ᠲᠦᠷᠦ ᠶᠢᠨ ᠶᠠᠪᠤᠳᠠᠯ ᠤᠨ ᠬᠤᠷᠢᠶ᠎ᠠ ︽ᠵᠣᠭᠤᠰ ᠢᠶᠠᠷ ᠲᠣᠷᠭᠠᠬᠤ ᠲᠣᠭᠲᠠᠭᠠᠯᠲᠠ ᠬᠢᠭᠡᠳ ᠬᠡᠷᠡᠭᠵᠢᠭᠦᠯᠦᠯᠲᠡ ᠶᠢ ᠴᠢᠨᠠᠭᠰᠢᠳᠠ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/3/8
   ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠲᠦᠷᠦᠭᠦᠬᠡᠨ ︽ᠵᠣᠭᠤᠰ ᠢᠶᠠᠷ ᠲᠣᠷᠭᠠᠬᠤ ᠲᠣᠭᠲᠠᠭᠠᠯᠲᠠ ᠬᠢᠭᠡᠳ ᠬᠡᠷᠡᠭᠵᠢᠭᠦᠯᠦᠯᠲᠡ ᠶᠢ ᠴᠢᠨᠠᠭᠰᠢᠳᠠ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶   ᠢ ᠳᠠᠷᠤᠮᠠᠯᠯᠠᠨ ᠲᠠᠷᠬᠠᠭᠠᠵᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠵᠣᠭᠤᠰ ᠢᠶᠠᠷ ᠲᠣᠷᠭᠠᠬᠤ ᠲᠣᠭᠲᠠᠭᠠᠯᠲᠠ ᠪᠠ ᠬᠡᠷᠡᠭᠵᠢᠭᠦᠯᠦᠯᠲᠡ ᠶᠢ ᠠᠩᠬ᠎ᠠ ᠤᠳᠠᠭ᠎ᠠ ᠪᠦᠭᠦ ᠲᠠᠯ᠎ᠠ ᠪᠠᠷ ᠰᠢᠰᠲ᠋ᠧᠮ ᠲᠠᠢ ᠵᠢᠷᠤᠮᠵᠢᠭᠤᠯᠪᠠ᠃    ︽ᠰᠠᠨᠠᠯ︾ ᠳᠤ᠂ ᠵᠣᠭᠤᠰ ᠢᠶᠠᠷ ᠲᠣᠷᠭᠠᠬᠤ ᠶᠢ ᠲᠣᠭᠲᠠᠭᠠᠬᠤ ᠡᠷᠬᠡ ᠶᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠬᠠᠤᠯᠢ ᠲᠣᠭᠲᠠᠭᠠᠬᠤ ᠳᠠᠭᠠᠨ ᠵᠣᠭᠤᠰ ᠢᠶᠠᠷ ᠲᠣᠷᠭᠠᠬᠤ ᠶᠢ ᠲᠣᠭᠲᠠᠭᠠᠬᠤ ᠡᠷᠬᠡ ᠶᠢᠨ ᠬᠢᠵᠠᠭᠠᠷ ᠢ ᠴᠢᠩᠭ᠎ᠠ ᠰᠠᠬᠢᠵᠤ᠂ ᠠᠯᠳᠠᠭ᠎ᠠ ᠪᠤᠷᠤᠭᠤ ᠪᠠ ᠲᠣᠷᠭᠠᠭᠤᠯᠢ ᠶᠢ ᠲᠡᠩᠴᠡᠭᠦᠦ ᠪᠠᠶᠢᠯᠭᠠᠬᠤ ᠵᠠᠷᠴᠢᠮ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠲᠣᠷᠭᠠᠭᠤᠯᠢ ᠵᠣᠭᠤᠰ ᠢ ᠰᠢᠨ᠎ᠡ ᠪᠠᠷ ᠭᠠᠷᠭᠠᠬᠤ ᠪᠠ ᠲᠣᠷᠭᠠᠭᠤᠯᠢ ᠵᠣᠭᠤᠰ ᠤᠨ ᠲᠤᠭ᠎ᠠ ᠶᠢ ᠲᠣᠭᠲᠠᠭᠠᠬᠤ ᠳᠠᠭᠠᠨ ᠠᠭᠤᠴᠢᠯᠠᠬᠤ ᠶᠣᠰᠣᠲᠠᠢ ᠶᠢ ᠨᠢ ᠠᠭᠤᠴᠢᠯᠠᠵᠤ᠂ ᠴᠢᠩᠭ᠎ᠠ ᠪᠠᠶᠢᠯᠭᠠᠬᠤ ᠶᠣᠰᠣᠲᠠᠢ ᠶᠢ ᠨᠢ ᠴᠢᠩᠭ᠎ᠠ ᠪᠠᠶᠢᠯᠭᠠᠵᠤ᠂ ᠲᠡᠩᠴᠡᠭᠦᠷᠢ ᠠᠯᠳᠠᠬᠤ ᠠᠴᠠ ᠵᠠᠶᠢᠯᠠᠰᠬᠢᠬᠦ ᠭᠡᠷᠡᠭᠲᠡᠢ᠃ ᠰᠤᠷᠭᠠᠨ ᠬᠥᠮᠥᠵᠢᠭᠦᠯᠵᠦ ᠢᠳᠬᠠᠨ ᠰᠤᠷᠭᠠᠬᠤ᠂ ᠵᠠᠷᠯᠢᠭᠳᠠᠵᠤ ᠪᠠᠶᠢᠭᠠᠳ ᠵᠠᠯᠠᠷᠠᠭᠤᠯᠬᠤ᠂ ᠮᠡᠳᠡᠭᠡ ᠵᠠᠩᠭᠢ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠢᠶᠠᠷᠴᠤ ᠳᠡᠶᠢᠯᠪᠡᠯ᠂ ᠡᠩ ᠤᠨ ᠪᠠᠶᠢᠳᠠᠯ ᠳᠤ ᠵᠣᠭᠤᠰ ᠢᠶᠠᠷ ᠲᠣᠷᠭᠠᠬᠤ ᠶᠢ ᠲᠣᠭᠲᠠᠭᠠᠬᠤ ᠦᠭᠡᠢ᠃ ᠲᠣᠷᠭᠠᠭᠤᠯᠢ ᠵᠣᠭᠤᠰ ᠤᠨ ᠲᠤᠭ᠎ᠠ ᠶᠢ ᠵᠦᠢ ᠵᠣᠬᠢᠰᠲᠠᠢ ᠲᠣᠭᠲᠠᠭᠠᠵᠤ᠂ ᠵᠣᠬᠢᠬᠤ ᠬᠡᠮᠵᠢᠶᠡᠨ ᠤ ᠵᠣᠭᠤᠰ ᠢᠶᠠᠷ ᠲᠣᠷᠭᠠᠬᠤ ᠪᠠᠷ ᠰᠢᠢᠳᠬᠡᠬᠦ ᠦᠶ᠎ᠡ ᠳᠤ᠂ ᠲᠣᠷᠭᠠᠭᠤᠯᠢ ᠵᠣᠭᠤᠰ ᠤᠨ ᠬᠠᠮᠤᠭ ᠤᠨ ᠳᠣᠣᠷ᠎ᠠ ᠲᠤᠭ᠎ᠠ ᠪᠣᠯᠣᠨ ᠬᠠᠮᠤᠭ ᠤᠨ ᠥᠨᠳᠥᠷ ᠲᠤᠭ᠎ᠠ ᠶᠢᠨ ᠬᠤᠭᠤᠷᠣᠨᠳᠤ ᠡᠩ ᠤᠨ ᠪᠠᠶᠢᠳᠠᠯ ᠳᠤ 10 ᠳᠠᠭᠢᠨ ᠠᠴᠠ ᠬᠡᠲᠦᠷᠡᠭᠦᠯᠵᠦ ᠪᠤᠯᠬᠤ ᠦᠭᠡᠢ᠃ ᠵᠣᠭᠤᠰ ᠢᠶᠠᠷ ᠲᠣᠷᠭᠠᠬᠤ ᠲᠣᠭᠲᠠᠭᠠᠯ ᠢ ᠲᠣᠭᠲᠠᠮᠠᠯ ᠬᠤᠭᠤᠴᠠᠭ᠎ᠠ ᠲᠠᠢ ᠦᠨᠡᠯᠡᠨ ᠵᠢᠱᠢᠵᠦ ᠢᠯᠭᠠᠷᠠᠭᠤᠯᠤᠨ᠂ ᠲᠣᠭᠲᠠᠭᠠᠭᠰᠠᠨ ᠴᠠᠭ ᠨᠢ ᠨᠡᠯᠢᠶᠡᠳ ᠡᠷᠲᠡ᠂ ᠲᠣᠷᠭᠠᠭᠤᠯᠢ ᠵᠣᠭᠤᠰ ᠤᠨ ᠲᠤᠭ᠎ᠠ ᠨᠢ ᠨᠡᠯᠢᠶᠡᠳ ᠶᠡᠭᠡ᠂ ᠨᠡᠶᠢᠭᠡᠮ ᠤᠨ ᠠᠩᠬᠠᠷᠤᠯ ᠨᠡᠯᠢᠶᠡᠳ ᠥᠨᠳᠥᠷ᠂ ᠠᠵᠤ ᠠᠬᠤᠶᠢᠯᠠᠯ ᠪᠣᠯᠣᠨ ᠤᠯᠠᠨ ᠲᠦᠮᠡᠨ ᠯᠦᠭᠡ ᠨᠢᠭᠲᠠ ᠬᠠᠷᠢᠴᠠᠭ᠎ᠠ ᠪᠦᠬᠦᠢ ᠵᠣᠭᠤᠰ ᠢᠶᠠᠷ ᠲᠣᠷᠭᠠᠬᠤ ᠲᠣᠭᠲᠠᠭᠠᠯ ᠢ ᠭᠤᠣᠯᠳᠠᠯᠭ᠎ᠠ ᠲᠠᠢ ᠦᠨᠡᠯᠡᠨ ᠵᠢᠱᠢᠨ᠎ᠡ᠃ ᠵᠣᠭᠤᠰ ᠢᠶᠠᠷ ᠲᠣᠷᠭᠠᠬᠤ ᠲᠣᠭᠲᠠᠭᠠᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠵᠤ ᠬᠦᠴᠦᠨ ᠦᠭᠡᠢ ᠪᠤᠯᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠳᠤ ᠲᠣᠭᠲᠠᠭᠠᠭᠰᠠᠨ ᠵᠣᠭᠤᠰ ᠢᠶᠠᠷ ᠲᠣᠷᠭᠠᠬᠤ ᠵᠦᠢᠯᠡᠰ ᠢ ᠬᠦᠴᠦᠨ ᠦᠭᠡᠢ ᠪᠤᠯᠭᠠᠬᠤ ᠪᠠᠷ ᠲᠣᠭᠲᠠᠭᠠᠭᠰᠠᠨ ᠪᠠᠶᠢᠪᠠᠯ᠂ ᠲᠣᠭᠲᠠᠭᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠳᠠᠬᠢ ᠵᠣᠭᠤᠰ ᠢᠶᠠᠷ ᠲᠣᠷᠭᠠᠬᠤ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠯᠡᠬᠦ ᠶᠢ ᠲᠦᠷ ᠵᠣᠭᠰᠤᠭᠠᠬᠤ ᠬᠡᠷᠡᠭᠲᠡᠢ ᠭᠡᠵᠦ ᠳᠤᠷᠠᠳᠪᠠ᠃    ︽ᠰᠠᠨᠠᠯ︾ ᠳᠤ᠂ ᠵᠣᠭᠤᠰ ᠢᠶᠠᠷ ᠲᠣᠷᠭᠠᠬᠤ ᠶᠢ ᠬᠡᠷᠡᠭᠵᠢᠭᠦᠯᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠢ᠃ ᠶᠠᠮᠠᠷᠪᠠ ᠵᠠᠰᠠᠭ ᠵᠠᠬᠢᠷᠭᠠᠨ ᠤ ᠪᠠᠶᠢᠭᠤᠯᠭ᠎ᠠ ᠴᠥᠮ ᠬᠠᠮᠤᠭ ᠥᠨᠳᠥᠷ ᠬᠡᠮᠵᠢᠶᠡᠨ ᠤ ᠵᠣᠭᠤᠰ ᠢᠶᠠᠷ ᠲᠣᠷᠭᠠᠬᠤ ᠪᠤᠶᠤ ᠶᠡᠭᠡ ᠲᠣᠭᠠᠨ ᠤ ᠵᠣᠭᠤᠰ ᠢᠶᠠᠷ ᠲᠣᠷᠭᠠᠵᠤ ᠪᠤᠯᠬᠤ ᠦᠭᠡᠢ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠳᠤᠷ᠎ᠠ ᠪᠠᠷ ᠢᠶᠠᠨ ᠪᠠᠭᠤᠷᠠᠭᠤᠯᠵᠤ ᠪᠤᠯᠬᠤ ᠦᠭᠡᠢ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠤᠯᠬᠤ ᠦᠭᠡᠢ᠃ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢᠨ ᠲᠣᠭᠲᠠᠭᠠᠯ ᠳᠤ ᠨᠡᠶᠢᠴᠡᠭᠰᠡᠨ ᠬᠥᠩᠭᠡᠨ ᠢᠶᠠᠷ᠂ ᠬᠥᠩᠭᠡᠷᠡᠭᠦᠯᠬᠦ᠂ ᠥᠯᠥ ᠰᠢᠢᠳᠬᠡᠬᠦ᠂ ᠥᠯᠥ ᠰᠢᠢᠳᠬᠡᠵᠦ ᠪᠤᠯᠬᠤ ᠪᠠᠶᠢᠳᠠᠯ ᠲᠠᠢ ᠪᠣᠯ᠂ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠬᠡᠷᠡᠭᠯᠡᠨ ᠬᠠᠤᠯᠢ ᠶᠣᠰᠣᠭᠠᠷ ᠵᠣᠬᠢᠴᠠᠩᠭᠤᠢ ᠰᠢᠢᠳᠪᠦᠷᠢᠯᠡᠬᠦ ᠬᠡᠷᠡᠭᠲᠡᠢ᠃ ᠵᠣᠭᠤᠰ ᠢᠶᠠᠷ ᠲᠣᠷᠭᠠᠬᠤ ᠵᠡᠷᠭᠡ ᠰᠢᠢᠳᠬᠡᠯ ᠲᠣᠷᠭᠠᠭᠤᠯᠢ ᠶᠢᠨ ᠨᠠᠷᠢᠨ ᠲᠠᠩᠰᠠ ᠶᠢ ᠲᠣᠭᠲᠠᠭᠠᠬᠤ ᠪᠤᠶᠤ ᠵᠣᠭᠤᠰ ᠢᠶᠠᠷ ᠲᠣᠷᠭᠠᠬᠤ ᠶᠢ ᠬᠡᠷᠡᠭᠵᠢᠭᠦᠯᠬᠦ ᠦᠶ᠎ᠡ ᠳᠤ᠂ ᠠᠯᠳᠠᠭ᠎ᠠ ᠪᠤᠷᠤᠭᠤ ᠪᠠ ᠲᠣᠷᠭᠠᠭᠤᠯᠢ ᠨᠢ ᠲᠡᠩᠴᠡᠭᠦᠷᠢᠲᠡᠢ ᠪᠠᠶᠢᠬᠤ᠂ ᠬᠠᠤᠯᠢ ᠵᠦᠢ ᠨᠢ ᠠᠭᠤᠰᠤᠯᠴᠠᠭᠰᠠᠨ ᠪᠠᠶᠢᠬᠤ ᠶᠢ ᠪᠠᠲᠤᠯᠠᠬᠤ ᠬᠡᠷᠡᠭᠲᠡᠢ᠃ ᠰᠢᠢᠳᠬᠡᠨ ᠲᠣᠷᠭᠠᠬᠤ ᠪᠠ ᠰᠤᠷᠭᠠᠨ ᠬᠥᠮᠥᠵᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ ᠲᠤᠬᠠᠢ ᠶᠢᠨ ᠲᠠᠯᠠᠪᠠᠶ ᠶᠢᠨ ᠪᠤᠰᠤ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠵᠢᠷᠤᠮᠵᠢᠭᠤᠯᠵᠤ᠂ 2024 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ ᠶᠢᠨ ᠠᠷᠠᠳ ᠤᠨ ᠵᠠᠰᠠᠭ ︵ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ︶ ᠨᠢ ᠬᠠᠤᠯᠢ ᠬᠡᠷᠡᠭᠵᠢᠭᠦᠯᠬᠦ ᠲᠥᠷᠥᠯ ᠤᠨ ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠢᠯᠭᠠᠷᠠᠭᠤᠯᠬᠤ ᠪᠠ ᠵᠢᠷᠤᠮᠵᠢᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃    ︽ᠰᠠᠨᠠᠯ︾ ᠳᠤ᠂ ᠵᠣᠭᠤᠰ ᠢᠶᠠᠷ ᠲᠣᠷᠭᠠᠬᠤ ᠳᠤ ᠬᠢᠨᠠᠯᠲᠠ ᠳᠠᠯᠪᠢᠬᠤ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠢ ᠥᠷᠨᠢᠭᠦᠯᠵᠦ᠂ ᠨᠡᠶᠢᠭᠡᠮ ᠤᠨ ᠠᠩᠬᠠᠷᠤᠯ ᠤᠨ ᠬᠡᠮᠵᠢᠶ᠎ᠡ  ᠨᠢ ᠨᠡᠯᠢᠶᠡᠳ ᠥᠨᠳᠥᠷ᠂ ᠵᠠᠭᠠᠯᠳᠤᠵᠤ ᠢᠯᠡᠴᠢᠯᠡᠨ ᠮᠡᠳᠡᠭᠦᠯᠬᠦ ᠨᠢ ᠲᠥᠪᠯᠡᠷᠡᠩᠭᠦᠢ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠪᠠᠶᠢᠨ ᠳᠠᠭᠢᠨ ᠡᠭᠦᠰᠬᠦ ᠵᠡᠷᠭᠡ ᠵᠣᠭᠤᠰ ᠢᠶᠠᠷ ᠲᠣᠷᠭᠠᠬᠤ ᠵᠦᠢᠯᠡᠰ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠬᠦ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠣᠨᠴᠠᠭᠠᠢ ᠬᠡᠷᠡᠭ ᠢ ᠰᠢᠢᠳᠪᠦᠷᠢᠯᠡᠬᠦ ᠠᠴᠠ ᠳᠤᠰ ᠲᠦᠷᠦᠯ ᠤᠨ ᠬᠡᠷᠡᠭ ᠤᠨ ᠬᠠᠮᠢᠶᠠᠷᠤᠯᠲᠠ ᠭᠦᠷᠲᠡᠯ᠎ᠡ ᠲᠠᠭᠢᠨ ᠰᠢᠰᠲ᠋ᠧᠮ ᠲᠠᠢ ᠵᠠᠰᠠᠬᠤ ᠶᠢ ᠠᠬᠢᠭᠤᠯᠵᠤ᠂ ︽ᠨᠢᠭᠡ ᠬᠡᠷᠡᠭ ᠢ ᠰᠢᠢᠳᠪᠦᠷᠢᠯᠡᠬᠦ᠂ ᠨᠢᠭᠡ ᠲᠦᠷᠦᠯ ᠤᠨ ᠬᠡᠷᠡᠭ ᠢ ᠵᠠᠰᠠᠵᠤ᠂ ᠨᠢᠭᠡ ᠬᠦᠷᠢᠶ᠎ᠡ ᠴᠠᠷᠠᠭ᠎ᠠ ᠶᠢ ᠨᠥᠯᠥᠭᠡᠯᠡᠬᠦ︾ ᠶᠢ ᠪᠡᠶᠡᠯᠡᠭᠦᠯᠬᠦ ᠬᠡᠷᠡᠭᠲᠡᠢ᠃ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠳᠤ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠵᠤ᠂ ᠲᠣᠷᠭᠠᠭᠤᠯᠢ ᠵᠣᠭᠤᠰᠤᠨ ᠤ ᠣᠷᠣᠯᠭ᠎ᠠ ᠶᠢᠨ ᠵᠦᠢ ᠵᠣᠬᠢᠰ ᠦᠭᠡᠢ ᠨᠡᠮᠡᠭᠳᠡᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠲᠣᠷᠭᠠᠭᠤᠯᠢ ᠵᠣᠭᠤᠰᠤᠨ ᠤ ᠣᠷᠣᠯᠭ᠎ᠠ ᠶᠢᠨ ᠬᠡᠪ ᠤᠨ ᠪᠤᠰᠤ ᠬᠤᠪᠢᠷᠠᠯᠲᠠ ᠳᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠠᠳᠠᠯᠢ ᠨᠢᠭᠡᠨ ᠭᠠᠵᠠᠷ ᠣᠷᠣᠨ᠂ ᠠᠳᠠᠯᠢ ᠨᠢᠭᠡᠨ ᠰᠠᠯᠠᠭ᠎ᠠ ᠮᠥᠴᠢᠷ ᠤᠨ ᠲᠣᠷᠭᠠᠭᠤᠯᠢ ᠵᠣᠭᠤᠰᠤᠨ ᠤ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ ᠬᠡᠪ ᠤᠨ ᠪᠤᠰᠤ ᠳᠡᠭᠡᠭᠰᠢᠯᠡᠭᠰᠡᠨ ᠪᠠᠶᠢᠪᠠᠯ᠂ ᠴᠢᠬᠤᠯᠠᠲᠠᠢ ᠦᠶ᠎ᠡ ᠳᠤ ᠪᠣᠳᠠᠲᠠᠢ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠬᠢᠨᠠᠯᠲᠠ ᠲᠠᠯᠪᠢᠬᠤ ᠬᠠᠮᠲᠤᠷᠠᠯ ᠬᠦᠴᠦᠨ ᠢ ᠭᠦᠢᠴᠡᠳ ᠪᠠᠳᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠳᠦᠷᠢᠮ ᠲᠣᠭᠲᠠᠭᠠᠯ ᠢ ᠳᠠᠩᠰᠠᠯᠠᠵᠤ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠭᠢᠨ ᠵᠥᠪᠯᠡᠬᠦ ᠵᠡᠷᠭᠡ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ ᠭᠡᠵᠦ ᠱᠠᠭᠠᠷᠳᠠᠪᠠ᠃    ︽ᠰᠠᠨᠠᠯ︾ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠵᠣᠭᠤᠰ ᠢᠶᠠᠷ ᠲᠣᠷᠭᠠᠬᠤ ᠲᠣᠭᠲᠠᠭᠠᠯᠲᠠ ᠬᠢᠭᠡᠳ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠶᠢ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠭᠦ᠂ ᠣᠯᠠᠨ ᠨᠡᠶᠢᠲᠡ ᠶᠢᠨ ᠠᠰᠢᠭ ᠲᠤᠰᠠ ᠪᠠ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠬᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠭᠠᠷᠳᠠᠴᠠ ᠪᠤᠯᠭᠠᠵᠤ᠂ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠵᠡᠷᠭᠡ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃ ᠬᠠᠤᠯᠢ ᠴᠠᠭᠠᠵᠠ ᠶᠢᠨ ᠶᠠᠮᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠰᠢᠢᠳᠬᠡᠯ ᠤᠨ ᠳᠦᠷᠢᠮ ᠢ ᠲᠡᠭᠦᠯᠳᠡᠷᠵᠢᠭᠦᠯᠬᠦ ᠶᠢ ᠵᠣᠬᠢᠶᠠᠨ ᠪᠠᠶᠢᠭᠤᠯᠤᠨ ᠠᠬᠢᠭᠤᠯᠵᠤ᠂ ᠬᠤᠯᠪᠣᠭᠳᠠᠯ ᠪᠦᠬᠦᠢ ᠲᠠᠶᠢᠯᠪᠤᠷᠢᠯᠠᠯᠲᠠ ᠬᠢᠵᠦ ᠬᠠᠷᠢᠭᠤᠯᠲᠠ ᠥᠭᠬᠦ ᠠᠵᠢᠯ ᠢ ᠰᠠᠶᠢᠲᠤᠷ ᠬᠢᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠬᠤ ᠶᠢ ᠵᠢᠯᠤᠭᠤᠳᠴᠤ ᠬᠢᠨᠠᠯᠲᠠ ᠳᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号