ᠬᠤᠸᠠᠩ ᠶᠠ ᠯᠢ᠂ ᠪᠠᠢ ᠬᠠᠢ ᠯᠢᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠬᠠᠢ ᠹᠧᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠬᠠᠶ ᠹᠧᠩ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠴᠢᠨᠠᠭᠰᠢᠳᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠶᠠᠷᠢᠯᠴᠠᠪᠡ᠃
      ᠬᠤᠸᠠᠩ ᠶᠠ ᠯᠢ ᠵᠠᠩ ᠬᠠᠢ ᠹᠧᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠨᠢᠳᠤᠨᠤᠨ ᠠᠴᠠ ᠨᠠᠰᠢ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠬᠦᠷᠢᠶᠡᠨ ᠳᠤ ᠨᠢᠭᠡᠨᠲᠡ ᠰᠠᠶᠢᠨ ᠰᠠᠶᠢᠬᠠᠨ ᠬᠠᠮᠲᠤᠷᠠᠯᠴᠠᠭ᠎ᠠ ᠶᠢ ᠪᠡᠶᠡᠯᠡᠭᠦᠯᠪᠡ᠂ ᠣᠳᠣᠬᠠᠨ ᠳᠤ ᠬᠠᠮᠤᠭ ᠤᠨ ᠴᠢᠬᠤᠯᠠ ᠨᠢ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠠᠪᠤᠳᠠᠯ ᠪᠣᠯᠤᠨ᠎ᠠ᠃ ᠬᠤᠶᠠᠷ ᠲᠠᠯ᠎ᠠ ᠪᠠᠷ ᠢᠶᠠᠨ ᠪᠠᠶᠢᠩᠭᠤᠵᠢᠭᠰᠠᠨ ᠤᠯᠤᠯᠴᠠᠭ᠎ᠠ ᠪᠠᠨ ᠴᠢᠩᠭᠠᠳᠬᠠᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ︽ᠠᠯᠠᠱᠠ ᠶᠢᠨ ᠴᠠᠬᠢᠯᠭᠠᠨ ᠢ ᠣᠯᠠᠭᠠᠨᠴᠠᠪ ᠲᠤ ᠣᠷᠣᠭᠤᠯᠬᠤ︾ ᠵᠡᠷᠭᠡ ᠲᠦᠷᠦᠯ ᠵᠦᠢᠯ ᠤᠨ ᠲᠦᠷᠭᠡᠨ ᠬᠡᠷᠡᠭᠵᠢᠭᠦᠯᠦᠯᠲᠡ ᠶᠢ ᠬᠠᠮᠲᠤᠪᠠᠷ ᠠᠬᠢᠭᠤᠯᠵᠤ᠂ ᠵᠠᠮ ᠱᠤᠭᠤᠮ ᠤᠨ ᠪᠦᠳᠦᠭᠡᠨ ᠪᠠᠶᠢᠭᠤᠯᠤᠯᠲᠠ᠂ ᠴᠡᠪᠡᠷ ᠴᠠᠬᠢᠯᠭᠠᠨ ᠢ ᠪᠠᠭᠲᠠᠭᠠᠨ ᠰᠢᠩᠭᠡᠭᠡᠬᠦ᠂ ᠴᠡᠪᠡᠷ ᠡᠨᠧᠷᠭᠢ ᠪᠠᠷ ᠣᠷᠣᠯᠠᠭᠤᠯᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠶᠢ ᠬᠠᠮᠲᠤᠪᠠᠷ ᠠᠬᠢᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠤᠬᠰᠠᠨ ᠢᠨᠵᠧᠨᠧᠷᠢᠩ᠂ ᠨᠡᠭᠦᠷᠡᠰᠦᠨ ᠤ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠵᠡᠷᠭᠡ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠶᠢ ᠬᠦᠰᠡᠵᠦ ᠪᠠᠶᠢᠨ᠎ᠠ ᠭᠡᠪᠠ᠃
     ᠪᠠᠢ ᠬᠠᠢ ᠯᠢᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠠᠯᠠᠱᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠶᠠᠷ ᠲᠠᠯ᠎ᠠ ᠪᠠᠷ ᠢᠶᠠᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠣᠯᠤᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠰᠢᠨ᠎ᠡ ᠡᠨᠧᠷᠭᠢ ᠶᠢᠨ ᠲᠤᠮᠤ ᠰᠠᠭᠤᠷᠢᠨ ᠢ ᠪᠦᠳᠦᠭᠡᠨ ᠪᠠᠶᠢᠭᠤᠯᠬᠤ᠂ ᠴᠡᠪᠡᠷ ᠡᠨᠧᠷᠭᠢ ᠶᠢ ᠰᠢᠩᠭᠡᠭᠡᠨ ᠠᠪᠬᠤ᠂ ᠨᠡᠭᠦᠷᠡᠰᠦ ᠴᠠᠬᠢᠯᠭᠠᠨ ᠤ ᠤᠷᠬᠢᠯ ᠢ ᠲᠣᠬᠢᠷᠠᠭᠤᠯᠬᠤ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠨᠡᠩ ᠤᠯᠠᠨ ᠴᠢᠨᠠᠷ ᠰᠠᠶᠢᠲᠠᠢ ᠲᠦᠷᠦᠯ ᠵᠦᠢᠯ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠠᠯᠠᠱᠠ ᠭᠠᠵᠠᠷ ᠰᠢᠷᠣᠢ᠂ ᠰᠠᠯᠬᠢ ᠭᠡᠷᠡᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠢᠳᠡᠪᠬᠢᠲᠡᠢ ᠪᠠᠷ ᠠᠵᠢᠯᠯᠠᠵᠤ᠂ ᠴᠢᠳᠠᠯ ᠤᠨ ᠬᠢᠷᠢ ᠪᠠᠷ ᠢᠶᠠᠨ ᠬᠠᠮᠤᠭ ᠤᠨ ᠰᠢᠯᠢᠳᠡᠭ ᠦᠢᠯᠡᠴᠢᠯᠡᠭᠡ ᠪᠠᠲᠤᠯᠠᠭ᠎ᠠ ᠬᠠᠩᠭᠠᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ ᠪᠠᠶᠢᠭᠤᠯᠵᠤ ᠳᠠᠭᠤᠰᠬᠠᠬᠤ᠂ ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃      ᠵᠠᠩ ᠬᠠᠢ ᠹᠧᠩ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠠᠵᠤ ᠦᠢᠯᠡᠰ ᠤᠨ ᠪᠠᠶᠢᠷᠢᠰᠢᠭᠤᠯᠤᠯᠲᠠ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠪᠠ᠂ ᠲᠡᠷᠡ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠨ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠤᠯᠠᠨ ᠬᠠᠮᠲᠤᠷᠠᠯᠴᠠᠭᠠᠨ ᠤ ᠬᠦᠷᠢᠶ᠎ᠡ ᠶᠢ ᠥᠷᠭᠡᠳᠬᠡᠵᠦ᠂ ᠲᠦᠷᠦᠯ ᠵᠦᠢᠯ ᠢ ᠬᠦᠴᠦᠯᠡᠨ ᠠᠬᠢᠭᠤᠯᠵᠤ᠂ ᠠᠬᠢᠴᠠ ᠶᠢ ᠲᠦᠷᠭᠡᠳᠬᠡᠵᠦ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠭᠡᠷᠡᠯ ᠭᠢᠯᠪᠠᠭ᠎ᠠ ᠨᠡᠮᠡᠷᠢᠯᠡᠨ᠎ᠡ ᠭᠡᠪᠡ᠃     ᠠᠶᠢᠮᠠᠭ ᠤᠨ ᠳᠡᠳ᠋ ᠳᠠᠷᠤᠭ᠎ᠠ ᠪᠦᠦ ᠶᠧ ᠠᠭᠤᠯᠵᠠᠯᠲᠠ ᠳᠤ ᠣᠷᠣᠯᠴᠠᠪᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号