3 ᠰᠠᠷ᠎ᠠ ᠶᠢᠨ 6 ᠤ ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠂ ᠶᠡᠷᠦᠩᠬᠡᠢ ᠱᠦᠵᠢ ᠰᠢ ᠶᠢᠨ | ᠫᠢᠩ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ | ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ᠲᠥᠯᠥᠪᠯᠡᠭᠡ ᠶᠢᠨ ᠮᠡᠳᠡᠭᠦᠯᠦᠯᠲᠡ ᠪᠣᠯᠣᠨ ᠲᠥᠰᠥᠯ᠂ | ᠲᠥᠰᠥᠪ ᠤᠨ ᠮᠡᠳᠡᠭᠦᠯᠦᠯᠲᠡ ᠪᠣᠯᠣᠨ ᠲᠥᠰᠥᠯ ᠢ ᠬᠢᠨᠠᠨ ᠪᠠᠶᠢᠴᠠᠭᠠᠪᠠ᠃ ᠲᠣᠰ ᠤᠳᠠᠭ᠎ᠠ ᠶᠢᠨ ᠪᠦᠭᠦᠳᠡ ᠬᠤᠷᠠᠯ ᠢ | ᠪᠦᠭᠦ ᠤᠯᠤᠰ ᠤᠨ ᠬᠤᠶᠠᠷ ᠬᠤᠷᠠᠯ ᠤᠨ ᠮᠡᠳᠡᠭᠡᠯᠡᠯ ᠳᠤ ᠣᠷᠣᠯᠴᠠᠵᠤ ᠪᠠᠶᠢᠭ᠎ᠠ ᠳᠤᠮᠳᠠᠳᠤ ᠭᠠᠳᠠᠭᠠᠳᠤ ᠶᠢᠨ | ᠵᠠᠭᠤᠴᠢᠯᠠᠭᠤᠷ ᠲᠤ ᠨᠡᠭᠡᠭᠡᠯᠲᠡ ᠬᠢᠪᠡ᠃ | | | | | | | | | | | | ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ | ᠦᠭᠡ ᠬᠡᠯᠡᠵᠦ᠂ ᠲᠥᠯᠥᠭᠡᠯᠡᠭᠴᠢᠳ ᠤᠨ ᠪᠦᠯᠭᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠢ ᠡᠷᠭᠢᠯᠡᠭᠰᠡᠨ | ᠪᠥᠭᠡᠳ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ᠂ ᠲᠥᠯᠥᠭᠡᠯᠡᠭᠴᠢᠳ ᠤᠨ ᠪᠦᠯᠭᠦᠮ ᠤᠨ ᠳᠡᠳ᠋ | ᠳᠠᠷᠤᠭ᠎ᠠ ᠵᠧᠩ ᠬᠤᠩ ᠹᠠᠨ ᠬᠠᠮᠲᠤ ᠶᠢᠨ ᠰᠤᠷᠪᠤᠯᠵᠢᠯᠠᠬᠤ ᠠᠵᠢᠯᠯᠠᠭ᠎ᠠ ᠶᠢ ᠡᠷᠭᠢᠯᠡᠪᠡ᠃ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ | ᠶᠡᠭᠡ ᠬᠤᠷᠠᠯ ᠤᠨ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ | ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠪᠠ᠃ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠤᠨ ᠠᠩᠬᠠᠷᠤᠯ ᠢ | ᠲᠠᠲᠠᠵᠤ᠂ ᠰᠤᠷᠪᠤᠯᠵᠢᠯᠠᠬᠴᠢ ᠶᠢᠨ ᠲᠣᠭᠤᠷᠢᠭ ᠲᠤ ᠳᠦᠭᠦᠷᠲᠡᠯ᠎ᠡ ᠰᠠᠭᠤᠯᠴᠠᠭᠰᠠᠨ ᠪᠠᠶᠢᠨ᠎ᠠ᠃ ᠠᠷᠠᠳ ᠤᠨ ᠡᠳᠦᠷ ᠤᠨ | ᠰᠣᠨᠢᠨ ᠤ ᠬᠤᠷᠢᠶ᠎ᠠ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ᠂ ᠰᠢᠶᠠᠩᠭᠠᠩ ᠤᠨ | ᠳ᠋ᠠ ᠭᠦᠡᠭ ᠪᠤᠤ ᠰᠣᠨᠢᠨ ᠂ ᠫᠧᠩ ᠪᠦᠸᠧ ᠰᠣᠨᠢᠨ ᠮᠡᠳᠡᠭᠡᠨ ᠤ ᠬᠤᠷᠢᠶ᠎ᠠ᠂ ᠠᠰᠠᠺᠢ ᠰᠣᠨᠢᠨ ᠮᠡᠳᠡᠭᠡ᠂ ᠭᠧᠷᠮᠠᠨ ᠤ | ᠬᠤᠳᠠᠯᠳᠤᠭᠠᠨ ᠤ ᠰᠣᠨᠢᠨ᠂ ᠮᠣᠩᠭᠤᠯ ᠤᠯᠤᠰ ᠤᠨ ᠤᠯᠤᠰ ᠤᠨ ᠣᠯᠠᠨ ᠨᠡᠶᠢᠲᠡ ᠶᠢᠨ ᠷᠠᠳᠢᠣ᠋ ᠲᠧᠯᠸᠢᠰ ᠬᠤᠷᠢᠶ᠎ᠠ | ᠵᠡᠷᠭᠡ ᠳᠤᠮᠳᠠᠳᠤ ᠭᠠᠳᠠᠭᠠᠳᠤ ᠶᠢᠨ 23 ᠵᠠᠭᠤᠴᠢᠯᠠᠭᠤᠷ ᠤᠨ 43 ᠰᠤᠷᠪᠤᠯᠵᠢᠯᠠᠬᠴᠢ ᠲᠤᠬᠠᠢ ᠶᠢᠨ ᠲᠠᠯᠠᠪᠠᠶ ᠳᠤ | ᠬᠦᠷᠴᠦ ᠰᠤᠷᠪᠤᠯᠵᠢᠯᠠᠨ᠂ ᠥᠪᠥᠷ ᠮᠣᠩᠭᠤᠯ ᠤᠨ ᠰᠠᠶᠢᠨ ᠥᠯᠢᠭᠡᠷ᠂ ᠰᠠᠶᠢᠨ ᠲᠠᠭᠤᠨ ᠢ ᠰᠣᠨᠣᠰᠴᠤ᠂ ᠪᠦᠭᠦ ᠣᠷᠣᠨ ᠤ | ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠡᠰᠪᠦᠷᠢ | ᠬᠠᠲᠠᠭᠤᠵᠢᠯᠲᠠᠢ ᠪᠠᠷ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠪᠠᠷ ᠳᠤᠮᠳᠠ ᠲᠦᠪᠰᠢᠨ ᠳᠤ ᠣᠷᠣᠬᠤ ᠪᠠᠷ | ᠴᠢᠷᠮᠠᠶᠢᠵᠤ ᠪᠠᠶᠢᠭ᠎ᠠ ᠰᠦᠷ ᠳᠠᠯᠠᠶᠢᠴᠠᠲᠠᠢ ᠬᠦᠴᠦᠨ ᠢ ᠭᠦᠨᠵᠡᠭᠡᠢ ᠣᠶᠢᠯᠠᠭᠠᠪᠠ᠃ | ᠰᠦᠨ ᠱᠤᠤ ᠴᠧᠩ ᠲᠥᠯᠥᠭᠡᠯᠡᠭᠴᠢ ᠬᠢᠨᠠᠨ ᠵᠥᠪᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ | ᠶᠠᠷᠢᠶ᠎ᠠ ᠨᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠺᠠᠳ᠋ᠷ | ᠤᠯᠠᠨ ᠲᠦᠮᠡᠨ ᠤ ᠠᠵᠢᠯ ᠬᠢᠵᠦ ᠦᠢᠯᠡᠰ ᠪᠣᠰᠬᠠᠬᠤ ᠶᠢ ᠵᠣᠷᠢᠭᠵᠢᠭᠤᠯᠬᠤ ᠳᠤ ᠴᠢᠬᠤᠯᠠ ᠵᠢᠯᠤᠭᠤᠳᠬᠤ ᠠᠴᠢ | ᠬᠤᠯᠪᠣᠭᠳᠠᠯ ᠲᠠᠢ ᠶᠤᠮ᠃ ᠥᠪᠥᠷ ᠮᠣᠩᠭᠤᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠢᠯᠠᠩᠭᠤᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ︽ | ᠪᠦᠰᠡᠯᠡᠯᠲᠡ ᠰᠢᠪᠲᠤᠯᠬᠤ︾ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠨᠢᠭᠡ ᠬᠤᠶᠠᠷ ᠨᠥᠬᠦᠴᠡᠯ ᠲᠠᠢ ᠴᠡᠭ ᠳᠡᠭᠡᠷ᠎ᠡ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠰᠢᠭᠲᠠᠢ ᠪᠠᠶᠢᠷᠢ ᠶᠢ ᠲᠦᠷᠭᠡᠨ ᠡᠵᠡᠯᠡᠵᠦ᠂ | ᠪᠦᠭᠦ ᠤᠯᠤᠰ ᠤᠨ ᠶᠡᠭᠡ ᠲᠠᠯ᠎ᠠ ᠳᠤ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠨ᠎ᠠ᠃ ᠲᠥᠯᠥᠪᠯᠡᠭᠡ ᠶᠢᠨ ᠮᠡᠳᠡᠭᠦᠯᠦᠯᠲᠡ | ᠪᠠ ᠲᠥᠰᠥᠪ ᠤᠨ ᠮᠡᠳᠡᠭᠦᠯᠦᠯᠲᠡ ᠪᠣᠯ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠢᠰᠲ᠋ᠧᠮ ᠲᠠᠢ | ᠨᠥᠬᠦᠪᠦᠷᠢᠯᠡᠯ ᠮᠥᠨ᠂ ︽ᠪᠠᠷᠢᠯᠭ᠎ᠠ ᠶᠢᠨ ᠵᠢᠷᠤᠭ︾ ᠢ ᠵᠢᠷᠤᠵᠤ᠂ ︽ᠶᠡᠷᠦᠩᠬᠡᠢ ᠳᠠᠩᠰᠠ︾ ᠶᠢ ᠨᠠᠶᠢᠷᠠᠭᠤᠯᠤᠨ | ᠵᠣᠬᠢᠶᠠᠪᠠ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠥᠪᠥᠷ ᠮᠣᠩᠭᠤᠯ ᠤᠨ ᠠᠵᠤ ᠠᠬᠤᠢ ᠶᠢᠨ ᠬᠡᠮᠵᠢᠶ᠎ᠡ | ᠨᠡᠯᠢᠶᠡᠳ ᠪᠠᠭ᠎ᠠ᠂ ᠬᠥᠭᠵᠢᠯᠲᠡ ᠨᠢ ᠲᠦᠷᠭᠡᠨ ᠤᠳᠠᠭᠠᠨ ᠪᠠᠶᠢᠬᠤ ᠨᠢ ᠪᠦᠭᠦ ᠤᠯᠤᠰ ᠤᠨ ᠠᠵᠤ ᠠᠬᠤᠢ ᠶᠢᠨ | ᠬᠥᠭᠵᠢᠯᠲᠡ ᠶᠢᠨ ᠲᠤᠭ᠎ᠠ ᠪᠠᠷᠢᠮᠲᠠ ᠳᠤ ᠨᠥᠯᠥᠭᠡ ᠶᠡᠭᠡ ᠪᠢᠰᠢ᠂ ᠭᠡᠪᠡᠴᠦ ᠬᠠᠩᠭᠠᠯᠭ᠎ᠠ ᠶᠢ ᠪᠠᠲᠤᠯᠠᠬᠤ᠂ ᠤᠯᠤᠰ ᠤᠨ ︽ | ᠲᠠᠪᠤᠨ ᠠᠮᠤᠷ ᠲᠦᠪᠰᠢᠨ︾ ᠢ ᠪᠠᠲᠤᠯᠠᠬᠤ ᠳᠤ ᠴᠢᠬᠤᠯᠠ ᠨᠥᠯᠥᠭᠡ ᠲᠠᠢ ᠶᠤᠮ᠃ ᠪᠢᠳᠡ ᠬᠤᠶᠠᠷ ᠮᠡᠳᠡᠭᠦᠯᠦᠯᠲᠡ ᠶᠢᠨ | ᠱᠠᠭᠠᠷᠳᠠᠯᠭ᠎ᠠ ᠶᠣᠰᠣᠭᠠᠷ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠪᠦᠲᠦᠮᠵᠢᠲᠡᠢ ᠬᠡᠷᠡᠭᠴᠡᠭᠡ ᠶᠢ ᠥᠷᠭᠡᠳᠬᠡᠬᠦ ᠶᠢ ᠬᠠᠮᠵᠢᠯᠴᠠᠭᠤᠯᠤᠨ ᠬᠦᠴᠦᠯᠡᠬᠦ ᠶᠢ | ᠪᠠᠷᠢᠮᠲᠠᠯᠠᠵᠤ᠂ ᠤᠯᠤᠰ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ | ᠠᠪᠴᠢᠷᠠᠬᠤ ᠶᠢ ᠶᠡᠭᠡ ᠪᠠᠷ ᠠᠳᠬᠤᠵᠤ᠂ ᠪᠦᠭᠦ ᠵᠢᠯ ᠤᠨ ᠠᠵᠤ ᠠᠬᠤᠢ ᠶᠢᠨ ᠨᠡᠮᠡᠭᠳᠡᠯ ᠢ 6% ᠠᠴᠠ ᠳᠡᠭᠡᠭᠰᠢᠬᠢ ᠳᠤ | ᠬᠦᠷᠭᠡᠬᠦ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ ︽ᠠᠷᠪᠢᠴᠢ ᠭᠠᠮᠲᠠᠢ ᠠᠮᠢᠳᠤᠷᠠᠬᠤ︾ ᠶᠢ | ᠪᠠᠷᠢᠮᠲᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠲᠠ ᠶᠢᠨ ᠨᠡᠭᠡᠭᠡᠨ | ᠬᠥᠭᠵᠢᠭᠦᠯᠦᠯᠲᠡ ᠶᠢᠨ ᠵᠠᠭᠠᠭ ᠬᠢᠵᠠᠭᠠᠷ ᠢ ᠴᠢᠩᠭ᠎ᠠ ᠬᠢᠵᠠᠭᠠᠷᠯᠠᠬᠤ᠂ ᠬᠤᠲᠠ ᠶᠢᠨ ᠨᠣᠭᠤᠭᠠᠷᠠᠭᠤᠯᠤᠯᠲᠠ ᠠᠷᠠᠴᠢᠯᠠᠯᠲᠠ | ᠶᠢ 2022 ᠣᠨ ᠤ ᠪᠠᠷᠢᠮᠵᠢᠶ᠎ᠠ ᠠᠴᠠ ᠳᠠᠪᠠᠭᠤᠯᠵᠤ ᠪᠤᠯᠬᠤ ᠦᠭᠡᠢ᠂ ᠨᠠᠮ ᠵᠠᠰᠠᠭ ᠤᠨ ᠪᠠᠶᠢᠭᠤᠯᠭ᠎ᠠ ᠶᠢᠨ ᠬᠦᠷᠢᠶ᠎ᠡ ︽ | ᠢᠨᠵᠧᠨᠧᠷᠢᠩ ᠦᠭᠡᠢ ᠣᠨ︾ ᠵᠡᠷᠭᠡ ᠶᠢ ᠡᠷᠬᠡᠪᠰᠢ ᠪᠡᠶᠡᠯᠡᠭᠦᠯᠵᠦ᠂ ᠠᠯᠢ ᠴᠢᠳᠠᠬᠤ ᠪᠠᠷ ᠵᠣᠭᠤᠰ ᠠᠷᠪᠢᠯᠠᠵᠤ ᠪᠠᠶᠢᠭᠠᠳ | ᠥᠷᠢ ᠥᠭᠴᠡᠭᠡ ᠶᠢ ᠠᠷᠢᠯᠭᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠠ᠃ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠠᠴᠠ ᠥᠪᠥᠷ ᠮᠣᠩᠭᠤᠯ ᠤᠨ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠬᠦ ᠡᠷᠴᠢᠮ ᠢᠶᠠᠨ ᠴᠢᠨᠠᠭᠰᠢᠳᠠ ᠨᠡᠮᠡᠭᠳᠡᠭᠦᠯᠬᠦ ᠶᠢ | ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠢ᠃ | ᠮᠧᠩ ᠳ᠋ᠠ ᠶᠢᠩ᠂ ᠭᠦᠩ ᠮᠢᠩ ᠵᠦ᠂ ᠵᠠᠩ ᠷᠦᠢ᠂ ᠵᠢᠢ ᠶᠦᠩ ᠴᠢᠶᠠᠨ᠂ ᠸᠠᠩ ᠸᠠᠩ ᠱᠧᠩ᠂ ᠰᠢᠦᠢ ᠵᠢᠶᠠᠨ ᠰᠢᠩ᠂ | ᠯᠥᠸᠧ ᠴᠢᠩ ᠵᠡᠷᠭᠡ ᠲᠥᠯᠥᠭᠡᠯᠡᠭᠴᠢ ᠤᠷᠢᠳ ᠬᠤᠵᠢᠳ ᠬᠢᠨᠠᠨ ᠵᠥᠪᠯᠡᠬᠦ ᠦᠭᠡ ᠬᠡᠯᠡᠵᠦ᠂ ᠲᠥᠯᠥᠪᠯᠡᠭᠡ ᠶᠢᠨ | ᠮᠡᠳᠡᠭᠦᠯᠦᠯᠲᠡ ᠪᠣᠯᠣᠨ ᠲᠥᠰᠥᠯ᠂ ᠲᠥᠰᠥᠪ ᠤᠨ ᠮᠡᠳᠡᠭᠦᠯᠦᠯᠲᠡ ᠪᠣᠯᠣᠨ ᠲᠥᠰᠥᠯ ᠢ ᠵᠥᠪᠰᠢᠶᠡᠷᠡᠵᠦ ᠪᠠᠶᠢᠬᠤ ᠪᠠᠨ | ᠰᠠᠨᠠᠯ ᠨᠢᠭᠡᠲᠡᠢ ᠢᠯᠡᠳᠬᠡᠪᠡ᠃ | 16 ᠴᠠᠭ 20 ᠮᠢᠨᠦ᠋ᠲ ᠲᠤ᠂ ᠲᠤᠬᠠᠢ ᠶᠢᠨ ᠲᠠᠯᠠᠪᠠᠢ ᠶᠢᠨ ᠠᠰᠠᠭᠤᠯᠲᠠ ᠡᠬᠢᠯᠡᠪᠡ᠃ ᠥᠪᠥᠷ ᠮᠣᠩᠭᠤᠯ ᠶᠠᠮᠠᠷ | ᠶᠠᠮᠠᠷ ᠠᠷᠭ᠎ᠠ ᠬᠡᠮᠵᠢᠶ᠎ᠡ ᠠᠪᠴᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ | ᠨᠠᠶᠢᠳᠠᠪᠤᠷᠢᠵᠢᠭᠤᠯᠵᠤ᠂ ᠶᠠᠮᠠᠷ ᠦᠷ᠎ᠡ ᠪᠦᠲᠦᠮᠵᠢ ᠣᠯᠣᠭᠰᠠᠨ ᠪᠤᠶ︖ ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ | ᠫᠢᠩ ᠢᠮᠠᠭᠲᠠ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠰᠠᠨᠠᠭᠠᠯᠵᠠᠵᠤ᠂ ᠪᠡᠶ᠎ᠡ ᠪᠠᠷ ᠢᠶᠠᠨ ᠥᠪᠥᠷ ᠮᠣᠩᠭᠤᠯ ᠤᠨ | ᠬᠥᠭᠵᠢᠯᠲᠡ ᠳᠤ ᠰᠤᠳᠠᠯ ᠪᠠᠷᠢᠵᠤ ᠴᠢᠭᠯᠡᠯ ᠢ ᠲᠣᠭᠲᠠᠭᠠᠵᠤ ᠥᠭᠪᠡ᠃ ᠥᠪᠥᠷ ᠮᠣᠩᠭᠤᠯ ᠤᠨ ᠠᠵᠢᠯ ᠢ ᠰᠠᠶᠢᠲᠤᠷ | ᠬᠢᠬᠦ ᠳᠤ ᠬᠠᠮᠤᠭ ᠤᠨ ᠴᠢᠬᠤᠯᠠ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠪᠡᠶᠡᠯᠡᠭᠦᠯᠬᠦ ᠶᠠᠪᠤᠳᠠᠯ | ᠪᠣᠯᠣᠨ᠎ᠠ᠃ ᠣᠷᠣᠨ ᠳᠠᠶᠠᠭᠠᠷ ᠢᠶᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠤᠨ ᠡᠷᠡᠮᠡᠬᠡᠶᠢᠯᠡᠨ | ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠠᠵᠢᠯ ᠤᠨ ᠭᠤᠣᠯ ᠰᠢᠵᠢᠮ ᠪᠤᠯᠭᠠᠵᠤ᠂ ᠥᠪᠥᠷ ᠮᠣᠩᠭᠤᠯ ᠤᠨ ᠣᠨᠴᠠᠯᠢᠭ ᠳᠠᠪᠠᠭᠤᠯᠢᠭ ᠢ ᠢᠯᠡᠷᠡᠭᠦᠯᠦᠭᠰᠡᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ | ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠪᠦᠭᠦ ᠬᠦᠴᠦ ᠪᠠᠷ ᠢᠶᠠᠨ ᠴᠣᠭᠴᠠᠯᠠᠵᠤ᠂ ᠡᠬᠡ | ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠡᠷᠡᠰ ᠰᠠᠶᠢᠲᠤᠷ ᠰᠠᠬᠢᠵᠤ᠂ ᠨᠡᠶᠢᠰᠯᠡᠯ ᠤᠨ ︽ᠬᠠᠮᠭᠠᠯᠠᠯᠲᠠ ᠶᠢᠨ | ᠭᠤᠣᠯ︾ ᠪᠣᠯᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠭᠤᠣᠯ ᠪᠤᠯᠬᠤ | ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠪᠦᠭᠦ ᠤᠯᠤᠰ ᠤᠨ ᠲᠦᠷᠦᠭᠦᠦ | ᠡᠩᠨᠡᠭᠡᠨ ᠳᠤ ᠪᠠᠶᠢᠬᠤ ᠶᠢ ᠪᠠᠲᠤᠯᠠᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠤ ᠶᠢᠨ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ | ᠶᠡᠷᠦᠩᠬᠡᠢ ᠱᠦᠵᠢ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ | ᠥᠭᠦᠯᠡᠯᠲᠡ ᠳᠡᠭᠡᠷ᠎ᠡ ᠨᠢᠭᠡᠳᠬᠡᠵᠦ᠂ ︽ᠤᠷᠤᠭᠰᠢᠯᠠᠯᠲᠠ︾ ᠶᠢᠨ ᠪᠦᠷᠢᠶ᠎ᠡ ᠶᠢ ᠪᠦᠭᠦ ᠲᠠᠯ᠎ᠠ ᠪᠠᠷ ᠬᠠᠩᠭᠢᠨᠠᠭᠤᠯᠵᠤ᠂ | ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠥᠪᠥᠷ | ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠠᠶᠢᠨ | ᠪᠣᠯᠵᠤ ᠪᠤᠯᠬᠤ ᠶᠢ ᠨᠢ ᠰᠠᠶᠢᠨ ᠪᠤᠯᠭᠠᠵᠤ᠂ ᠲᠦᠷᠭᠡᠨ ᠪᠣᠯᠵᠤ ᠪᠤᠯᠬᠤ ᠶᠢ ᠨᠢ ᠲᠦᠷᠭᠡᠨ ᠪᠤᠯᠭᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠨᠡᠭᠡᠭᠡᠵᠦ᠂ | ᠳᠤᠮᠳᠠ ᠲᠦᠪᠰᠢᠨ ᠳᠤ ᠬᠦᠷᠬᠦ ᠪᠠᠷ ᠴᠢᠷᠮᠠᠶᠢᠪᠠ ᠭᠡᠵᠡᠢ᠃ | ᠰᠤᠷᠪᠤᠯᠵᠢᠯᠠᠬᠴᠢᠳ ᠪᠤᠯᠢᠶᠠᠯᠳᠤᠨ ᠭᠠᠷ ᠡᠷᠭᠦᠵᠦ᠂ ᠠᠰᠠᠭᠤᠯᠲᠠ ᠠᠰᠠᠭᠤᠵᠤ᠂ ᠲᠤᠬᠠᠢ ᠶᠢᠨ ᠲᠠᠯᠠᠪᠠᠢ ᠶᠢᠨ | ᠠᠭᠤᠷ ᠠᠮᠢᠰᠬᠤᠯ ᠭᠦᠷ ᠬᠥᠭᠵᠢᠶᠡᠨ ᠲᠠᠢ ᠪᠠᠶᠢᠯ᠎ᠠ᠃ ᠤᠯᠤᠰ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ᠂ ᠠᠮᠢ | ᠠᠬᠤᠢ ᠶᠢᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ᠂ ᠤᠮᠠᠷᠠᠰᠢ ᠨᠡᠭᠡᠭᠡᠯᠲᠡ ᠬᠢᠬᠦ ᠶᠢ ᠥᠷᠭᠡᠳᠬᠡᠬᠦ ᠵᠡᠷᠭᠡ | ᠠᠭᠤᠯᠭ᠎ᠠ ᠨᠢ ᠴᠥᠮ ᠰᠤᠷᠪᠤᠯᠵᠢᠯᠠᠬᠴᠢᠳ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠪᠠᠶᠢᠵᠤ᠂ ᠶᠠᠩ ᠶᠢᠨ᠂ ᠳ᠋ᠦ᠋ | ᠬᠤᠶ ᠯᠢᠶᠠᠩ᠂ ᠭᠦᠩ ᠮᠢᠩ ᠵᠦ᠂ ᠸᠠᠩ ᠸᠠᠩ ᠱᠧᠩ᠂ ᠶᠠᠨ ᠬᠤᠩ ᠭᠤᠸᠠᠩ᠂ ᠵᠣᠣ ᠬᠤᠶ ᠵᠢᠶᠧ᠂ ᠮᠧᠩ ᠳ᠋ᠠ ᠶᠢᠩ | ᠵᠡᠷᠭᠡ ᠲᠥᠯᠥᠭᠡᠯᠡᠭᠴᠢ ᠠᠰᠠᠭᠤᠯᠲᠠ ᠶᠢ ᠬᠠᠷᠢᠭᠤᠯᠵᠤ᠂ ᠵᠠᠭᠤᠴᠢᠯᠠᠭᠤᠷ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠴᠢᠩ ᠦᠨᠡᠨᠴᠢ ᠪᠠᠷ ᠬᠠᠷᠢᠭᠤᠯᠲᠠ ᠥᠭᠴᠦ᠂ ᠠᠰᠠᠭᠤᠵᠤ ᠬᠠᠷᠢᠭᠤᠯᠬᠤ ᠳᠤᠮᠳᠠ ᠪᠦᠯᠬᠦᠮᠳᠡᠨ | ᠲᠡᠮᠡᠴᠡᠭᠰᠡᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠣᠯᠠᠨ ᠤ ᠡᠮᠦᠨ᠎ᠡ ᠠᠮᠢᠳᠤᠯᠢᠭ ᠢᠶᠠᠷ ᠳᠡᠯᠭᠡᠭᠳᠡᠪᠡ᠃ | | |