷᠥᠯ ᠠᠯᠤᠰᠯᠠᠨ ᠬᠠᠷᠢᠯᠴᠠᠨ | ᠬᠤᠯᠪᠣᠭᠠᠯᠠᠵᠤ ᠬᠠᠮᠲᠤᠪᠠᠷ ᠬᠦᠷᠳᠡᠬᠦ ᠶᠢ ᠠᠬᠢᠭᠤᠯᠬᠤ ᠬᠡᠷᠡᠭᠲᠡᠶ᠃ ︽ᠦᠨᠡᠯᠡᠨ ᠲᠣᠭᠲᠠᠭᠠᠬᠤ ᠶᠢ ᠰᠠᠯᠭᠠᠬᠤ︾ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠭᠡᠷ ᠪᠠᠶᠢᠰᠢᠩ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ︽ᠦᠨᠡᠯᠡᠨ ᠲᠣᠭᠲᠠᠭᠠᠬᠤ ᠶᠢ ᠰᠠᠯᠭᠠᠬᠤ︾ | ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠵᠤ᠂ ︽ᠦᠨᠡᠯᠡᠨ ᠲᠣᠭᠲᠠᠭᠠᠬᠤ ᠶᠢ ᠰᠠᠯᠭᠠᠬᠤ︾ | ᠬᠡᠷᠡᠭᠯᠡᠭᠡᠨ ᠤ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠥᠲᠥᠴᠢ ᠠᠵᠤ ᠠᠬᠤᠶᠢᠯᠠᠯ᠂ ᠲᠣᠮᠣ ᠬᠡᠯᠪᠡᠷᠢ ᠶᠢᠨ | ᠠᠵᠤ ᠠᠬᠤᠶᠢᠯᠠᠯ ᠬᠢᠭᠡᠳ ᠳᠤᠮᠳᠠ ᠵᠢᠵᠢᠭ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ | ᠬᠤᠯᠪᠣᠭᠠᠲᠤ ᠴᠣᠭᠴᠠ ᠪᠠᠶᠢᠭᠤᠯᠤᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠶᠢ ᠵᠣᠷᠢᠭᠵᠢᠭᠤᠯᠵᠤ᠂ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠬᠤᠪᠢ ᠨᠡᠮᠡᠬᠦ ᠵᠦᠢᠯ ᠲᠣᠬᠢᠷᠠᠭᠤᠯᠵᠤ ᠪᠣᠯᠤᠨ᠎ᠠ᠂ ᠬᠤᠯᠪᠣᠭᠠᠲᠤ | ᠴᠣᠭᠴᠠ ᠠᠴᠠ ᠪᠣᠶ ᠪᠣᠯᠤᠭᠰᠠᠨ ᠠᠮᠵᠢᠯᠲᠠ ᠪᠦᠲᠦᠮᠵᠢ ᠶᠢ ᠬᠤᠶᠢᠰᠢᠳᠠ ᠶᠢᠨ ᠡᠯ᠎ᠡ ᠲᠠᠯ᠎ᠠ ᠶᠢᠨ ᠠᠮᠵᠢᠯᠲᠠ ᠪᠦᠲᠦᠮᠵᠢ | ᠪᠣᠯᠭᠠᠨ ᠵᠥᠪᠰᠢᠶᠡᠷᠡᠵᠦ ᠪᠣᠯᠤᠨ᠎ᠠ᠃ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠪᠠᠶᠢᠳᠠᠯ ᠢ ᠢᠯᠡ | ᠪᠣᠯᠭᠠᠬᠤ ᠡᠷᠴᠢᠮ ᠢ ᠴᠢᠩᠭᠠᠷᠠᠭᠤᠯᠵᠤ᠂ ᠬᠤᠪᠢ ᠲᠣᠭᠲᠠᠭᠠᠭᠰᠠᠨ ᠪᠠᠶᠢᠳᠠᠯ ᠢ ᠨᠡᠶᠢᠭᠡᠮ ᠳᠤ ᠢᠯᠡ ᠪᠣᠯᠭᠠᠬᠤ᠂ | ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠦᠭᠡᠶᠢᠰᠬᠡᠬᠦ ᠰᠢᠯᠲᠠᠭᠠᠨ ᠢ ᠳᠠᠭᠠᠭᠠᠴᠢᠯᠠᠯᠲᠠ ᠬᠦᠯᠢᠶᠡᠭᠴᠢ ᠳᠤ | ᠢᠯᠡ ᠪᠣᠯᠭᠠᠬᠤ ᠶᠢ ᠢᠳᠡᠪᠬᠢᠲᠡᠶ ᠪᠠᠷ ᠠᠬᠢᠭᠤᠯᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠠᠵᠢᠯᠯᠠᠭ᠎ᠠ ᠶᠢᠨ ᠢᠯᠡ ᠲᠣᠳᠣ ᠬᠡᠮᠵᠢᠶ᠎ᠡ ᠶᠢ ᠳᠡᠭᠡᠭᠰᠢᠯᠡᠭᠦᠯᠦᠨ᠂ ᠳᠠᠭᠠᠭᠠᠴᠢᠯᠠᠯᠲᠠ ᠦᠨᠡᠯᠡᠬᠦ ᠶᠠᠪᠤᠴᠠ ᠶᠢᠨ ᠡᠷᠬᠡ | ᠲᠡᠭᠰᠢ᠂ ᠲᠥᠪ ᠭᠤᠣᠯᠴᠢ ᠪᠠᠶᠢᠬᠤ ᠶᠢ ᠠᠬᠢᠭᠤᠯᠤᠨ᠎ᠠ᠃ | ︵ᠳᠥᠷᠪᠡ︶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ | ᠲᠥᠯᠥᠪᠯᠡᠭᠡ ᠶᠢ ᠤᠷᠢᠳᠴᠢᠯᠠᠨ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ ᠠᠯᠠᠱᠠ ᠠᠶᠢᠮᠠᠭ ᠤᠨ ᠬᠡᠪᠴᠢᠶᠡᠨ | ᠳᠣᠲᠣᠷᠠᠬᠢ ᠤᠯᠤᠰ ᠤᠨ ᠥᠮᠴᠢᠯᠡᠯᠲᠦ ᠪᠡᠯᠡ ᠮᠥᠩᠭᠦ ᠨᠢ ᠬᠤᠪᠢ ᠡᠵᠡᠮᠰᠢᠵᠦ ᠪᠠᠶᠢᠬᠤ ᠪᠤᠶᠤ ᠭᠤᠤᠯᠯᠠᠬᠤ ᠪᠠᠶᠢᠷᠢ | ᠰᠠᠭᠤᠷᠢ ᠶᠢ ᠡᠵᠡᠯᠡᠵᠦ᠂ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠴᠢᠬᠤᠯᠠ ᠲᠠᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠳᠠᠭᠠᠭᠠᠴᠢᠯᠠᠯᠲᠠ ᠵᠠᠷᠯᠠᠭᠴᠢ ᠳᠠᠭᠠᠭᠠᠴᠢᠯᠠᠯᠲᠠ ᠵᠠᠷᠯᠠᠬᠤ ᠠᠯᠪᠠᠨ ᠵᠠᠷ ︵ | ᠬᠢᠷᠢ ᠭᠡᠮ ᠢ ᠤᠷᠢᠳᠴᠢᠯᠠᠨ ᠬᠢᠨᠠᠬᠤ ᠠᠯᠪᠠᠨ ᠵᠠᠷ ᠪᠤᠶᠤ ᠳᠠᠭᠠᠭᠠᠴᠢᠯᠠᠯᠲᠠ ᠬᠦᠯᠢᠶᠡᠬᠦ ᠤᠷᠢᠯᠭ᠎ᠠ ᠶᠢᠨ ᠪᠢᠴᠢᠭ︶ ᠢ | ᠨᠡᠶᠢᠲᠡᠯᠡᠬᠦ ᠠᠴᠠ ᠠᠳᠠᠭ ᠲᠠᠭᠠᠨ 30 ᠡᠳᠦᠷ ᠤᠨ ᠡᠮᠦᠨ᠎ᠡ ︽ᠠᠯᠠᠱᠠ ᠠᠶᠢᠮᠠᠭ ᠤᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠰᠦᠯᠵᠢᠶ᠎ᠡ︾ ᠪᠠᠷ ᠳᠠᠮᠵᠢᠭᠤᠯᠤᠨ ᠳᠠᠭᠠᠭᠠᠴᠢᠯᠠᠯᠲᠠ ᠵᠠᠷᠯᠠᠬᠤ ᠲᠥᠯᠥᠪᠯᠡᠭᠡ ᠶᠢᠨ | ᠠᠯᠪᠠᠨ ᠵᠠᠷ ᠨᠡᠶᠢᠲᠡᠯᠡᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠢᠯᠡ ᠪᠠᠶᠢᠳᠠᠯ ᠪᠠ ᠥᠷᠢᠰᠥᠯᠳᠦᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠳᠠᠭᠠᠭᠠᠴᠢᠯᠠᠯᠲᠠ ᠵᠠᠷᠯᠠᠬᠤ ᠲᠥᠯᠥᠪᠯᠡᠭᠡ ᠳᠤ ᠲᠥᠷᠥᠯ ᠵᠦᠢᠯ ᠤᠨ ᠨᠡᠷᠡᠶᠢᠳᠦᠯ᠂ ᠳᠠᠭᠠᠭᠠᠴᠢᠯᠠᠯᠲᠠ ᠵᠠᠷᠯᠠᠭᠴᠢ᠂ | ᠲᠥᠷᠥᠯ ᠵᠦᠢᠯ ᠤᠨ ᠲᠦᠢᠮᠣ ᠪᠠᠶᠢᠳᠠᠯ᠂ ᠳᠠᠭᠠᠭᠠᠴᠢᠯᠠᠯᠲᠠ ᠵᠠᠷᠯᠠᠬᠤ ᠠᠭᠤᠯᠭ᠎ᠠ᠂ ᠪᠡᠯᠡ ᠣᠷᠣᠭᠤᠯᠤᠯᠲᠠ ᠶᠢ | ᠳᠦᠰᠦᠭᠡᠯᠡᠨ ᠪᠣᠳᠣᠬᠤ᠂ ᠳᠠᠭᠠᠭᠠᠴᠢᠯᠠᠯᠲᠠ ᠵᠠᠷᠯᠠᠬᠤ ᠴᠠᠭ ᠵᠡᠷᠭᠡ ᠪᠠᠭᠲᠠᠨ᠎ᠠ᠃ ᠳᠠᠭᠠᠭᠠᠴᠢᠯᠠᠯᠲᠠ ᠵᠠᠷᠯᠠᠬᠤ | ᠲᠥᠯᠥᠪᠯᠡᠭᠡ ᠪᠠᠷ ᠵᠥᠪᠬᠡᠨ ᠳᠠᠭᠠᠭᠠᠴᠢᠯᠠᠯᠲᠠ ᠬᠦᠯᠢᠶᠡᠭᠴᠢ ᠶᠢᠨ ᠬᠤᠪᠢ ᠪᠠᠷ ᠲᠥᠷᠥᠯ ᠵᠦᠢᠯ ᠤᠨ ᠳᠠᠭᠠᠭᠠᠴᠢᠯᠠᠯᠲᠠ | ᠵᠠᠷᠯᠠᠬᠤ ᠲᠥᠯᠥᠪᠯᠡᠭᠡ ᠶᠢᠨ ᠲᠣᠬᠢᠷᠠᠭᠤᠯᠤᠯᠲᠠ ᠶᠢ ᠤᠷᠢᠳᠴᠢᠯᠠᠨ ᠣᠶᠢᠯᠠᠭᠠᠵᠤ᠂ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠬᠤ ᠪᠣᠳᠠᠲᠠᠶ ᠠᠭᠤᠯᠭ᠎ᠠ ᠶᠢ ᠳᠠᠭᠠᠭᠠᠴᠢᠯᠠᠯᠲᠠ ᠵᠠᠷᠯᠠᠭᠴᠢ ᠶᠢᠨ ᠬᠠᠮᠤᠭ ᠤᠨ ᠰᠡᠭᠦᠯ ᠳᠤ | ᠨᠡᠶᠢᠲᠡᠯᠡᠭᠰᠡᠨ ᠳᠠᠭᠠᠭᠠᠴᠢᠯᠠᠯᠲᠠ ᠵᠠᠷᠯᠠᠬᠤ ᠠᠯᠪᠠᠨ ᠵᠠᠷ ︵ᠬᠢᠷᠢ ᠭᠡᠮ ᠢ ᠤᠷᠢᠳᠴᠢᠯᠠᠨ ᠬᠢᠨᠠᠬᠤ ᠠᠯᠪᠠᠨ ᠵᠠᠷ ᠪᠤᠶᠤ | ᠳᠠᠭᠠᠭᠠᠴᠢᠯᠠᠯᠲᠠ ᠬᠦᠯᠢᠶᠡᠬᠦ ᠤᠷᠢᠯᠭ᠎ᠠ ᠶᠢᠨ ᠪᠢᠴᠢᠭ︶︶ ᠪᠣᠯᠤᠨ ᠳᠠᠭᠠᠭᠠᠴᠢᠯᠠᠯᠲᠠ ᠵᠠᠷᠯᠠᠬᠤ ᠪᠢᠴᠢᠭ | ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ᠃ | ᠬᠤᠶᠡᠷ᠂ ᠳᠠᠭᠠᠭᠠᠴᠢᠯᠠᠯᠳᠡ ᠵᠠᠷᠯᠬᠠᠴᠢ ᠶᠢᠨ ᠭᠤᠤᠯ ᠴᠣᠠᠠᠴᠠ ᠶᠢᠨ ᠬᠠᠷᠢᠭᠤᠴᠠᠯᠭ᠎ᠠ ᠶᠢ ᠣᠯᠡᠮ ᠨᠢᠭᠡ ᠠᠯᠬᠤᠮ | ᠴᠢᠩᠭᠠᠷᠠᠭᠤᠯᠣᠨ᠎ᠠ | ︵ᠲᠠᠪᠤ︶ ᠶᠠᠮᠠᠷᠪᠠ ᠨᠢᠭᠡᠴᠡ ᠪᠠ ᠬᠤᠪᠢ ᠬᠥᠮᠦᠨ ᠶᠠᠮᠠᠷᠪᠠ ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ | ᠵᠠᠷᠯᠠᠭᠴᠢ ᠶᠢᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢ ᠰᠣᠩᠭᠤᠬᠤ᠂ ᠳᠠᠭᠠᠭᠠᠴᠢᠯᠠᠯᠲᠠ | ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠡᠯᠧᠺᠲᠷᠣᠨ ᠠᠷᠠᠯᠵᠢᠶᠠᠨ ᠤ ᠰᠢᠰᠲ᠋ᠧᠮ ᠪᠠ | ᠠᠷᠠᠯᠵᠢᠶᠠᠨ ᠤ ᠲᠠᠯᠠᠪᠤᠷ ᠭᠠᠵᠠᠷ ᠢ ᠰᠣᠩᠭᠤᠬᠤ᠂ ᠳᠠᠭᠠᠭᠠᠴᠢᠯᠠᠯᠲᠠ ᠦᠨᠡᠯᠡᠬᠦ ᠺᠣᠮᠢᠰ ᠪᠠᠶᠢᠭᠤᠯᠬᠤ᠂ ᠲᠥᠯᠥᠭᠡᠯᠡᠭᠴᠢ | ᠲᠣᠮᠢᠯᠠᠨ ᠳᠠᠭᠠᠭᠠᠴᠢᠯᠠᠯᠲᠠ ᠰᠢᠯᠭᠠᠷᠠᠭᠤᠯᠬᠤ ᠳᠤ ᠣᠷᠣᠯᠴᠠᠭᠤᠯᠬᠤ᠂ ᠳᠠᠭᠠᠭᠠᠴᠢᠯᠠᠯᠲᠠ ᠣᠯᠤᠭᠴᠢ ᠶᠢ ᠲᠣᠭᠲᠠᠭᠠᠬᠤ᠂ | ᠭᠡᠷ᠎ᠡ ᠲᠣᠭᠲᠠᠬᠤ ᠵᠡᠷᠭᠡ ᠲᠠᠯ᠎ᠠ ᠪᠠᠷ ᠬᠠᠤᠯᠢ ᠶᠣᠰᠣᠭᠠᠷ ᠡᠳ᠋ᠯᠡᠬᠦ ᠡᠵᠡᠨ ᠮᠡᠳᠡᠬᠦ ᠡᠷᠬᠡ ᠶᠢ ᠬᠤᠬᠢᠷᠠᠭᠤᠯᠵᠤ ᠪᠣᠯᠬᠤ | ᠦᠭᠡᠶ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠦᠭᠡᠶ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠵᠡᠷᠭᠡ ᠤᠷᠢᠳᠠᠴᠢ ᠬᠢᠨᠠᠨ ᠵᠥᠪᠰᠢᠶᠡᠷᠡᠬᠦ ᠪᠤᠶᠤ | ᠬᠢᠨᠠᠨ ᠬᠠᠷᠭᠤᠭᠤᠯᠬᠤ ᠭᠤᠭᠴᠤᠭ᠎ᠠ ᠶᠢ ᠲᠣᠭᠲᠠᠭᠠᠵᠤ ᠪᠣᠯᠬᠤ ᠦᠭᠡᠶ᠃ | ︵ᠵᠢᠷᠭᠤᠭ᠎ᠠ︶ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠ ᠲᠠᠢ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠤᠯᠤᠰ ᠠᠴᠠ ᠲᠣᠭᠲᠠᠭᠠᠭᠰᠠᠨ ᠪᠠᠷᠢᠮᠵᠢᠶᠠᠲᠤ ᠪᠢᠴᠢᠭ ᠢ ᠬᠡᠷᠡᠭᠯᠡᠵᠦ | ᠂ ᠲᠥᠷᠥᠯ ᠵᠦᠢᠯ ᠤᠨ ᠪᠣᠳᠠᠲᠠᠶ ᠣᠨᠴᠠᠯᠢᠭ ᠪᠣᠯᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ ᠨᠠᠶᠢᠷᠠᠭᠤᠯᠤᠨ | ᠵᠣᠬᠢᠶᠠᠬᠤ ᠬᠡᠷᠡᠭᠲᠡᠶ᠃ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠤᠨ ᠵᠠᠬ᠎ᠠ ᠳᠡᠯᠭᠡᠭᠦᠷ ᠤᠨ ᠪᠠᠶᠢᠴᠠᠭᠠᠨ | ᠰᠤᠳᠤᠯᠤᠯᠲᠠ ᠬᠢᠬᠦ᠂ ᠲᠤᠰᠬᠠᠶ ᠮᠡᠷᠭᠡᠵᠢᠯᠲᠡᠨ ᠠᠴᠠ ᠯᠠᠪᠯᠠᠯᠭ᠎ᠠ ᠬᠢᠵᠦ ᠨᠤᠲᠠᠯᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠳᠠᠭᠠᠭᠠᠴᠢᠯᠠᠯᠲᠠ ᠵᠠᠷᠯᠠᠬᠤ ᠲᠥᠰᠦᠯ ᠢ ᠰᠢᠯᠢᠳᠡᠭᠵᠢᠭᠦᠯᠬᠦ ᠬᠡᠷᠡᠭᠲᠡᠶ᠃ ᠣᠯᠠᠨ ᠨᠡᠶᠢᠲᠡ ᠶᠢᠨ ᠠᠰᠢᠭ | ᠲᠤᠰᠠ᠂ ᠨᠡᠶᠢᠭᠡᠮ ᠤᠨ ᠬᠢᠨ ᠤ ᠠᠩᠬᠠᠷᠤᠯ ᠨᠡᠯᠢᠶᠡᠳ ᠥᠨᠳᠥᠷ ᠪᠠᠶᠢᠭ᠎ᠠ ᠲᠥᠷᠥᠯ ᠵᠦᠢᠯ ᠵᠢᠴᠢ ᠮᠡᠷᠭᠡᠵᠢᠯ ᠨᠢ | ᠪᠤᠳᠤᠯᠢᠶᠠᠨᠲᠠᠶ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠲᠥᠷᠥᠯ ᠵᠦᠢᠯ ᠳᠤ ᠳᠠᠭᠠᠭᠠᠴᠢᠯᠠᠯᠲᠠ ᠵᠠᠷᠯᠠᠬᠤ | ᠪᠢᠴᠢᠭ ᠮᠠᠲ᠋ᠧᠷᠢᠶᠠᠯ ᠤᠨ ᠲᠤᠬᠠᠶ ᠨᠡᠶᠢᠭᠡᠮ ᠣᠯᠠᠨ ᠨᠡᠶᠢᠲᠡ ᠪᠤᠶᠤ ᠠᠵᠢᠯ ᠲᠥᠷᠥᠯ ᠤᠨ ᠰᠠᠨᠠᠯ ᠢ ᠬᠤᠷᠢᠶᠠᠬᠤ ᠶᠢ | ᠵᠣᠷᠢᠭᠵᠢᠭᠤᠯᠤᠨ᠎ᠠ᠃ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠬᠢᠷᠢ ᠬᠡᠮ᠂ ᠠᠵᠢᠯ ᠤᠨ ᠠᠮᠵᠢᠯᠲᠠ | ᠪᠦᠲᠦᠮᠵᠢ ᠵᠡᠷᠭᠡ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠭᠡᠮ ᠤᠨ ᠨᠥᠬᠦᠴᠡᠯ ᠤᠨ ᠱᠠᠭᠠᠷᠳᠠᠯᠭ᠎ᠠ ᠪᠠ | ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ ᠶᠢ ᠲᠥᠷᠥᠯ ᠵᠦᠢᠯ ᠤᠨ ᠪᠣᠳᠠᠲᠠᠶ ᠣᠨᠴᠠᠯᠢᠭ ᠲᠤ ᠨᠡᠶᠢᠴᠡᠭᠦᠯᠬᠦ ᠪᠠ ᠪᠣᠳᠠᠲᠠᠶ | ᠬᠡᠷᠡᠭᠴᠡᠭᠡ ᠶᠢ ᠬᠠᠩᠭᠠᠬᠤ ᠪᠠᠷ ᠪᠣᠯᠭᠤᠮᠵᠢᠲᠠᠶ ᠪᠠᠶᠢᠷᠢᠯᠠᠭᠤᠯᠬᠤ ᠬᠡᠷᠡᠭᠲᠡᠶ᠂ ᠵᠦᠢ ᠵᠣᠬᠢᠰ ᠦᠭᠡᠶ ᠨᠥᠬᠦᠴᠡᠯ | ᠲᠣᠬᠢᠷᠠᠭᠤᠯᠬᠤ ᠪᠠᠷ ᠳᠠᠮᠵᠢᠭᠤᠯᠤᠨ ᠳᠠᠭᠠᠭᠠᠴᠢᠯᠠᠯᠲᠠ ᠬᠦᠯᠢᠶᠡᠭᠴᠢ ᠶᠢ ᠭᠠᠳᠠᠭᠤᠷᠴᠢᠯᠠᠬᠤ ᠪᠤᠶᠤ ᠬᠢᠵᠠᠭᠠᠷᠯᠠᠵᠤ | ᠪᠣᠯᠬᠤ ᠦᠭᠡᠶ᠃ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠨᠢ ᠳᠠᠩᠰᠠᠯᠠᠭᠤᠯᠬᠤ | ᠬᠠᠶ᠋ᠢᠭ᠂ ᠥᠮᠴᠢᠯᠡᠯ ᠤᠨ ᠰᠢᠨᠵᠢ ᠴᠢᠨᠠᠷ᠂ ᠵᠠᠬ᠎ᠠ ᠳᠡᠯᠭᠡᠭᠦᠷ ᠲᠤ ᠡᠵᠡᠯᠡᠬᠦ ᠨᠣᠷᠮ᠎ᠠ᠂ ᠣᠨᠴᠣᠭᠤᠶ ᠵᠠᠰᠠᠭ | ᠵᠠᠬᠢᠷᠭᠠᠨ ᠤ ᠣᠷᠣᠨ ᠪᠤᠶᠤ ᠣᠨᠴᠣᠭᠤᠶ ᠠᠵᠢᠯ ᠲᠥᠷᠥᠯ ᠤᠨ ᠠᠮᠵᠢᠯᠲᠠ ᠪᠦᠲᠦᠮᠵᠢ᠂ ᠠᠯᠪᠠᠳᠠᠯᠭ᠎ᠠ ᠶᠢᠨ ᠪᠤᠰᠤ | ᠬᠢᠷᠢ ᠭᠡᠮ ᠤᠨ ᠭᠡᠷᠡᠴᠢᠯᠡᠯ ᠣᠯᠬᠤ᠂ ᠲᠤᠰ ᠭᠠᠵᠠᠷ ᠤᠨ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠪᠠᠶᠢᠭᠤᠯᠬᠤ᠂ | ᠲᠤᠰ ᠭᠠᠵᠠᠷ ᠤᠨ ᠭᠠᠶᠢᠯᠢ ᠲᠠᠲᠠᠪᠤᠷᠢ ᠶᠢᠨ ᠨᠡᠶᠢᠭᠡᠮ ᠤᠨ ᠪᠠᠲᠤᠯᠠᠭ᠎ᠠ ᠲᠤᠰᠢᠶᠠᠬᠤ ᠵᠡᠷᠭᠡ ᠱᠠᠭᠠᠷᠳᠠᠯᠭ᠎ᠠ ᠶᠢ | ᠳᠤᠷᠠᠳᠴᠤ ᠪᠣᠯᠬᠤ ᠦᠭᠡᠶ᠂ ᠣᠨᠴᠠ ᠲᠣᠭᠲᠠᠭᠰᠠᠨ ᠦᠢᠯᠡᠳᠪᠦᠷᠢᠯᠡᠯ ᠬᠠᠩᠭᠠᠭᠴᠢ ᠶᠢᠨ ᠨᠥᠬᠦᠴᠡᠯ ᠢ ᠤᠭᠰᠠᠷᠠᠵᠤ | ᠪᠠᠶᠢᠭᠠᠳ ᠳᠠᠭᠠᠭᠠᠴᠢᠯᠠᠯᠲᠠ ᠬᠦᠯᠢᠶᠡᠭᠴᠢ ᠶᠢᠨ ᠬᠢᠷᠢ ᠬᠡᠮ᠂ ᠮᠡᠷᠭᠡᠵᠢᠯ᠂ ᠬᠤᠳᠠᠯᠳᠤᠭᠠᠨ ᠤ ᠶᠠᠪᠤᠳᠠᠯ ᠤᠨ | ᠨᠥᠬᠦᠴᠡᠯ ᠢ ᠲᠣᠭᠲᠠᠭᠠᠵᠤ ᠪᠣᠯᠬᠤ ᠦᠭᠡᠶ᠃ | ︵ᠳᠤᠯᠤᠭ᠎ᠠ︶ ᠳᠠᠭᠠᠭᠠᠴᠢᠯᠠᠯᠲᠠ ᠵᠠᠷᠯᠠᠭᠴᠢ ︽ᠭᠤᠣᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ | ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠢᠶᠠᠷ ᠯᠠᠪᠯᠠᠯᠲᠠ ᠪᠣᠯᠭᠠᠵᠤ᠂ ᠬᠠᠤᠯᠢ ᠶᠣᠰᠣᠭᠠᠷ ᠡᠷᠬᠡᠪᠰᠢ | ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠭᠤᠣᠯᠴᠢ ᠪᠠᠷ | ᠥᠷᠢᠰᠥᠯᠳᠦᠬᠦ ᠶᠢ ᠬᠢᠨᠠᠨ ᠪᠠᠶᠢᠴᠠᠭᠠᠬᠤ ᠬᠡᠷᠡᠭᠲᠡᠶ᠃ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ | ᠣᠷᠣᠨ ᠲᠣᠭᠠᠨ ᠤ ᠳᠠᠭᠠᠭᠠᠴᠢᠯᠠᠯᠲᠠ ᠵᠠᠷᠯᠠᠭᠰᠠᠨ ᠪᠢᠴᠢᠭ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠭᠴᠢ ᠨᠢ ᠬᠢᠨᠠᠮᠠᠭᠠᠶ | ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ᠬᠠᠤᠯᠢ ᠲᠣᠭᠲᠠᠭᠠᠯ ᠳᠤ ᠨᠡᠶᠢᠴᠡᠬᠦ᠂ ᠰᠢᠨᠵᠢᠯᠡᠬᠦ ᠤᠬᠠᠭᠠᠨᠴᠢ ᠪᠥᠭᠡᠳ | ᠵᠦᠢ ᠵᠣᠬᠢᠰᠲᠠᠶ᠂ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠳᠠᠭᠠᠭᠠᠴᠢᠯᠠᠯᠲᠠ | ᠵᠠᠷᠯᠠᠭᠴᠢ ᠵᠢᠴᠢ ᠲᠡᠭᠦᠨ ᠤ ᠨᠠᠶᠢᠳᠠᠭᠰᠠᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠨᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠭᠠᠭᠠᠴᠢᠯᠠᠯᠲᠠ ᠵᠠᠷᠯᠠᠬᠤ | ᠠᠯᠪᠠᠨ ᠵᠠᠷ ᠪᠠ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠰᠢᠨᠵᠢᠯᠡᠬᠦ ᠤᠬᠠᠭᠠᠨᠴᠢ ᠪᠥᠭᠡᠳ ᠵᠦᠶ | ᠵᠣᠬᠢᠰᠲᠠᠶ ᠪᠠᠷ ᠨᠠᠶᠢᠷᠠᠭᠤᠯᠤᠨ ᠵᠣᠬᠢᠶᠠᠵᠤ᠂ ᠳᠠᠭᠠᠭᠠᠴᠢᠯᠠᠯᠲᠠ ᠵᠠᠷᠯᠠᠬᠤ ᠠᠯᠪᠠᠨ ᠵᠠᠷ᠂ ᠳᠠᠭᠠᠭᠠᠴᠢᠯᠠᠯᠲᠠ ᠵᠠᠷᠯᠠᠬᠤ | ᠪᠢᠴᠢᠭ ᠮᠠᠲ᠋ᠧᠷᠢᠶᠠᠯ ᠢ ᠨᠡᠶᠢᠲᠡᠯᠡᠬᠦ ᠠᠴᠠ ᠡᠮᠦᠨ᠎ᠡ᠂ ᠠᠯᠪᠠᠨ ᠵᠠᠷ᠂ ᠪᠢᠴᠢᠭ ᠮᠠᠲ᠋ᠧᠷᠢᠶᠠᠯ ᠤᠨ ᠲᠤᠰᠬᠠᠶ ᠮᠡᠷᠭᠡᠵᠢᠯ ᠤᠨ | ᠠᠵᠢᠯᠲᠠᠨ ᠢ ᠵᠣᠬᠢᠶᠠᠨ ᠪᠠᠶᠢᠭᠤᠯᠵᠤ ᠥᠪᠡᠷ ᠤᠨ ᠬᠢᠨᠠᠨ ᠪᠠᠶᠢᠴᠠᠭᠠᠯᠲᠠ ᠪᠠᠨ ᠬᠢᠨᠠᠮᠠᠭᠠᠶ ᠬᠢᠵᠦ᠂ ᠨᠥᠬᠦᠴᠡᠯ ᠨᠢ ᠵᠦᠶ | ᠵᠣᠬᠢᠰᠲᠠᠶ᠂ ᠪᠣᠳᠠᠲᠠᠶ ᠬᠡᠷᠡᠭᠴᠡᠭᠡ ᠳᠤ ᠨᠡᠶᠢᠴᠡᠬᠦ ᠶᠢ ᠦᠨᠡᠨᠬᠦ ᠪᠠᠲᠤᠯᠠᠵᠤ᠂ ᠵᠠᠬ᠎ᠠ ᠳᠡᠯᠭᠡᠭᠦᠷ ᠤᠨ ᠡᠷᠬᠡ ᠲᠡᠭᠰᠢ ᠪᠠᠷ | ᠥᠷᠢᠰᠥᠯᠳᠦᠬᠦ ᠶᠢ ᠬᠢᠵᠠᠭᠠᠷᠯᠠᠬᠤ ᠲᠦᠭᠰᠢᠭᠦᠷᠢ ᠶᠢ ᠠᠷᠢᠯᠭᠠᠬᠤ ᠬᠡᠷᠡᠭᠲᠡᠶ᠃ ᠳᠠᠭᠠᠭᠠᠴᠢᠯᠠᠯᠲᠠ ᠵᠠᠷᠯᠠᠭᠴᠢ ᠵᠢᠴᠢ | ᠲᠡᠭᠦᠨ ᠤ ᠨᠠᠶᠢᠳᠠᠭᠰᠠᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠠᠴᠠ | ᠳᠠᠭᠠᠭᠠᠴᠢᠯᠠᠯᠲᠠ ᠵᠠᠷᠯᠠᠭᠰᠠᠨ ᠪᠢᠴᠢᠭ ᠮᠠᠲ᠋ᠧᠷᠢᠶᠠᠯ ᠢ ᠪᠦᠷᠢᠳᠭᠡᠨ ᠳᠠᠩᠰᠠᠯᠠᠬᠤ ᠦᠶᠡᠰ᠂ ᠭᠤᠣᠯᠴᠢ | ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳ᠋ᠦᠩᠨᠡᠯᠲᠡ ᠶᠢ ᠲᠤᠳᠤᠷᠬᠠᠶᠢᠯᠠᠨ᠂ ︽ᠭᠤᠣᠯᠴᠢ ᠥᠷᠢᠰᠦᠯᠳᠦᠭᠡᠨ ᠤ | ᠬᠢᠨᠠᠨ ᠪᠠᠶᠢᠴᠠᠭᠠᠯᠲᠠ ᠶᠢᠨ ᠬᠦᠰᠦᠨᠦᠭᠲᠦ︾᠂ ︽ᠳᠠᠭᠠᠭᠠᠴᠢᠯᠠᠯᠲᠠ ᠵᠠᠷᠯᠠᠭᠰᠠᠨ ᠪᠢᠴᠢᠭ ᠮᠠᠲ᠋ᠧᠷᠢᠶᠠᠯ ᠤᠨ ᠭᠤᠣᠯᠴᠢ | ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠦᠪᠡᠷᠲᠡᠭᠡᠨ ᠪᠠᠶᠢᠴᠠᠭᠠᠬᠤ ᠬᠦᠰᠦᠨᠦᠭᠲᠦ︾ ᠶᠢᠨ ᠬᠡᠯᠪᠡᠷᠢ ᠪᠠᠷ | ᠳᠠᠭᠠᠭᠠᠴᠢᠯᠠᠯᠲᠠ ᠵᠠᠷᠯᠠᠭᠰᠠᠨ ᠪᠢᠴᠢᠭ ᠮᠠᠲ᠋ᠧᠷᠢᠶᠠᠯ ᠤᠨ ᠳᠠᠭᠠᠯᠳᠣᠭᠤᠯᠤᠯ ᠪᠣᠯᠭᠠᠵᠤ ᠬᠠᠮᠲᠤ ᠳᠤᠨᠢ ᠳᠠᠩᠰᠠᠯᠠᠭᠤᠯᠬᠤ | ᠬᠡᠷᠡᠭᠲᠡᠢ᠃ ᠳᠠᠭᠠᠭᠠᠴᠢᠯᠠᠯᠲᠠ ᠵᠠᠷᠯᠠᠭᠰᠠᠳ ᠳᠠᠭᠠᠭᠠᠴᠢᠯᠠᠯᠲᠠ ᠣᠯᠤᠭᠰᠠᠨ ᠵᠢᠱᠢᠭᠳᠡᠭᠰᠡᠳ ᠢ ᠵᠠᠷᠯᠠᠨ ᠨᠡᠶᠢᠲᠡᠯᠡᠬᠦ ᠠᠴᠠ | ᠡᠮᠦᠨ᠎ᠡ ᠳᠠᠭᠠᠭᠠᠴᠢᠯᠠᠯᠲᠠ ᠦᠨᠡᠯᠡᠨ ᠲᠣᠭᠲᠠᠭᠠᠬᠤ ᠺᠣᠮᠢᠰ ᠤᠨ ᠲᠤᠰᠢᠶᠠᠭᠰᠠᠨ ᠪᠢᠴᠢᠭ ᠤᠨ ᠳᠠᠭᠠᠭᠠᠴᠢᠯᠠᠯᠲᠠ | ᠦᠨᠡᠯᠡᠨ ᠲᠣᠭᠲᠠᠭᠠᠭᠰᠠᠨ ᠮᠡᠳᠡᠭᠦᠯᠦᠯᠲᠡ ᠶᠢ ᠬᠢᠨᠠᠮᠠᠭᠠᠶ ᠬᠢᠨᠠᠨ ᠪᠠᠶᠢᠴᠠᠭᠠᠵᠤ᠂ ᠳᠠᠭᠠᠭᠠᠴᠢᠯᠠᠯᠲᠠ ᠵᠠᠷᠯᠠᠭᠰᠠᠨ ᠪᠢᠴᠢᠭ | ᠮᠠᠲ᠋ᠧᠷᠢᠶᠠᠯ ᠳᠤ ᠲᠣᠭᠲᠠᠭᠠᠭᠰᠠᠨ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ ᠪᠠ ᠠᠷᠭ᠎ᠠ ᠪᠠᠷ ᠬᠢᠨᠠᠨ ᠲᠣᠭᠲᠠᠭᠠᠵᠤ᠂ | ᠬᠢᠨᠠᠨ ᠲᠣᠭᠲᠠᠭᠠᠭᠰᠠᠨ ᠬᠦᠴᠦᠨ ᠵᠦᠢᠯ ᠤᠨ ᠦᠨᠡᠯᠡᠯᠲᠡ ᠶᠢᠨ ᠪᠠᠷᠢᠮᠵᠢᠶ᠎ᠠ ᠪᠠ ᠠᠷᠭ᠎ᠠ ᠶᠢ ᠦᠯᠦ ᠵᠢᠷᠤᠮᠯᠠᠨ ᠬᠢᠨᠠᠨ | ᠳᠣᠭᠳᠠᠭᠠᠬᠤ᠂ ᠬᠢᠨᠠᠨ ᠲᠣᠭᠲᠠᠭᠠᠭᠰᠠᠨ ᠬᠦᠴᠦᠨ ᠵᠦᠢᠯ ᠤᠨ ᠦᠨᠡᠯᠡᠯᠲᠡ ᠶᠢᠨ ᠬᠤᠪᠢ ᠨᠢᠭᠡᠳᠦᠯ ᠦᠭᠡᠶ ᠪᠠᠶᠢᠬᠤ᠂ | ᠰᠢᠯᠭᠠᠷᠠᠭᠤᠯᠵᠤ ᠬᠤᠪᠢ ᠲᠣᠭᠲᠠᠭᠠᠬᠤ ᠨᠢ ᠬᠡᠳᠦ ᠥᠨᠳᠥᠷ ᠪᠤᠶᠤ ᠬᠡᠳᠦ ᠳᠣᠤᠷ᠎ᠠ ᠪᠠᠶᠢᠬᠤ᠂ ᠳᠠᠭᠠᠭᠠᠴᠢᠯᠠᠯᠲᠠ | ᠬᠦᠯᠢᠶᠡᠬᠦ ᠶᠢ ᠳᠤᠷ᠎ᠠ ᠪᠠᠷ ᠢᠶᠠᠨ ᠦᠭᠡᠶᠢᠰᠬᠡᠭᠰᠡᠨ ᠵᠢᠴᠢ ᠬᠡᠪ ᠤᠨ ᠪᠤᠰᠤ ᠳᠣᠤᠷ᠎ᠠ ᠦᠨ᠎ᠡ ᠪᠠᠷ ᠳᠠᠭᠠᠭᠠᠴᠢᠯᠠᠯᠲᠠ | ᠬᠦᠯᠢᠶᠡᠭᠰᠡᠨ ᠪᠤᠶᠤ ᠬᠦᠨᠳᠦ ᠨᠣᠴᠢᠲᠠᠶ ᠲᠡᠩᠴᠡᠭᠦᠷᠢ ᠦᠭᠡᠢ ᠦᠨ᠎ᠡ ᠶᠢ ᠵᠠᠳᠠᠯᠤᠨ ᠰᠤᠳᠤᠯᠵᠤ ᠮᠠᠭᠠᠳᠯᠠᠭᠰᠠᠨ | ᠦᠭᠡᠢ ᠵᠡᠷᠭᠡ ᠬᠡᠪ ᠤᠨ ᠪᠤᠰᠤ ᠪᠠᠶᠢᠳᠠᠯ ᠢ ᠬᠠᠤᠯᠢ ᠶᠣᠰᠣᠭᠠᠷ ᠳᠠᠬᠢᠨ ᠬᠢᠨᠠᠵᠤ ᠵᠠᠯᠠᠷᠠᠭᠤᠯᠤᠨ᠎ᠠ᠃ | ︵ᠨᠠᠢᠮᠠ︶ ᠳᠠᠭᠠᠭᠠᠴᠢᠯᠠᠯᠲᠠ ᠵᠠᠷᠯᠠᠭᠰᠠᠨ ᠬᠥᠮᠦᠨ ᠤ ᠣᠨᠳᠣᠤ ᠰᠠᠨᠠᠯ ᠢ ᠰᠢᠢᠳᠪᠦᠷᠢᠯᠡᠬᠦ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠪᠣᠯᠤᠨ ᠨᠡᠶᠢᠲᠡ ᠳᠤ ᠵᠠᠷᠯᠠᠭᠰᠠᠨ | ᠮᠡᠳᠡᠭᠡ ᠵᠠᠩᠭᠢ ᠶᠢᠨ ᠣᠨᠳᠣᠤ ᠰᠠᠨᠠᠯ ᠢ ᠬᠦᠯᠢᠶᠡᠨ ᠠᠪᠴᠤ ᠰᠢᠢᠳᠪᠦᠷᠢᠯᠡᠬᠦ ᠬᠠᠷᠢᠯᠴᠠᠬᠤ ᠬᠥᠮᠦᠨ ᠪᠣᠯᠤᠨ | ᠬᠠᠷᠢᠯᠴᠠᠬᠤ ᠠᠷᠭ᠎ᠠ ᠮᠠᠶ᠋ᠢᠭ ᠢᠶᠠᠨ ᠨᠡᠶᠢᠲᠡᠯᠡᠵᠦ᠂ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠣᠨᠳᠣᠤ | ᠰᠠᠨᠠᠯ ᠳᠤ ᠬᠠᠷᠢᠭᠤᠯᠲᠠ ᠥᠭᠬᠦ ᠪᠠ ᠰᠢᠢᠳᠪᠦᠷᠢᠯᠡᠵᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠠᠵᠢᠯᠯᠠᠭ᠎ᠠ ᠶᠢᠨ ᠳᠣᠬᠠᠢ ᠶᠢᠨ ᠬᠥᠮᠦᠨ ᠪᠣᠯᠤᠨ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠢ ᠢᠳᠡᠪᠬᠢᠲᠡᠶ ᠪᠠᠷ | ᠬᠥᠲᠥᠯᠥᠨ ᠵᠢᠯᠣᠭᠤᠳᠴᠤ ᠪᠠᠶᠢᠭᠠᠳ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠲᠤᠰ | ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠶ᠃ ᠠᠯᠠᠱᠠ ᠠᠶᠢᠮᠠᠭ ᠤᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠳᠤ ᠤᠨᠳᠤᠤ ᠰᠠᠨᠠᠯ ᠲᠠᠢ ᠪᠠ ᠵᠠᠭᠠᠯᠳᠤᠬᠤ ᠰᠢᠰᠲ᠋ᠧᠮ ᠳᠤ ᠲᠦᠰᠢᠭᠯᠡᠨ ᠰᠦᠯᠵᠢᠶᠡᠨ | ᠳᠡᠭᠡᠷ᠎ᠡ ᠣᠨᠳᠣᠤ ᠰᠠᠨᠠᠯ ᠲᠠᠢ ᠪᠠᠶᠢᠬᠤ᠂ ᠮᠥᠷᠳᠡᠨ ᠰᠢᠢᠳᠪᠦᠷᠢᠯᠡᠬᠦ ᠠᠬᠢᠴᠠ ᠶᠢ ᠳᠤᠷᠠᠳᠤᠨ᠂ ᠣᠨᠳᠣᠤ ᠰᠠᠨᠠᠯ | ᠲᠠᠢ ᠬᠠᠷᠢᠭᠤᠯᠲᠠ ᠥᠭᠴᠦ᠂ ᠵᠣᠷᠢᠭᠤᠳᠠ ᠤᠳᠠᠭᠠᠰᠢᠷᠠᠭᠤᠯᠵᠤ᠂ ᠬᠠᠰᠢ ᠶᠠᠰᠢ ᠬᠠᠨᠳᠤᠵᠤ ᠪᠣᠯᠬᠤ ᠥᠬᠡᠶ᠂ ᠤᠴᠢᠷ | ᠰᠢᠯᠲᠠᠭᠠᠨ ᠥᠬᠡᠶ ᠪᠠᠷ ᠦᠨᠡᠨ ᠪᠣᠳᠠᠲᠠᠶ ᠬᠠᠷᠢᠭᠤᠯᠲᠠ ᠥᠭᠬᠦ ᠠᠴᠠ ᠵᠠᠶᠢᠯᠠᠬᠤ ᠪᠤᠶᠤ ᠬᠠᠷᠢᠭᠤᠯᠲᠠ ᠥᠭᠬᠦ ᠠᠴᠠ | ᠡᠮᠦᠨ᠎ᠡ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢ ᠦᠷᠭᠦᠯᠵᠢᠯᠡᠨ ᠬᠢᠵᠦ ᠪᠣᠯᠬᠤ | ᠥᠬᠡᠶ᠃ | ︵ᠶᠢᠰᠦ︶ ᠭᠡᠷ᠎ᠡ ᠶᠢ ᠭᠦᠢᠴᠡᠳᠬᠡᠬᠦ ᠬᠠᠮᠢᠶᠠᠷᠤᠯᠲᠠ ᠶᠢ ᠴᠢᠩᠳᠠᠯᠠᠵᠤ᠂ ᠬᠠᠤᠯᠢ ᠶᠣᠰᠣᠭᠠᠷ ᠳᠠᠭᠠᠭᠠᠴᠢᠯᠠᠯᠲᠠ | ᠵᠠᠷᠯᠠᠬᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠭᠴᠢ ︽ᠠᠯᠠᠱᠠ ᠠᠶᠢᠮᠠᠭ ᠤᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ | ᠭᠠᠷᠴᠠᠭ︾ ᠤᠨ ᠱᠠᠭᠠᠷᠳᠠᠯᠭ᠎ᠠ ᠶᠣᠰᠣᠭᠠᠷ᠂ ᠲᠣᠰ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠭᠡᠷ᠎ᠡ ᠲᠣᠭᠲᠠᠬᠤ᠂ ᠭᠦᠢᠴᠡᠳᠬᠡᠬᠦ ᠵᠢᠴᠢ ᠬᠤᠪᠢᠷᠠᠭᠤᠯᠬᠤ ᠮᠡᠳᠡᠭᠡ | ᠵᠠᠩᠭᠢ ᠶᠢ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠷᠡᠭᠲᠡᠶ᠃ ᠡᠯ᠎ᠡ ᠵᠠᠰᠠᠭ ᠵᠠᠬᠢᠷᠭᠠᠨ ᠤ | ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠲᠥᠷᠥᠯ | ᠵᠦᠢᠯ ᠤᠨ ᠭᠡᠷ᠎ᠡ ᠲᠣᠭᠲᠠᠬᠤ᠂ ᠭᠦᠢᠴᠡᠳᠬᠡᠬᠦ ᠵᠢᠴᠢ ᠬᠤᠪᠢᠷᠠᠭᠤᠯᠬᠤ ᠳᠣᠬᠠᠢ ᠵᠠᠰᠠᠭ ᠵᠠᠬᠢᠷᠭᠠᠨ ᠤ ᠬᠢᠨᠠᠯᠲᠠ | ᠲᠠᠯᠪᠢᠯᠲᠠ ᠪᠠᠨ ᠴᠢᠩᠭᠠᠳᠬᠠᠵᠤ᠂ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ︽ᠬᠠᠭᠤᠷᠮᠠᠭ ᠭᠡᠷ᠎ᠡ︾᠂ | ︽ᠳᠣᠤᠷ᠎ᠠ ᠦᠨ᠎ᠡ ᠪᠠᠷ ᠬᠦᠯᠢᠶᠡᠵᠦ ᠦᠨᠳᠦᠷ ᠦᠨ᠎ᠡ ᠪᠠᠷ ᠪᠣᠳᠣᠬᠤ︾ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠭᠡᠶᠢᠯᠡᠵᠦ᠂ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠠᠭ ᠲᠤᠬᠠᠶ ᠳᠤᠨᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ︵ᠠᠷᠪᠠ︶ ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠷᠠᠯᠵᠢᠶ᠎ᠠ | ᠪᠣᠯᠤᠨ ᠭᠡᠷ᠎ᠡ ᠶᠢ ᠭᠦᠢᠴᠡᠳᠬᠡᠬᠦ ᠶᠠᠪᠤᠴᠠ ᠳᠤ ᠪᠤᠶ ᠪᠣᠯᠤᠭᠰᠠᠨ ᠡᠯ᠎ᠡ ᠵᠦᠢᠯ ᠤᠨ ᠪᠢᠴᠢᠭ ᠮᠠᠲ᠋ᠧᠷᠢᠶᠠᠯ ᠪᠣᠯᠤᠨ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠴᠤᠭᠯᠠᠭᠤᠯᠤᠨ ᠡᠮᠬᠢᠳᠬᠡᠵᠦ᠂ ᠳᠠᠩᠰᠠ ᠡᠪᠬᠡᠮᠡᠯ ᠳᠤ | ᠣᠷᠣᠭᠤᠯᠬᠤ ᠬᠡᠷᠡᠭᠲᠡᠶ᠃ ᠳᠠᠭᠠᠭᠠᠴᠢᠯᠠᠯᠲᠠ ᠵᠠᠷᠯᠠᠭᠰᠠᠨ ᠳᠠᠩᠰᠠ ᠡᠪᠬᠡᠮᠡᠯ ᠢ ᠡᠯᠧᠺᠲᠷᠣᠨᠴᠢᠯᠠᠬᠤ᠂ ᠳᠣᠭᠠᠴᠢᠯᠠᠬᠤ ᠶᠢ | ᠲᠦᠷᠭᠡᠳᠬᠡᠨ ᠠᠬᠢᠭᠤᠯᠵᠤ᠂ ᠳᠠᠭᠠᠭᠠᠴᠢᠯᠠᠯᠲᠠ ᠰᠢᠯᠭᠠᠷᠠᠭᠤᠯᠵᠤ ᠳᠠᠭᠤᠰᠤᠭᠰᠠᠨ ᠤ ᠳᠠᠷᠠᠭ᠎ᠠ 3 ᠡᠳᠦᠷ ᠤᠨ | ᠳᠣᠲᠣᠷ᠎ᠠ ᠲᠤᠰ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ | ᠳᠠᠭᠠᠭᠠᠴᠢᠯᠠᠯᠲᠠ ᠵᠠᠷᠯᠠᠬᠤ ᠸᠢᠳᠢᠤ᠋ ᠮᠠᠲ᠋ᠧᠷᠢᠶᠠᠯ ᠢ ᠰᠢᠯᠭᠠᠨ ᠦᠨᠡᠯᠡᠵᠦ᠂ ᠪᠤᠰᠤᠳ ᠡᠯᠧᠺᠲᠷᠣᠨ ᠪᠢᠴᠢᠭᠯᠡᠯ ᠢ ᠭᠡᠷ᠎ᠡ | ᠲᠣᠭᠲᠠᠭᠰᠠᠨ ᠤ ᠳᠠᠷᠠᠭ᠎ᠠ 5 ᠡᠳᠦᠷ ᠤᠨ ᠳᠣᠲᠣᠷ᠎ᠠ ᠡᠯᠧᠺᠲᠷᠣᠨ ᠠᠷᠠᠯᠵᠢᠶᠠᠨ ᠤ ᠰᠢᠰᠲ᠋ᠧᠮ ᠢᠶᠠᠷ ᠳᠠᠮᠵᠢᠭᠤᠯᠤᠨ | ᠪᠠᠭᠤᠯᠭᠠᠨ ᠳᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠳᠠᠩᠰᠠ ᠡᠪᠬᠡᠮᠡᠯ ᠤᠨ ᠪᠦᠷᠢᠨ ᠪᠦᠲᠦᠨ ᠪᠠ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠂ ᠳᠠᠭᠠᠭᠠᠴᠢᠯᠠᠯᠲᠠ | ᠵᠠᠷᠯᠠᠬᠤ ᠳᠠᠩᠰᠠ ᠡᠪᠬᠡᠮᠡᠯ ᠢ ᠦᠭᠡᠷᠡᠴᠢᠯᠡᠬᠦ᠂ ᠡᠪᠳᠡᠬᠦ᠂ ᠬᠠᠭᠤᠷᠮᠠᠭ ᠢᠶᠠᠷ ᠵᠣᠬᠢᠶᠠᠬᠤ ᠪᠤᠶᠤ ᠳᠤᠷ᠎ᠠ ᠪᠠᠷ ᠢᠶᠠᠨ | ᠤᠰᠠᠳᠬᠠᠵᠤ ᠪᠣᠯᠬᠤ ᠦᠭᠡᠢ᠃ ᠳᠠᠭᠠᠭᠠᠴᠢᠯᠠᠯᠲᠠ ᠵᠠᠷᠯᠠᠭᠰᠠᠨ ᠬᠥᠮᠦᠨ ᠲᠣᠭᠲᠠᠭᠠᠯ ᠶᠣᠰᠣᠭᠠᠷ ᠳᠠᠩᠰᠠ ᠡᠪᠬᠡᠮᠡᠯ ᠳᠤ | ᠣᠷᠣᠭᠤᠯᠤᠭᠰᠠᠨ ᠦᠭᠡᠶ᠂ ᠥᠭᠡᠷᠡᠴᠢᠯᠡᠭᠰᠡᠨ᠂ ᠬᠠᠭᠤᠷᠮᠠᠭᠯᠠᠨ ᠵᠣᠬᠢᠶᠠᠭᠰᠠᠨ᠂ ᠳᠤᠷ᠎ᠠ ᠪᠠᠷ ᠢᠶᠠᠨ ᠬᠠᠶᠠᠭᠰᠠᠨ᠂ | ᠡᠰᠡᠬᠦᠯ᠎ᠡ ᠬᠠᠤᠯᠢ ᠶᠣᠰᠣᠭᠠᠷ ᠥᠷᠨᠢᠭᠦᠯᠦᠭᠰᠡᠨ ᠬᠢᠨᠠᠯᠲᠠ ᠪᠠᠶᠢᠴᠠᠭᠠᠯᠲᠠ ᠶᠢᠨ ᠳᠤᠮᠳᠠ ᠳᠠᠭᠠᠭᠠᠴᠢᠯᠠᠯᠲᠠ ᠵᠠᠷᠯᠠᠭᠰᠠᠨ | ᠳᠠᠩᠰᠠ ᠡᠪᠬᠡᠮᠡᠯ ᠢ ᠬᠤᠳᠠᠯ ᠢᠶᠠᠷ ᠬᠠᠩᠭᠠᠭᠰᠠᠨ ᠪᠣᠯ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ | ᠮᠥᠴᠢᠷ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠃ | ᠭᠤᠷᠪᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠥᠪᠡᠷ ᠤᠨ ᠥᠷᠲᠡᠭ ᠢ ᠤᠯᠠᠮ ᠨᠢᠭᠡ | ᠠᠯᠬᠤᠮ ᠪᠠᠭᠤᠷᠠᠭᠤᠯᠣᠨ᠎ᠠ | ︵ᠠᠷᠪᠠᠨ ᠨᠢᠭᠡ︶ ᠮᠡᠳᠡᠭᠡ ᠵᠠᠩᠭᠢᠵᠢᠯᠲᠠ ᠶᠢᠨ ᠠᠷᠠᠯᠵᠢᠶᠠᠨ ᠤ ᠲᠠᠪᠴᠠᠩ ᠤᠨ ᠰᠦᠢᠳᠬᠡᠯ ᠬᠤᠷᠢᠶᠠᠬᠤ ᠶᠢ | ᠬᠦᠴᠦᠨ ᠦᠭᠡᠶ ᠪᠣᠯᠭᠠᠨ᠎ᠠ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ︽ᠰᠦᠯᠵᠢᠶᠡᠨ ᠳᠡᠭᠡᠷ᠎ᠡ ᠰᠦᠢᠳᠬᠡᠯ ᠬᠤᠷᠢᠶᠠᠬᠤ ᠦᠭᠡᠢ ᠪᠠᠷ | ᠪᠠᠶᠢᠴᠠᠭᠠᠨ ᠯᠠᠪᠯᠠᠵᠤ ᠪᠠᠭᠤᠯᠭᠠᠬᠤ︾᠂ ︽ᠲᠤᠭ᠎ᠠ ᠪᠠᠷᠢᠮᠲᠠ ᠶᠢᠨ ᠡᠯᠧᠺᠲᠷᠣᠨ ᠪᠢᠴᠢᠭ ᠤᠨ ᠳᠠᠭᠠᠭᠠᠴᠢᠯᠠᠯᠲᠠ | ᠬᠦᠯᠢᠶᠡᠬᠦ︾᠂ ︽ᠡᠯᠧᠺᠲᠷᠣᠨ ᠳᠠᠭᠠᠭᠠᠴᠢᠯᠠᠯᠲᠠ ᠦᠨᠡᠯᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠮᠠᠲ᠋ᠧᠷᠢᠶᠠᠯ ᠤᠨ ᠵᠠᠷᠤᠳᠠᠯ ᠢ | ᠬᠦᠴᠦᠨ ᠦᠭᠡᠢ ᠪᠣᠯᠭᠠᠨ᠎ᠠ᠃ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠭᠡᠷ᠎ᠡ ᠲᠣᠭᠲᠠᠬᠤ ᠶᠢ ᠵᠢᠷᠤᠮᠵᠢᠭᠤᠯᠵᠤ᠂ | ᠳᠠᠭᠠᠭᠠᠴᠢᠯᠠᠯᠲᠠ ᠵᠠᠷᠯᠠᠭᠴᠢ ᠶᠢᠨ ᠡᠭᠦᠷᠭᠡᠯᠡᠬᠦ ᠶᠣᠰᠣᠲᠠᠶ ᠳᠠᠭᠠᠭᠠᠴᠢᠯᠠᠯᠲᠠ ᠵᠠᠷᠯᠠᠬᠤ ᠣᠷᠣᠯᠠᠬᠤ ᠵᠠᠷᠤᠳᠠᠯ ᠢ | ᠳᠠᠭᠠᠭᠠᠴᠢᠯᠠᠯᠲᠠ ᠣᠯᠤᠭᠴᠢ ᠳᠤ ᠰᠢᠯᠵᠢᠭᠦᠯᠦᠨ ᠥᠭᠴᠦ ᠪᠣᠯᠬᠤ ᠦᠭᠡᠶ᠂ ᠠᠵᠤ ᠠᠬᠤᠶᠢᠯᠠᠯ ᠤᠨ ᠳᠠᠷᠤᠭᠠᠰᠤ ᠶᠢ | ᠦᠨᠡᠨᠬᠦ ᠬᠥᠩᠭᠡᠷᠡᠭᠦᠯᠬᠦ ᠬᠡᠷᠡᠭᠲᠡᠶ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠠᠪᠴᠠᠩ ᠨᠢ ᠶᠠᠮᠠᠷᠪᠠ ᠰᠢᠯᠲᠠᠭᠠᠨ᠂ ᠶᠠᠮᠠᠷᠪᠠ ᠠᠷᠭ᠎ᠠ ᠮᠠᠶ᠋ᠢᠭ ᠢᠶᠠᠷ ᠲᠠᠯᠠᠪᠤᠷ ᠭᠠᠵᠠᠷ ᠤᠨ ᠲᠥᠬᠦᠭᠡᠷᠦᠮᠵᠢ ᠬᠡᠷᠡᠭᠯᠡᠬᠦ | ᠰᠦᠢᠳᠬᠡᠯ᠂ ᠠᠷᠠᠯᠵᠢᠶᠠᠨ ᠤ ᠭᠡᠷᠡᠴᠢᠯᠡᠯ ᠤᠨ ᠦᠢᠯᠡᠴᠢᠯᠡᠭᠡᠨ ᠤ ᠰᠦᠢᠳᠬᠡᠯ ᠵᠡᠷᠭᠡ ᠶᠢ ᠬᠤᠷᠢᠶᠠᠬᠤ ᠶᠢ ᠴᠢᠩᠭ᠎ᠠ | ᠴᠠᠭᠠᠵᠠᠯᠠᠬᠤ ᠬᠡᠷᠡᠭᠲᠡᠶ᠃ | ︵ᠠᠷᠪᠠᠨ ᠬᠤᠶᠠᠷ︶ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠪᠠᠶᠢᠭᠤᠯᠬᠤ ᠪᠠ ᠬᠤᠷᠢᠶᠠᠬᠤ | ᠶᠠᠪᠤᠳᠠᠯ ᠢ ᠵᠢᠷᠤᠮᠵᠢᠭᠤᠯᠬᠤ ᠬᠡᠷᠡᠭᠲᠡᠶ᠃ ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ | ᠪᠠᠶᠢᠭᠤᠯᠤᠮᠵᠢ ᠵᠢᠴᠢ ᠨᠠᠶᠢᠳᠠᠯᠭ᠎ᠠ ᠬᠦᠯᠢᠶᠡᠭᠰᠡᠨ ᠪᠤᠰᠤᠳ ᠪᠠᠲᠤᠯᠠᠭ᠎ᠠ ᠶᠢᠨ ᠮᠥᠩᠭᠦ ᠶᠢ ᠣᠷᠣᠯᠠᠨ ᠬᠤᠷᠢᠶᠠᠵᠤ | ᠣᠷᠣᠯᠠᠨ ᠬᠠᠮᠢᠶᠠᠷᠬᠤ ᠦᠢᠯᠡᠴᠢᠯᠡᠭᠡ ᠬᠠᠩᠭᠠᠬᠤ ᠲᠠᠪᠴᠠᠩ ᠪᠣᠯᠤᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠷᠠᠯᠵᠢᠶᠠᠨ ᠤ ᠳᠠᠭᠠᠭᠠᠯᠲᠠ ᠬᠢᠬᠦ ᠲᠣᠭᠲᠠᠭᠠᠯ ᠢ ᠴᠢᠩᠭ᠎ᠠ | ᠵᠢᠷᠤᠮᠯᠠᠵᠤ᠂ ᠡᠯᠳᠡᠪ ᠨᠡᠷ᠎ᠡ ᠪᠠᠷ ᠬᠡᠯᠪᠡᠷᠢ ᠶᠢ ᠨᠢ ᠥᠭᠡᠷᠡᠲᠡᠭᠦᠯᠦᠨ ᠬᠠᠤᠯᠢ ᠴᠠᠭᠠᠵᠠ ᠬᠠᠤᠯᠢ ᠲᠣᠭᠲᠠᠭᠠᠯ ᠤᠨ | ᠦᠨᠳᠦᠰᠦᠯᠡᠯ ᠦᠭᠡᠶ ᠪᠠᠲᠤᠯᠠᠭ᠎ᠠ ᠶᠢᠨ ᠮᠥᠩᠭᠦ ᠪᠤᠶᠤ ᠪᠤᠰᠤᠳ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠬᠤ | ᠬᠡᠷᠡᠭᠲᠡᠶ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ | ᠪᠠᠲᠤᠯᠠᠭ᠎ᠠ ᠶᠢᠨ ᠮᠥᠩᠭᠦ ᠶᠢ ᠲᠥᠷᠥᠯ ᠬᠤᠪᠢᠶᠠᠨ ᠬᠠᠰᠤᠵᠤ ᠬᠡᠯᠲᠦᠷᠢᠭᠦᠯᠵᠦ᠂ 2023 ᠣᠨ ᠤ 9 ᠳ᠋ᠦ᠋ᠭᠡᠷ | ᠰᠠᠷ᠎ᠠ ᠶᠢᠨ 1 ᠤ ᠡᠳᠦᠷ ᠠᠴᠠ ᠡᠬᠢᠯᠡᠨ᠂ ᠠᠯᠠᠱᠠ ᠠᠶᠢᠮᠠᠭ ᠤᠨ ᠡᠯ᠎ᠡ ᠱᠠᠲᠤᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠠᠷᠠᠯᠵᠢᠶᠠᠯᠠᠭᠰᠠᠨ ᠵᠠᠰᠠᠭ ᠤᠨ ᠣᠷᠳᠣᠨ ᠤ ᠪᠠᠯᠠ ᠣᠷᠣᠭᠤᠯᠣᠭᠰᠠᠨ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠪᠠᠷᠢᠮᠵᠢᠶ᠎ᠠ ᠶᠢᠨ ᠬᠡᠰᠡᠭ᠂ | ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠲᠥᠷᠥᠯ ᠵᠦᠢᠯ ᠤᠨ ᠵᠢᠱᠢᠭᠰᠡᠨ ᠦᠨ᠎ᠡ ᠶᠢᠨ 1% ᠠᠴᠠ | ᠬᠡᠲᠦᠷᠡᠭᠦᠯᠵᠦ ᠪᠣᠯᠬᠤ ᠥᠬᠡᠶ︔ ᠴᠢᠬᠤᠯᠠ ᠲᠥᠬᠦᠭᠡᠷᠦᠮᠵᠢ᠂ ᠮᠠᠲ᠋ᠧᠷᠢᠶᠠᠯ ᠵᠡᠷᠭᠡ ᠡᠳ᠋ ᠪᠠᠷᠠᠭ᠎ᠠ ᠬᠤᠳᠠᠯᠳᠤᠨ ᠠᠪᠬᠤ | ᠪᠠᠷᠢᠮᠵᠢᠶ᠎ᠠ ᠶᠢᠨ ᠬᠡᠰᠡᠭ ᠠᠴᠠ ᠬᠡᠲᠦᠷᠡᠭᠦᠯᠵᠦ ᠪᠣᠯᠬᠤ ᠥᠬᠡᠶ᠂ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ | ᠮᠥᠩᠭᠦ ᠶᠢ ᠲᠥᠷᠥᠯ ᠵᠦᠢᠯ ᠤᠨ ᠵᠢᠱᠢᠭᠰᠡᠨ ᠦᠨ᠎ᠡ ᠶᠢᠨ 1% ᠠᠴᠠ ᠬᠡᠲᠦᠷᠡᠭᠦᠯᠵᠦ ᠪᠣᠯᠬᠤ ᠥᠬᠡᠶ︔ ᠬᠠᠶᠢᠨ | ᠪᠠᠶᠢᠴᠠᠭᠠᠬᠤ᠂ ᠵᠢᠷᠤᠵᠤ ᠲᠥᠯᠥᠪᠯᠡᠬᠦ᠂ ᠬᠢᠨᠠᠨ ᠬᠠᠮᠢᠶᠠᠷᠬᠤ ᠵᠡᠷᠭᠡ ᠦᠢᠯᠡᠴᠢᠯᠡᠭᠡᠨ ᠤ ᠳᠠᠭᠠᠭᠠᠴᠢᠯᠠᠯᠲᠠ ᠶᠢᠨ | ᠬᠡᠰᠡᠭ ᠲᠤ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠬᠤᠷᠢᠶᠠᠬᠤ ᠶᠢ ᠵᠣᠭᠰᠣᠭᠠᠨ᠎ᠠ᠃ ᠵᠠᠰᠠᠭ ᠤᠨ | ᠣᠷᠳᠣᠨ ᠤ ᠪᠤᠰᠤ ᠪᠡᠯᠡ ᠣᠷᠣᠭᠤᠯᠤᠯᠲᠠ ᠳᠤ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠲᠥᠷᠥᠯ | ᠵᠦᠢᠯ ᠪᠣᠯᠤᠨ ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠪᠤᠰᠤ ᠲᠥᠷᠥᠯ ᠵᠦᠢᠯ ᠳᠤ ᠳᠠᠭᠠᠭᠠᠴᠢᠯᠠᠯᠲᠠ | ᠵᠠᠷᠯᠠᠭᠴᠢ ᠶᠢᠨ ᠲᠥᠷᠥᠯ ᠵᠦᠢᠯ ᠤᠨ ᠣᠨᠴᠠᠯᠢᠭ ᠪᠣᠯᠤᠨ ᠳᠠᠭᠠᠭᠠᠴᠢᠯᠠᠯᠲᠠ ᠬᠦᠯᠢᠶᠡᠭᠴᠢ ᠶᠢᠨ ᠢᠲᠡᠭᠡᠮᠵᠢ ᠶᠢᠨ | ᠪᠠᠶᠢᠳᠠᠯ ᠢ ᠦᠨᠳᠦᠰᠦᠯᠡᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠬᠠᠰᠤᠵᠤ ᠬᠡᠯᠲᠦᠷᠢᠭᠦᠯᠬᠦ | ᠬᠡᠷᠡᠭᠲᠡᠶ᠃ ᠳᠠᠭᠠᠭᠠᠴᠢᠯᠠᠯᠲᠠ ᠵᠠᠷᠯᠠᠭᠴᠢ ᠶᠢ ᠵᠣᠷᠢᠭᠵᠢᠭᠤᠯᠵᠤ ᠪᠠᠶᠢᠭᠠᠳ ᠢᠲᠡᠭᠡᠯ ᠢᠶᠠᠨ ᠠᠯᠳᠠᠭᠰᠠᠨ ᠲᠡᠮᠳᠡᠭᠯᠡᠯ | ᠦᠭᠡᠶ ᠳᠤᠮᠳᠠ ᠵᠢᠵᠢᠭ ᠠᠵᠤ ᠠᠬᠤᠶᠢᠯᠠᠯ ᠪᠤᠶᠤ ᠢᠲᠡᠭᠡᠮᠵᠢ ᠶᠢᠨ ᠲᠡᠮᠳᠡᠭᠯᠡᠯ ᠢᠶᠠᠷ ᠳᠠᠭᠠᠭᠠᠴᠢᠯᠠᠯᠲᠠ ᠬᠦᠯᠢᠶᠡᠭᠴᠢ | ᠳᠤ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠦᠵᠡᠭᠦᠯᠬᠦ | ᠬᠡᠷᠡᠭᠲᠡᠶ᠃ | ︵ᠠᠷᠪᠠᠨ ᠭᠤᠷᠪᠠ︶ ᠣᠯᠠᠨ ᠵᠦᠢᠯ ᠤᠨ ᠠᠷᠠᠯᠵᠢᠶᠠᠨ ᠤ ᠳᠠᠭᠠᠭᠠᠴᠢᠯᠠᠯᠳᠠ ᠶᠢᠨ ᠵᠠᠭᠪᠤᠷ ᠢ ᠬᠡᠷᠡᠭᠵᠢᠬᠦᠯᠦᠨ᠎ᠡ᠃ | ᠳᠠᠭᠠᠭᠠᠴᠢᠯᠠᠯᠲᠠ ᠵᠠᠷᠯᠠᠭᠴᠢ ᠨᠢ ᠪᠡᠯᠡᠨ ᠵᠣᠭᠤᠰ ᠤᠨ ᠪᠠᠲᠤᠯᠠᠭ᠎ᠠ ᠶᠢᠨ ᠮᠥᠩᠭᠦ ᠪᠠ ᠪᠠᠩᠬᠢ ᠶᠢᠨ ᠳᠠᠭᠠᠭᠠᠯᠲᠠ ᠶᠢᠨ | ᠪᠢᠴᠢᠭ ᠵᠡᠷᠭᠡ ᠪᠡᠯᠡᠨ ᠵᠣᠭᠤᠰ ᠤᠨ ᠪᠤᠰᠤ ᠠᠷᠠᠯᠵᠢᠶᠠᠨ ᠤ ᠳᠠᠭᠠᠭᠠᠯᠲᠠ ᠬᠢᠬᠦ ᠠᠷᠭ᠎ᠠ ᠮᠠᠶ᠋ᠢᠭ ᠢ ᠵᠡᠷᠭᠡᠪᠡᠷ ᠬᠦᠯᠢᠶᠡᠨ | ᠠᠪᠴᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠠᠭᠠᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠠᠷᠠᠯᠵᠢᠶᠠᠨ ᠤ ᠳᠠᠭᠠᠭᠠᠯᠲᠠ ᠬᠢᠬᠦ ᠬᠡᠯᠪᠡᠷᠢ᠂ ᠳᠠᠭᠠᠭᠠᠯᠲᠠ ᠬᠢᠬᠦ ᠵᠣᠭᠤᠰ ᠤᠨ ᠲᠤᠭ᠎ᠠ᠂ ᠳᠠᠭᠠᠭᠠᠯᠲᠠ ᠬᠢᠬᠦ | ᠬᠠᠷᠢᠴᠠᠯ᠂ ᠳᠠᠭᠠᠭᠠᠯᠲᠠ ᠪᠠᠨ ᠬᠤᠷᠢᠶᠠᠵᠤ ᠪᠤᠴᠠᠭᠠᠬᠤ ᠬᠤᠭᠤᠴᠠᠭ᠎ᠠ ᠵᠡᠷᠭᠡ ᠶᠢ ᠵᠢᠷᠤᠮᠵᠢᠭᠤᠯᠬᠤ ᠬᠡᠷᠡᠭᠲᠡᠶ᠃ ᠬᠠᠤᠯᠢ | ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠭᠴᠢ᠂ | ᠳᠠᠭᠠᠭᠠᠴᠢᠯᠠᠯᠲᠠ ᠣᠯᠤᠭᠴᠢ ᠶᠢ ᠪᠡᠯᠡᠨ ᠵᠣᠭᠤᠰ ᠤᠨ ᠬᠡᠯᠪᠡᠷᠢ ᠪᠠᠷ ᠲᠤᠰᠢᠶᠠᠯᠭᠠᠬᠤ ᠪᠠᠷ ᠠᠯᠪᠠᠳᠠᠨ ᠱᠠᠭᠠᠷᠳᠠᠵᠤ | ᠪᠣᠯᠬᠤ ᠦᠭᠡᠶ᠃ | ︵ᠠᠷᠪᠠᠨ ᠳᠦᠷᠪᠡ︶ ᠳᠠᠭᠠᠭᠠᠴᠢᠯᠠᠯᠲᠠ ᠵᠠᠷᠯᠠᠭᠴᠢ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ | ᠪᠠᠲᠤᠯᠠᠭ᠎ᠠ ᠶᠢᠨ ᠪᠢᠴᠢᠭ᠂ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠳᠬᠠᠯ ᠤᠨ ᠬᠠᠭᠤᠳᠠᠰᠤ ᠵᠡᠷᠭᠡ ᠪᠡᠯᠡᠨ | ᠵᠣᠭᠤᠰ ᠤᠨ ᠪᠤᠰᠤ ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ᠂ ᠭᠡᠷ᠎ᠡ | ᠭᠦᠢᠴᠡᠳᠬᠡᠬᠦ ᠪᠠᠲᠤᠯᠠᠭ᠎ᠠ ᠶᠢᠨ ᠮᠥᠩᠭᠦ᠂ ᠪᠠᠷᠢᠯᠭ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠲᠤᠰᠢᠶᠠᠬᠤ ᠶᠢ | ᠵᠣᠷᠢᠭᠵᠢᠭᠤᠯᠬᠤ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠳᠠᠭᠠᠭᠠᠴᠢᠯᠠᠯᠲᠠ ᠬᠦᠯᠢᠶᠡᠭᠴᠢ᠂ | ᠳᠠᠭᠠᠭᠠᠴᠢᠯᠠᠯᠲᠠ ᠣᠯᠤᠭᠴᠢ ᠳᠤ ᠳᠠᠭᠠᠳᠬᠠᠯ ᠳᠠᠭᠠᠭᠠᠴᠢᠯᠠᠬᠤ ᠪᠠᠶᠢᠭᠤᠯᠤᠮᠵᠢ ᠲᠣᠭᠲᠠᠭᠠᠵᠤ ᠥᠭᠴᠦ ᠪᠣᠯᠬᠤ ᠦᠭᠡᠶ᠂ | ᠳᠠᠭᠠᠭᠠᠴᠢᠯᠠᠯᠲᠠ ᠬᠦᠯᠢᠶᠡᠭᠴᠢ᠂ ᠳᠠᠭᠠᠭᠠᠴᠢᠯᠠᠯᠲᠠ ᠣᠯᠤᠭᠴᠢ ᠨᠢ ᠳᠠᠭᠠᠭᠠᠴᠢᠯᠠᠯᠲᠠ ᠵᠠᠷᠯᠠᠬᠤ ᠪᠢᠴᠢᠭ | ᠮᠠᠲ᠋ᠧᠷᠢᠶᠠᠯ ᠳᠤ ᠪᠣᠯᠵᠣᠨ ᠲᠣᠭᠲᠠᠭᠰᠠᠨ ᠬᠡᠪᠴᠢᠶᠡᠨ ᠳᠣᠲᠣᠷ᠎ᠠ ᠳᠠᠭᠠᠭᠠᠯᠲᠠ ᠬᠢᠬᠦ ᠠᠷᠭ᠎ᠠ ᠮᠠᠶ᠋ᠢᠭ ᠢ ᠥᠪᠡᠷ ᠲᠡᠭᠡᠨ | ᠰᠣᠩᠭᠤᠵᠤ ᠪᠣᠯᠬᠤ ᠦᠭᠡᠶ᠂ ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ | ᠪᠠᠶᠢᠭᠤᠯᠤᠮᠵᠢ ᠪᠣᠯᠤᠨ ᠪᠤᠰᠤᠳ ᠶᠠᠮᠠᠷᠪᠠ ᠨᠢᠭᠡᠴᠡ ᠭᠡᠳ ᠭᠠᠳᠠᠭᠤᠷᠴᠢᠯᠠᠵᠤ᠂ ᠬᠢᠵᠠᠭᠠᠷᠯᠠᠬᠤ ᠪᠤᠶᠤ ᠲᠡᠪᠴᠢᠵᠦ | ᠪᠣᠯᠬᠤ ᠦᠭᠡᠶ᠃ ᠠᠷᠠᠯᠵᠢᠶᠠᠨ ᠤ ᠳᠠᠭᠠᠭᠠᠯᠲᠠ ᠶᠢᠨ ᠦᠢᠯᠡᠴᠢᠯᠡᠭᠡ ᠶᠢ ᠵᠠᠬ᠎ᠠ ᠳᠡᠯᠭᠡᠭᠦᠷᠴᠢᠯᠡᠬᠦ ᠶᠢ ᠶᠡᠬᠡᠪᠡᠷ | ᠳᠡᠯᠭᠡᠷᠡᠭᠦᠯᠵᠦ᠂ ᠡᠯᠧᠺᠲᠷᠣᠨ ᠳᠠᠭᠠᠳᠬᠠᠯ ᠤᠨ ᠪᠢᠴᠢᠭ ᠢ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠵᠤ᠂ ᠪᠠᠩᠬᠢ᠂ | ᠳᠠᠭᠠᠭᠠᠯᠲᠠ ᠪᠠ ᠳᠠᠭᠠᠳᠬᠠᠯ ᠤᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠠᠷᠠᠯᠵᠢᠶᠠᠨ ᠤ | ᠳᠠᠭᠠᠭᠠᠯᠲᠠ ᠶᠢᠨ ᠭᠦᠢᠴᠡᠳᠬᠡᠬᠦ ᠴᠤᠪᠤᠷᠠᠯ ᠢ ᠳᠥᠭᠦᠮᠴᠢᠯᠡᠵᠦ᠂ ᠦᠢᠯᠡᠴᠢᠯᠡᠭᠡᠨ ᠤ ᠭᠠᠷᠳᠠᠮ ᠤᠨ ᠵᠠᠷᠤᠳᠠᠯ ᠢ | ᠪᠠᠭᠤᠷᠠᠭᠤᠯᠤᠨ᠎ᠠ᠃ ᠬᠠᠤᠯᠢ ᠲᠣᠭᠲᠠᠭᠠᠯ ᠶᠣᠰᠣᠭᠠᠷ ᠪᠠᠩᠬᠢ᠂ ᠳᠠᠭᠠᠭᠠᠯᠲᠠ ᠶᠢᠨ ᠪᠠᠶᠢᠭᠤᠯᠤᠮᠵᠢ ᠪᠠ ᠳᠠᠭᠠᠳᠬᠠᠯ ᠤᠨ | ᠪᠠᠶᠢᠭᠤᠯᠤᠮᠵᠢ ᠳᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠯᠵᠢᠶᠠᠨ ᠤ ᠳᠠᠭᠠᠭᠠᠯᠲᠠ ᠶᠢᠨ | ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠶᠢᠨ ᠬᠠᠮᠲᠤ ᠬᠠᠤᠯᠢ | ᠶᠣᠰᠣᠭᠠᠷ ᠵᠠᠯᠬᠠᠭᠠᠨ ᠴᠡᠭᠡᠷᠯᠡᠭᠦᠯᠦᠨ᠎ᠡ᠃ | ︵ᠠᠷᠪᠠᠨ ᠲᠠᠪᠤ︶ ᠪᠠᠳᠣᠯᠠᠭ᠎ᠠ ᠶᠢᠨ ᠮᠥᠩᠭᠦ ᠬᠤᠷᠢᠶᠠᠬᠤ ᠪᠤᠴᠠᠭᠠᠬᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠨᠢ ᠬᠠᠤᠯᠢ | ᠴᠠᠭᠠᠵᠠ ᠶᠢᠨ ᠲᠣᠭᠲᠠᠭᠠᠯ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠪᠠ ᠭᠡᠷ᠎ᠡ ᠳᠤ ᠪᠣᠯᠵᠣᠨ ᠲᠣᠭᠲᠠᠭᠰᠠᠨ | ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠬᠤᠷᠢᠶᠠᠵᠤ ᠪᠤᠴᠠᠭᠠᠬᠤ ᠪᠣᠳᠠᠲᠠᠶ ᠠᠷᠭ᠎ᠠ ᠮᠠᠶ᠋ᠢᠭ ᠪᠠ ᠴᠠᠭ | ᠬᠤᠭᠤᠴᠠᠭ᠎ᠠ ᠶᠢ ᠴᠢᠩᠭ᠎ᠠ ᠵᠢᠷᠤᠮᠯᠠᠨ᠂ ᠪᠠᠲᠤᠯᠠᠭ᠎ᠠ ᠶᠢᠨ ᠮᠥᠩᠭᠦ ᠶᠢ ᠴᠠᠭ ᠲᠤᠬᠠᠶ ᠳᠤᠨᠢ ᠪᠤᠴᠠᠭᠠᠵᠤ ᠥᠭᠬᠦ ᠬᠡᠷᠡᠭᠲᠡᠶ | ᠃ ᠪᠡᠯᠡ ᠮᠥᠩᠭᠦᠨ ᠤ ᠠᠷᠭ᠎ᠠ ᠮᠠᠶ᠋ᠢᠭ ᠢᠶᠠᠷ ᠪᠠᠲᠤᠯᠠᠭ᠎ᠠ ᠶᠢᠨ ᠮᠥᠩᠭᠦ ᠲᠤᠰᠢᠶᠠᠭᠰᠠᠨ ᠪᠠᠶᠢᠪᠠᠯ᠂ ᠳᠠᠭᠠᠭᠠᠴᠢᠯᠠᠯᠲᠠ | ᠣᠯᠤᠭᠰᠠᠨ ᠵᠢᠱᠢᠭᠳᠡᠭᠰᠡᠳ ᠢ ᠵᠠᠷᠯᠠᠨ ᠨᠡᠶᠢᠲᠡᠯᠡᠭᠰᠡᠨ ᠤ ᠳᠠᠷᠠᠭ᠎ᠠ 1 ᠠᠵᠢᠯᠯᠠᠬᠤ ᠡᠳᠦᠷ ᠤᠨ ᠳᠣᠲᠣᠷ᠎ᠠ | ᠳᠠᠭᠠᠭᠠᠴᠢᠯᠠᠯᠲᠠ ᠣᠯᠤᠭᠰᠠᠨ ᠵᠢᠱᠢᠭᠳᠡᠭᠴᠢ ᠳᠤ ᠤᠷᠤᠭᠰᠠᠨ ᠥᠬᠡᠶ ᠳᠠᠭᠠᠭᠠᠴᠢᠯᠠᠯᠲᠠ ᠬᠦᠯᠢᠶᠡᠭᠰᠡᠨ ᠪᠠᠲᠤᠯᠠᠭ᠎ᠠ ᠶᠢᠨ | ᠮᠥᠩᠭᠦ ᠶᠢ ᠪᠤᠴᠠᠭᠠᠨ᠎ᠠ︔ ᠳᠠᠭᠠᠭᠠᠴᠢᠯᠠᠯᠲᠠ ᠣᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠭᠰᠡᠨ ᠤ ᠳᠠᠷᠠᠭ᠎ᠠ 1 | ᠠᠵᠢᠯᠯᠠᠬᠤ ᠡᠳᠦᠷ ᠤᠨ ᠳᠣᠲᠣᠷ᠎ᠠ ᠳᠠᠭᠠᠭᠠᠴᠢᠯᠠᠯᠲᠠ ᠣᠯᠤᠭᠰᠠᠨ ᠵᠢᠱᠢᠭᠳᠡᠭᠴᠢ ᠳᠤ ᠳᠠᠭᠠᠭᠠᠴᠢᠯᠠᠯᠲᠠ ᠬᠦᠯᠢᠶᠡᠭᠰᠡᠨ | ᠪᠠᠲᠤᠯᠠᠭ᠎ᠠ ᠶᠢᠨ ᠮᠥᠩᠭᠦ ᠶᠢ ᠪᠤᠴᠠᠭᠠᠨ ᠥᠭᠭᠦᠨ᠎ᠡ︔ ᠪᠢᠴᠢᠭ ᠢᠶᠠᠷ ᠭᠡᠷ᠎ᠡ ᠲᠣᠭᠲᠠᠭᠰᠠᠨ ᠤ ᠳᠠᠷᠠᠭ᠎ᠠ 5 ᠡᠳᠦᠷ ᠤᠨ | ᠳᠣᠲᠣᠷ᠎ᠠ ᠳᠠᠭᠠᠭᠠᠴᠢᠯᠠᠯᠲᠠ ᠣᠯᠣᠭᠴᠢ ᠳᠤ ᠳᠠᠭᠠᠭᠠᠴᠢᠯᠠᠯᠲᠠ ᠣᠯᠤᠭᠰᠠᠨ ᠪᠠᠲᠤᠯᠠᠭ᠎ᠠ ᠶᠢᠨ ᠮᠥᠩᠭᠦ ᠶᠢ ᠪᠤᠴᠠᠭᠠᠵᠤ | ᠥᠭᠭᠦᠨ᠎ᠡ᠃ ᠪᠠᠲᠤᠯᠠᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠲᠤᠯᠠᠭ᠎ᠠ ᠶᠢᠨ | ᠮᠥᠩᠭᠦ ᠶᠢᠨ ᠡᠬᠡ ᠮᠥᠩᠭᠦ ᠪᠠ ᠪᠠᠩᠬᠢ ᠶᠢᠨ ᠠᠳᠠᠯᠢ ᠬᠤᠭᠤᠴᠠᠭᠠᠨ ᠤ ᠬᠠᠳᠠᠭᠠᠯᠠᠮᠵᠢ ᠶᠢᠨ ᠬᠦᠦ ᠮᠥᠩᠭᠦ ᠶᠢᠨ ︽ | ᠪᠤᠴᠠᠭᠠᠬᠤ ᠶᠣᠰᠣᠲᠠᠶ ᠶᠢ ᠪᠦᠬᠦᠨ ᠢ ᠪᠤᠴᠠᠭᠠᠵᠦ︾᠂ ᠶᠠᠮᠠᠷᠪᠠ ᠨᠢᠭᠡᠴᠡ ᠪᠠ ᠬᠤᠪᠢ ᠬᠥᠮᠦᠨ ᠡᠯ᠎ᠡ ᠲᠥᠷᠥᠯ ᠤᠨ | ᠪᠠᠲᠤᠯᠠᠭ᠎ᠠ ᠶᠢᠨ ᠮᠥᠩᠭᠦ ᠶᠢ ᠬᠠᠤᠯᠢ ᠪᠤᠰᠤ ᠪᠠᠷ ᠦᠯᠡᠳᠡᠭᠡᠨ ᠠᠪᠴᠤ᠂ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ | ᠦᠭᠡᠶ᠃ | ︵ᠠᠷᠪᠠᠨ ᠵᠢᠷᠭᠤᠭ᠎ᠠ︶ ᠪᠠᠲᠤᠯᠠᠭ᠎ᠠ ᠶᠢᠨ ᠮᠥᠩᠭᠦ ᠶᠢ ᠢᠯᠭᠠᠷᠠᠭᠤᠯᠤᠨ ᠪᠤᠴᠠᠭᠠᠬᠤ ᠳᠦᠷᠢᠮ ᠢ ᠪᠠᠶᠢᠭᠤᠯᠣᠨ᠎ᠠ᠃ | ︽ᠬᠡᠨ ᠬᠤᠷᠢᠶᠠᠬᠤ᠂ ᠬᠡᠨ ᠢᠯᠭᠠᠷᠠᠭᠤᠯᠬᠤ᠂ ᠬᠡᠨ ᠪᠤᠴᠠᠭᠠᠬᠤ︾ ᠵᠠᠷᠴᠢᠮ ᠶᠣᠰᠣᠭᠠᠷ᠂ ᠬᠠᠤᠯᠢ ᠲᠣᠭᠲᠠᠭᠠᠯ | ᠶᠣᠰᠣᠭᠠᠷ᠂ ᠲᠡᠦᠬᠡ ᠶᠢ ᠬᠦᠨᠳᠦᠳᠬᠡᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠦᠯᠡᠳᠡᠭᠰᠡᠨ | ᠪᠠᠲᠤᠯᠠᠭ᠎ᠠ ᠶᠢᠨ ᠮᠥᠩᠭᠦ ᠶᠢ ᠪᠦᠬᠦ ᠲᠠᠯ᠎ᠠ ᠪᠠᠷ ᠢᠯᠭᠠᠷᠠᠭᠤᠯᠤᠨ ᠪᠤᠴᠠᠭᠠᠬᠤ ᠬᠡᠷᠡᠭᠲᠡᠶ᠃ ᠮᠠᠲ᠋ᠧᠷᠢᠶᠠᠯ ᠢ ᠭᠡᠭᠡᠭᠰᠡᠨ᠂ | ᠳᠠᠩᠰᠠᠨ ᠡᠷᠦᠬᠡ ᠶᠢ ᠬᠦᠴᠦᠨ ᠦᠭᠡᠶ ᠪᠣᠯᠭᠠᠭᠰᠠᠨ᠂ ᠠᠵᠤ ᠠᠬᠤᠶᠢᠯᠠᠯ ᠢ ᠬᠦᠴᠦᠨ ᠦᠭᠡᠶ ᠪᠣᠯᠭᠠᠭᠰᠠᠨ ᠵᠡᠷᠭᠡ | ᠦᠨᠡᠨᠬᠦ ᠢᠯᠭᠠᠷᠠᠭᠤᠯᠤᠨ ᠪᠤᠴᠠᠭᠠᠬᠤ ᠶᠢᠨ ᠠᠷᠭ᠎ᠠ ᠦᠭᠡᠶ ᠪᠠᠲᠤᠯᠠᠭ᠎ᠠ ᠶᠢᠨ ᠮᠥᠩᠭᠦ ᠬᠢᠭᠡᠳ ᠬᠦᠦ ᠮᠥᠩᠭᠦ ᠶᠢ | ᠬᠠᠮᠢᠶ᠎ᠠ ᠪᠦᠬᠦᠢ ᠲᠣᠭᠲᠠᠭᠠᠯ ᠶᠣᠰᠣᠭᠠᠷ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠶ᠃ ᠡᠯ᠎ᠡ ᠱᠠᠲᠤᠨ ᠤ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠨᠢ ᠵᠢᠯ ᠪᠦᠷᠢ ᠳᠠᠭᠠᠭᠠᠴᠢᠯᠠᠯᠲᠠ ᠬᠦᠯᠢᠶᠡᠭᠰᠡᠨ | ᠦᠯᠡᠳᠡᠭᠰᠡᠨ ᠪᠠᠲᠤᠯᠠᠭ᠎ᠠ ᠶᠢᠨ ᠮᠥᠩᠭᠦ ᠶᠢ ᠢᠯᠭᠠᠷᠠᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠬᠦ ᠶᠢᠨ ᠬᠠᠮᠲᠤ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠢᠯᠭᠠᠷᠠᠭᠤᠯᠤᠭᠰᠠᠨ ᠦᠷ᠎ᠡ ᠳ᠋ᠦᠩ ᠢᠶᠠᠨ | ᠢᠯᠡ ᠪᠣᠯᠭᠠᠬᠤ ᠬᠡᠷᠡᠭᠲᠡᠶ᠃ | ᠳᠥᠷᠪᠡ᠂ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠨᠠᠶᠢᠳᠠᠪᠣᠷᠢᠵᠢᠭᠤᠯᠣᠨ᠎ᠠ | ︵ᠠᠷᠪᠠᠨ ᠳᠣᠯᠤᠭ᠎ᠠ︶ ᠡᠯ᠎ᠡ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠠᠭᠠᠯᠳᠤᠯᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ | ᠠᠯᠠᠱᠠ ᠠᠶᠢᠮᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠰᠡᠵᠢᠭ ᠲᠠᠢ ᠣᠨᠳᠣᠤ ᠰᠠᠨᠠᠯ ᠪᠠ | ᠵᠠᠭᠠᠯᠳᠤᠯᠭ᠎ᠠ ᠶᠢᠨ ᠰᠢᠰᠲ᠋ᠧᠮ ᠳᠤ ᠲᠦᠰᠢᠭᠯᠡᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠵᠦ᠂ ᠵᠠᠭᠠᠯᠳᠤᠯᠭ᠎ᠠ ᠶᠢ ᠰᠢᠢᠳᠪᠦᠷᠢᠯᠡᠭᠰᠡᠨ | ᠦᠷ᠎ᠡ ᠳ᠋ᠦᠩ ᠢ ᠲᠤᠬᠠᠶ ᠶᠢᠨ ᠬᠥᠮᠦᠨ ᠳᠤ ᠬᠠᠷᠢᠭᠤ ᠲᠤᠰᠬᠠᠬᠤ ᠶᠢᠨ ᠬᠠᠮᠲᠤ ᠲᠣᠭᠲᠠᠭᠠᠯ ᠶᠣᠰᠣᠭᠠᠷ ᠨᠡᠶᠢᠭᠡᠮ ᠳᠤ | ᠢᠯᠡ ᠪᠣᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠵᠠᠭᠠᠯᠳᠤᠯᠭ᠎ᠠ ᠶᠢᠨ ᠵᠦᠢᠯᠡᠰ ᠢ ᠬᠤᠭᠤᠴᠠᠭ᠎ᠠ ᠶᠣᠰᠣᠭᠠᠷ | ᠭᠦᠢᠴᠡᠳᠬᠡᠵᠦ ᠳᠠᠭᠤᠰᠬᠠᠬᠤ ᠨᠣᠷᠮ᠎ᠠ ᠶᠢᠨ ᠲᠤᠭ᠎ᠠ ᠪᠦᠷᠢᠳᠬᠡᠯ ᠤᠨ ᠳᠦᠷᠢᠮ ᠢ ᠪᠠᠶᠢᠭᠤᠯᠵᠤ᠂ ᠬᠤᠭᠤᠴᠠᠭ᠎ᠠ | ᠶᠣᠰᠣᠭᠠᠷ ᠭᠦᠢᠴᠡᠳᠬᠡᠵᠦ ᠳᠠᠭᠤᠰᠬᠠᠬᠤ ᠨᠣᠷᠮ᠎ᠠ ᠶᠢ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠬᠡᠷᠡᠭᠲᠡᠶ᠃ | ︵ᠠᠷᠪᠠᠨ ᠨᠠᠢᠮᠠ︶ ᠡᠯ᠎ᠡ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠢᠨᠠᠨ ᠬᠠᠮᠢᠶᠠᠷᠬᠤ | ᠭᠤᠤᠯᠳᠠᠯᠭ᠎ᠠ ᠶᠢ ᠠᠵᠢᠯ ᠤᠨ ᠡᠮᠦᠨ᠎ᠡ ᠬᠢᠨᠠᠨ ᠵᠥᠪᠰᠢᠶᠡᠷᠡᠵᠦ ᠪᠠᠶᠢᠭᠰᠠᠨ ᠠᠴᠠ ᠠᠵᠢᠯ ᠤᠨ ᠳᠤᠮᠳᠠ ᠪᠠ ᠠᠵᠢᠯ ᠤᠨ | ᠳᠠᠷᠠᠭ᠎ᠠ ᠪᠥᠬᠦ ᠶᠠᠪᠤᠴᠠ ᠳᠤ ᠬᠢᠨᠠᠨ ᠬᠠᠮᠢᠶᠠᠷᠬᠤ ᠳᠤ ᠰᠢᠯᠵᠢᠭᠦᠯᠬᠦ ᠬᠡᠷᠡᠭᠲᠡᠶ᠃ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠨ | ᠬᠠᠮᠢᠶᠠᠷᠴᠤ ᠪᠠᠶᠢᠴᠠᠭᠠᠬᠤ ᠪᠠ ᠳᠠᠭᠠᠭᠠᠴᠢᠯᠠᠯᠳᠠ ᠬᠦᠯᠢᠶᠡᠭᠰᠡᠨ ᠤ ᠳᠠᠷᠠᠭᠠᠬᠢ ᠦᠨᠡᠯᠡᠨ ᠵᠢᠱᠢᠬᠦ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠪᠠᠶᠢᠴᠠᠭᠠᠵᠤ ᠦᠨᠡᠯᠡᠨ ᠵᠢᠱᠢᠭᠰᠡᠨ ᠦᠷ᠎ᠡ ᠳ᠋ᠦᠩ ᠢ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠰᠦᠯᠵᠢᠶ᠎ᠡ ᠪᠠᠷ ᠳᠠᠮᠵᠢᠭᠤᠯᠤᠨ ᠴᠠᠭ ᠲᠣᠬᠠᠢ ᠳᠤᠨᠢ ᠨᠡᠶᠢᠭᠡᠮ ᠳᠤ ᠢᠯᠡ ᠪᠣᠯᠭᠠᠬᠤ ᠶᠢᠨ ᠬᠠᠮᠲᠤ᠂ ᠲᠤᠰ | ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠨᠡᠶᠢᠳᠡᠯᠡᠵᠦ᠂ ᠨᠡᠶᠢᠭᠡᠮ ᠤᠨ | ᠬᠢᠨᠠᠯᠲᠠ ᠲᠠᠯᠪᠢᠬᠤ ᠶᠢ ᠬᠦᠯᠢᠶᠡᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠨᠢ ᠡᠯ᠎ᠡ | ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤ | ᠢᠳᠡᠪᠬᠢᠲᠡᠢ ᠬᠠᠮᠵᠢᠯᠴᠠᠨ ᠳᠡᠮᠵᠢᠵᠦ᠂ ᠠᠷᠠᠯᠵᠢᠶ᠎ᠠ ᠶᠢᠨ ᠦᠢᠯᠡᠴᠢᠯᠡᠭᠡ ᠬᠢᠭᠡᠳ ᠵᠠᠰᠠᠭ ᠵᠠᠬᠢᠷᠭᠠᠨ ᠤ ᠬᠢᠨᠠᠯᠲᠠ | ᠲᠠᠯᠪᠢᠯᠲᠠ ᠶᠢ ᠪᠦᠲᠦᠮᠵᠢᠲᠡᠢ ᠵᠤᠯᠭᠠᠭᠤᠯᠬᠤ ᠬᠡᠷᠡᠭᠲᠡᠢ᠃ | ︵ᠠᠷᠪᠠ ᠶᠢᠰᠦ︶ ᠡᠯ᠎ᠡ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠦᠴᠢᠷ ᠤᠳ ᠬᠠᠮᠵᠢᠯᠴᠠᠨ ᠬᠢᠨᠠᠨ | ᠬᠠᠮᠢᠶᠠᠷᠬᠤ ᠶᠢ ᠪᠦᠷᠢᠨᠰᠢᠭᠦᠯᠵᠦ᠂ ᠡᠯ᠎ᠡ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠦᠴᠢᠷ ᠬᠢᠭᠡᠳ | ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠪᠦᠲᠦᠮᠵᠢᠲᠡᠢ ᠵᠣᠬᠢᠴᠠᠭᠤᠯᠵᠤ ᠬᠠᠮᠲᠤᠷᠠᠨ ᠬᠦᠳᠡᠯᠦᠯᠴᠡᠬᠦ | ᠲᠣᠭᠲᠠᠴᠠ ᠶᠢ ᠪᠠᠶᠢᠭᠤᠯᠵᠤ᠂ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠵᠡᠷᠭᠡ ᠬᠠᠤᠯᠢ ᠠᠴᠠ | ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠲᠣᠭᠲᠠᠭᠠᠯ ᠪᠠ ᠰᠠᠬᠢᠯᠭ᠎ᠠ ᠪᠠᠲᠤ ᠶᠢ | ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠬᠤ ᠲᠦᠷᠢᠮ ᠢ ᠨᠠᠶᠢᠳᠠᠪᠤᠷᠢᠵᠢᠭᠤᠯᠵᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠬᠢᠨᠠᠨ ᠬᠠᠮᠢᠶᠠᠷᠬᠤ᠂ ᠬᠢᠨᠠᠨ ᠪᠤᠳᠤᠵᠤ | ᠬᠢᠨᠠᠯᠲᠠ ᠲᠠᠯᠪᠢᠬᠤ ᠶᠢ ᠬᠠᠷᠢᠯᠴᠠᠨ ᠵᠣᠯᠭᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠰᠠᠬᠢᠯᠭ᠎ᠠ ᠪᠠᠲᠤ ᠬᠠᠤᠯᠢ ᠴᠠᠭᠠᠵᠠ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠳᠬᠠᠨ᠎ᠠ᠃ ︽ᠠᠯᠠᠱᠠ | ᠠᠶᠢᠮᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠨᠡᠶᠢᠭᠡᠮ ᠤᠨ ᠬᠢᠨᠠᠯᠲᠠ ᠲᠠᠯᠪᠢᠭᠴᠢ ᠶᠢᠨ | ᠲᠦᠷᠢᠮ︾ ᠢ ᠢᠳᠡᠪᠬᠢᠲᠡᠶ ᠨᠠᠶᠢᠳᠠᠪᠤᠷᠢᠵᠢᠭᠤᠯᠵᠤ᠂ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠬᠦᠢᠴᠡᠳ | ᠪᠠᠳᠠᠷᠠᠭᠤᠯᠤᠨ᠎ᠠ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠲᠦᠷᠬᠡᠨ ᠠᠬᠢᠭᠤᠯᠵᠤ᠂ ᠣᠶᠤᠨᠴᠢ | ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠲᠠᠰᠤᠷᠠᠯᠲᠠ ᠤᠢᠭᠡᠢ ᠰᠦᠪᠡᠭᠴᠢᠯᠡᠨ ᠲᠡᠭᠦᠯᠳᠡᠷᠵᠢᠭᠦᠯᠵᠦ᠂ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠰᠡᠷᠡᠮᠵᠢᠯᠡᠭᠦᠯᠬᠦ᠂ ᠢᠯᠡᠷᠡᠭᠦᠯᠬᠦ ᠪᠠ | ᠪᠠᠶᠢᠴᠠᠭᠠᠨ ᠭᠡᠷᠡᠴᠢᠯᠡᠬᠦ ᠬᠡᠷᠡᠭᠲᠡᠶ᠃ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠡᠷᠬᠡ ᠲᠡᠭᠰᠢ ᠪᠠᠷ | ᠥᠷᠢᠰᠥᠯᠳᠦᠬᠦ ᠶᠢ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠬᠠᠷᠢᠭᠤᠴᠠᠬᠤ ᠦᠭᠡᠶ᠂ | ᠳᠠᠭᠠᠭᠠᠴᠢᠯᠠᠯᠲᠠ ᠵᠠᠷᠯᠠᠬᠤ ᠶᠢ ᠵᠣᠷᠢᠭᠤᠳᠠ ᠭᠠᠳᠠᠭᠤᠷᠴᠢᠯᠠᠭᠰᠠᠨ᠂ ᠬᠢᠵᠠᠭᠠᠷᠯᠠᠭᠰᠠᠨ ᠬᠥᠮᠦᠨ ᠪᠠᠶᠢᠳᠠᠯ ᠣᠷᠣᠰᠢᠵᠤ | ᠪᠠᠶᠢᠭ᠎ᠠ ᠠᠴᠠ ᠪᠣᠯᠵᠤ ᠵᠠᠬ᠎ᠠ ᠳᠡᠯᠭᠡᠭᠦᠷ ᠤᠨ ᠭᠤᠤᠯᠴᠢ ᠪᠠᠷ ᠥᠷᠢᠰᠥᠯᠳᠦᠬᠦ ᠶᠢ ᠨᠥᠯᠥᠭᠡᠯᠡᠭᠰᠡᠨ ᠪᠣᠯ᠂ | ᠳᠠᠭᠠᠭᠠᠴᠢᠯᠠᠯᠲᠠ ᠵᠠᠷᠯᠠᠭᠴᠢ ᠪᠣᠯᠤᠨ ᠲᠡᠭᠦᠨ ᠤ ᠨᠠᠶᠢᠳᠠᠭᠰᠠᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ | ᠪᠠᠶᠢᠭᠤᠯᠤᠮᠵᠢ ᠠᠴᠠ ᠲᠤᠰ ᠲᠤᠰ ᠭᠤᠤᠯ ᠴᠣᠭᠴᠠ ᠶᠢᠨ ᠬᠠᠷᠢᠭᠤᠴᠠᠯᠭ᠎ᠠ ᠪᠤᠶᠤ ᠬᠤᠯᠪᠣᠯᠳᠤᠭᠰᠠᠨ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠳᠠᠭᠠᠭᠠᠴᠢᠯᠠᠯᠲᠠ ᠵᠠᠷᠯᠠᠭᠴᠢ | ᠪᠤᠶᠤ ᠲᠡᠭᠦᠨ ᠤ ᠨᠠᠶᠢᠳᠠᠭᠰᠠᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ | ᠵᠠᠷᠯᠠᠨ ᠰᠢᠭᠦᠮᠵᠢᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠢᠲᠡᠭᠡᠮᠵᠢ ᠶᠢᠨ ᠬᠠᠮᠳᠣᠷᠠᠭᠰᠠᠨ ᠵᠠᠯᠬᠠᠭᠠᠯ | ᠦᠭᠭᠦᠨ᠎ᠡ᠃ | ︵ᠬᠤᠷᠢ︶ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠶᠢᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠬᠡᠨ ᠠᠬᠢᠭᠤᠯᠵᠤ᠂ ᠢᠲᠡᠭᠡᠮᠵᠢ ᠪᠠᠷ ᠰᠠᠭᠤᠷᠢ ᠪᠣᠯᠭᠠᠭᠰᠠᠨ᠂ | ᠳᠠᠭᠠᠭᠠᠴᠢᠯᠠᠯᠲᠠ ᠣᠯᠬᠤ ᠠᠴᠠ ᠡᠮᠦᠨ᠎ᠡ ᠳᠠᠭᠠᠭᠠᠴᠢᠯᠠᠯᠲᠠ ᠣᠯᠣᠭᠰᠠᠨ ᠤ ᠳᠠᠷᠠᠭᠠᠬᠢ ᠡᠯ᠎ᠡ ᠵᠠᠩᠭᠢᠯᠠᠭ᠎ᠠ ᠶᠢ | ᠬᠠᠮᠣᠷᠣᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠳᠤ ᠬᠤᠯᠪᠣᠭᠳᠠᠭᠰᠠᠨ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠬᠤ ᠶᠢ ᠴᠢᠩᠭᠠᠳᠬᠠᠵᠤ᠂ ᠡᠯ᠎ᠡ ᠱᠠᠲᠤᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ ᠪᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠴᠠᠭ | ᠲᠤᠬᠠᠶ ᠳᠤᠨᠢ ᠬᠦᠷᠭᠡᠨ᠎ᠡ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠳᠤ ᠬᠤᠯᠪᠣᠭᠳᠠᠭᠰᠠᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠯ᠎ᠡ | ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ | ᠪᠦᠷᠢᠨ ᠭᠦᠢᠴᠡᠳᠬᠡᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠳᠠᠬᠢ ᠢᠲᠡᠭᠡᠮᠵᠢ | ᠠᠯᠳᠠᠭᠰᠠᠨ ᠭᠤᠣᠯ ᠴᠣᠭᠴᠠ ᠳᠤ ᠬᠠᠮᠳᠣᠷᠠᠭᠰᠠᠨ ᠵᠠᠯᠬᠠᠭᠠᠯ ᠦᠭᠴᠦ᠂ ᠢᠲᠡᠭᠡᠮᠵᠢ ᠠᠯᠳᠠᠭᠰᠠᠨ ᠠᠵᠤ | ᠠᠬᠤᠶᠢᠯᠠᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ ᠣᠷᠣᠯᠴᠠᠬᠤ ᠶᠢ ᠬᠠᠤᠯᠢ | ᠶᠣᠰᠣᠭᠠᠷ ᠬᠢᠵᠠᠭᠠᠷᠯᠠᠵᠤ᠂ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠣᠷᠣᠯᠠᠬᠤ ᠠᠵᠢᠯᠯᠠᠭ᠎ᠠ ᠬᠢᠬᠦ ᠶᠢ ᠬᠠᠤᠯᠢ ᠶᠣᠰᠣᠭᠠᠷ ᠬᠢᠵᠠᠭᠠᠷᠯᠠᠵᠤ᠂ ᠬᠠᠮᠢᠶ᠎ᠠ ᠪᠦᠬᠦᠢ ᠢᠲᠡᠭᠡᠮᠵᠢ | ᠠᠯᠳᠠᠭᠰᠠᠨ ᠬᠥᠮᠦᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ | ᠳᠠᠭᠠᠭᠠᠴᠢᠯᠠᠯᠲᠠ ᠦᠨᠡᠯᠡᠬᠦ ︵ᠬᠢᠨᠠᠬᠤ︶ ᠠᠵᠢᠯ ᠢ ᠡᠭᠦᠷᠭᠡᠯᠡᠬᠦ ᠪᠤᠶᠤ ᠣᠯᠠᠨ ᠨᠡᠶᠢᠲᠡ ᠶᠢᠨ ᠡᠬᠢ ᠪᠠᠶᠠᠯᠢᠭ ᠤᠨ | ᠰᠣᠯᠢᠯᠴᠠᠭᠠᠨ ᠤ ᠬᠦᠷᠢᠶᠡᠨ ᠳᠤ ᠠᠵᠢᠯ ᠡᠷᠬᠢᠯᠡᠬᠦ ᠶᠢ ᠬᠠᠤᠯᠢ ᠶᠣᠰᠣᠭᠠᠷ ᠬᠢᠵᠠᠭᠠᠷᠯᠠᠨ᠎ᠠ᠃ | |