ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
    3 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠤᠬᠠᠶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃     ᠶᠠᠷᠢᠯᠴᠠᠬᠤ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢ ᠮᠡᠳᠡᠭᠳᠡᠪᠡ᠃ ᠫᠠᠨ ᠭᠠᠩ᠂ ᠵᠢᠶᠠᠩ ᠶᠦᠨ᠂ ᠯᠢ ᠸᠧᠢ᠂ ᠵᠠᠩ ᠬᠠᠢ ᠱᠧᠩ᠂ ᠦ᠋ ᠺᠦᠢ ᠱᠧᠩ᠂ ᠬᠤᠤ ᠶᠠᠨ ᠲᠤᠤ᠂ ᠶᠠᠩ ᠵᠢᠶᠠᠨ ᠯᠢᠶᠠᠩ᠂ ᠴᠧᠩ ᠰᠢᠤᠢ ᠳ᠋ᠦᠩ ᠵᠡᠷᠭᠡ ᠠᠳᠠᠯᠢ ᠪᠤᠰᠤ ᠠᠵᠢᠯ ᠲᠦᠷᠦᠯ ᠤᠨ ᠬᠦᠷᠢᠶᠡᠨ ᠤ ᠠᠵᠤ ᠠᠬᠤᠶᠢᠯᠠᠯᠲᠠᠳ ᠤᠨ 8 ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠶᠠᠷᠢᠯᠴᠠᠬᠤ ᠲᠤᠮᠳᠠ ᠰᠦᠨ ᠱᠤᠤ ᠴᠧᠩ ᠪᠣᠳᠠᠲᠠᠢ ᠨᠠᠷᠢᠨ ᠵᠦᠢᠯᠡᠰ ᠢ ᠯᠠᠪᠯᠠᠨ ᠠᠰᠠᠭᠤᠵᠤ᠂ ᠵᠠᠷᠢᠮ ᠠᠰᠠᠭᠤᠳᠠᠯ ᠤᠨ ᠲᠤᠬᠠᠢ ᠠᠵᠤ ᠠᠬᠤᠶᠢᠯᠠᠯᠲᠠᠨ ᠲᠠᠢ ᠭᠦᠨᠵᠡᠭᠡᠢ ᠶᠠᠷᠢᠯᠴᠠᠨ ᠰᠣᠯᠢᠯᠴᠠᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃     ᠰᠦᠨ ᠱᠤᠤ ᠴᠧᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡ ᠭᠠᠵᠠᠷ ᠣᠷᠣᠨ ᠤ ᠬᠥᠭᠵᠢᠯᠲᠡ ᠳᠤ ᠦᠵᠡᠭᠦᠯᠬᠦ ᠴᠢᠬᠤᠯᠠ ᠴᠢᠨᠠᠷ ᠢ ᠬᠡᠯᠡᠬᠦ ᠦᠬᠡᠢ ᠳ᠋ᠤ᠋ ᠴᠦᠮ ᠮᠡᠳᠡᠵᠤ ᠪᠠᠶᠢᠬᠤ ᠶᠤᠮ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠬᠦ ᠪᠣᠯ ᠣᠷᠣᠨ ᠨᠤᠲᠤᠭ ᠤᠨ ᠭᠦᠢᠴᠡᠳᠭᠡᠪᠡᠰᠦ ᠵᠣᠬᠢᠬᠤ ᠬᠠᠷᠢᠭᠤᠴᠠᠯᠭ᠎ᠠ ᠪᠣᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠦᠨᠡᠨ ᠬᠦ ᠥᠪᠡᠷ ᠤᠨ ᠬᠥᠮᠦᠨ ᠢᠶᠠᠨ ᠮᠡᠲᠦ ᠦᠵᠡᠵᠤ᠂ ᠲᠡᠳᠡᠨ ᠤ ᠶᠠᠪᠤᠳᠠᠯ ᠢ ᠥᠪᠡᠷ ᠤᠨ ᠬᠡᠷ ᠤᠨ ᠶᠠᠪᠤᠳᠠᠯ ᠢᠶᠠᠨ ᠪᠣᠯᠭᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠰ ᠪᠤᠰᠬᠠᠵᠤ ᠠᠵᠢᠯ ᠦᠢᠯᠡᠰ ᠢᠶᠠᠨ ᠮᠠᠨᠳᠤᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠶ᠃ ᠡᠨᠡ ᠦᠢᠯᠡᠴᠢᠯᠡᠭᠡ ᠬᠡᠰᠡᠨ ᠦᠬᠡᠢ ᠲᠡᠷᠡ ᠦᠢᠯᠡᠴᠢᠯᠡᠭᠡ ᠭᠡᠰᠡᠨ ᠦᠭᠡᠢ᠂ ᠦᠨᠡᠨ ᠪᠣᠳᠠᠲᠠᠶ ᠪᠠᠷ ᠠᠰᠠᠭᠤᠳᠠᠯ ᠢ ᠰᠢᠢᠳᠪᠦᠷᠢᠯᠡᠵᠤ ᠪᠠᠶᠢᠪᠠᠯ ᠬᠠᠮᠤᠭ ᠤᠨ ᠰᠠᠶᠢᠨ ᠦᠢᠯᠡᠴᠢᠯᠡᠭᠡ ᠶᠤᠮ᠃ ᠠᠵᠤ ᠠᠬᠤᠶᠢᠯᠠᠯ ᠤᠨ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠠ ᠠᠪᠴᠤ᠂ ᠬᠦᠴᠦᠯᠡᠨ ᠰᠢᠢᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ᠬᠢᠨ ᠠᠷᠠᠳ ᠤᠨ ᠡᠵᠡᠩᠨᠡᠯᠳᠡ ᠶᠢᠨ ᠠᠵᠤ ᠠᠬᠤᠶ ᠳᠤ ᠦᠢᠯᠡᠴᠢᠯᠡᠬᠦ ᠰᠢᠨ᠎ᠡ ᠠᠵᠢᠯ ᠤᠨ ᠲᠣᠭᠲᠡᠴᠡ ᠶᠢ ᠲᠦᠷᠭᠡᠳᠭᠡᠨ ᠪᠠᠶᠢᠭᠤᠯᠵᠤ᠂ ᠠᠳᠠᠯᠢ ᠪᠤᠰᠤ ᠱᠠᠲᠤ ᠲᠠᠰ ᠤᠨ ᠬᠠᠷᠢᠯᠴᠠᠵᠤ ᠦᠢᠯᠡᠴᠢᠯᠡᠬᠦ ᠠᠵᠤ ᠠᠬᠤᠶᠢᠯᠠᠯ ᠤᠨ ᠨᠡᠷᠡᠰ ᠢ ᠲᠣᠭᠲᠠᠭᠠᠨ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ᠂ ᠥᠨᠳᠥᠷ ᠦᠷ᠎ᠡ ᠪᠦᠲᠦᠮᠵᠢᠲᠡᠶ ᠰᠢᠯᠢᠳᠡᠭ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠶ᠃ ᠠᠷᠠᠳ ᠤᠨ ᠡᠵᠡᠩᠨᠡᠯᠳᠡ ᠶᠢᠨ ᠠᠵᠤ ᠠᠬᠤᠶ ᠶᠢᠨ ᠬᠥᠭᠵᠢᠯᠲᠡ ᠨᠢ ᠲᠥᠷᠥ ᠶᠢᠨ ᠪᠣᠳᠣᠯᠭ᠎ᠠ ᠶᠢᠨ ᠬᠦᠴᠦᠯᠡᠬᠦ ᠶᠢ ᠱᠠᠭᠠᠷᠳᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠦᠨ᠎ᠡ ᠦᠷᠳᠡᠭ ᠢᠶᠠᠷ ᠥᠨᠳᠥᠷ᠂ ᠬᠠᠨᠳᠤᠯᠭᠠᠳᠤ ᠴᠢᠨᠠᠷ ᠢᠶᠠᠷ ᠴᠢᠩᠭ᠎ᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠱᠠᠯᠠᠪᠳᠠᠨ ᠰᠤᠳᠤᠯᠤᠨ ᠨᠡᠶᠢᠲᠡᠯᠡᠵᠦ᠂ ᠠᠭᠤᠯᠭ᠎ᠠ ᠠᠷᠭ᠎ᠠ ᠬᠡᠮᠵᠢᠶ᠎ᠡ ᠶᠢᠨ ᠲᠠᠯ᠎ᠠ ᠪᠠᠷ ᠵᠣᠬᠢᠰᠲᠠᠶ ᠤᠷᠢᠳᠴᠢᠯᠠᠭᠤᠯᠵᠤ᠂ ᠪᠣᠳᠠᠲᠠᠶ ᠶᠢ ᠡᠷᠬᠢᠮᠯᠡᠭᠰᠡᠨ ᠪᠦᠭᠡᠳ ᠬᠡᠷᠡᠭᠴᠡᠭᠡ ᠲᠤᠰᠠ ᠲᠠᠢ ᠪᠠᠶᠢᠵᠤ᠂ ᠦᠨᠳᠦᠰᠦᠨ ᠱᠠᠲᠤ ᠪᠣᠯᠤᠨ ᠠᠵᠤ ᠠᠬᠤᠶᠢᠯᠠᠯ ᠤᠨ ᠬᠢᠨ ᠦᠵᠡᠮᠡᠭᠴᠡ ᠪᠠᠨ ᠤᠶᠢᠯᠠᠭᠠᠵᠤ ᠲᠡᠶᠢᠯᠬᠦ᠂ ᠤᠯᠤᠮᠬᠠᠴᠠ ᠪᠠᠨ ᠬᠡᠷᠡᠭᠯᠡᠵᠤ ᠪᠤᠯᠬᠤ ᠶᠢ ᠪᠡᠶᠡᠯᠡᠬᠦᠯᠬᠦ ᠬᠡᠷᠡᠭᠳᠠᠢ᠃ ᠡᠯ᠎ᠡ ᠱᠠᠲᠤᠨ ᠤ ᠬᠢᠨ ᠨᠢᠭᠡ ᠨᠢᠭᠡ ᠪᠣᠳᠠᠲᠠᠢ ᠶᠠᠪᠤᠳᠠᠯ ᠢ ᠰᠠᠶᠢᠲᠤᠷ ᠬᠢᠬᠦ ᠠᠴᠠ ᠡᠬᠢᠯᠡᠨ ᠠᠳᠬᠤᠵᠤ᠂ ᠪᠦᠬᠦ ᠨᠡᠶᠢᠭᠡᠮ ᠳᠤ ᠬᠤᠳᠠᠯᠳᠤᠭᠠᠴᠢᠨ ᠢ ᠬᠦᠨᠳᠦᠳᠭᠡᠵᠦ ᠬᠤᠳᠠᠯᠳᠤᠭᠠᠴᠢᠨ ᠢ ᠴᠢᠬᠤᠯᠠᠴᠢᠯᠠᠵᠤ ᠬᠤᠳᠠᠯᠳᠤᠭᠠᠴᠢᠨ ᠢ ᠠᠮᠤᠷᠵᠢᠭᠤᠯᠵᠤ ᠬᠤᠳᠠᠯᠳᠤᠭᠠᠴᠢᠨ ᠢ ᠳᠣᠲᠣᠨᠣᠴᠢᠯᠠᠬᠤ ᠬᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃     ᠰᠦᠨ ᠱᠤᠤ ᠴᠧᠩ ᠪᠠᠰᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠤᠪᠢ ᠨᠡᠮᠡᠷᠢ ᠦᠵᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠠᠷᠭ᠎ᠠ ᠤᠬᠠᠭᠠᠨ ᠳᠡᠪᠰᠢᠭᠦᠯᠬᠦ ᠲᠤᠬᠠᠢ ᠬᠦᠰᠡᠯ ᠡᠷᠡᠮᠡᠯᠵᠡᠯ ᠳᠤᠷᠠᠳᠪᠠ᠃ ᠲᠡᠷᠡ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠥᠪᠥᠷ ᠮᠣᠩᠭᠤᠯ ᠵᠢᠳᠬᠦᠯ ᠴᠢᠷᠮᠠᠶᠢᠯᠭ᠎ᠠ ᠭᠠᠷᠭᠠᠬᠤ ᠪᠠᠷ ᠪᠠᠷᠠᠬᠤ ᠦᠭᠡᠢ ᠪᠠᠰᠠ ᠶᠡᠭᠡ ᠠᠮᠵᠢᠯᠳᠠ ᠪᠦᠳᠦᠮᠵᠢ ᠶᠢ ᠪᠦᠳᠦᠬᠡᠵᠤ ᠪᠤᠯᠤᠨ᠎ᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢᠲᠡᠭᠡᠯ ᠵᠣᠷᠢᠭ ᠢᠶᠠᠨ ᠬᠥᠪᠴᠢᠯᠡᠵᠦ᠂ ᠮᠡᠷᠭᠡᠵᠢᠯ᠂ ᠡᠵᠡᠩᠨᠡᠯᠲᠡ ᠶᠢᠨ ᠬᠡᠯᠪᠡᠷᠢ᠂ ᠬᠠᠮᠢᠶᠠᠷᠤᠯᠲᠠ᠂ ᠲᠦᠷᠢᠮ ᠵᠡᠷᠭᠡ ᠡᠯ᠎ᠡ ᠲᠠᠯ᠎ᠠ ᠪᠠᠷ ᠰᠢᠨ᠎ᠡ ᠶᠢ ᠡᠭᠦᠳᠬᠦ ᠶᠢ ᠵᠣᠷᠢᠭᠲᠠᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠢᠳᠡᠪᠬᠢᠲᠡᠢ ᠣᠷᠣᠯᠴᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠡᠷᠬᠢᠯᠳᠡᠳᠤ ᠬᠥᠭᠵᠢᠯᠲᠡ ᠶᠢ ᠲᠦᠷᠭᠡᠳᠭᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠰᠠᠶᠢᠨ ᠪᠣᠯᠪᠠᠯ ᠥᠪᠥᠷ ᠮᠣᠩᠭᠤᠯ ᠰᠠᠶ᠋ᠢ ᠰᠠᠶᠢᠨ ᠪᠣᠯᠵᠣ᠂ ᠥᠪᠥᠷ ᠮᠣᠩᠭᠤᠯ ᠰᠠᠶᠢᠨ ᠪᠣᠯᠪᠠᠯ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠨᠠᠩ ᠰᠠᠶᠢᠨ ᠪᠣᠯᠤᠨ᠎ᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠲᠤᠰ ᠲᠤᠰ ᠤᠨ ᠠᠵᠤ ᠠᠬᠤᠶᠢᠯᠠᠯ ᠬᠢᠭᠡᠳ ᠣᠷᠣᠨ ᠨᠤᠲᠤᠭ ᠤᠨ ᠠᠵᠤ ᠠᠬᠤᠢ ᠯᠤᠭ᠎ᠠ ᠠᠶᠢᠵᠠᠮ ᠨᠢᠬᠡᠳᠡᠢ ᠠᠯᠬᠤᠭ᠎ᠠ ᠠᠳᠠᠯᠢ ᠪᠠᠶᠢᠬᠤ᠂ ᠬᠠᠷᠢᠯᠴᠠᠨ ᠠᠬᠢᠭᠤᠯᠤᠨ ᠬᠦᠭᠵᠢᠬᠦ ᠲᠠᠯ᠎ᠠ ᠠᠴᠠ ᠪᠣᠳᠣᠯᠬᠢᠯᠠᠵᠤ᠂ ᠪᠠᠶᠢᠳᠠᠯ ᠪᠣᠯᠤᠨ ᠠᠰᠠᠭᠤᠳᠠᠯ ᠢ ᠢᠳᠡᠪᠬᠢᠲᠡᠢ ᠲᠤᠰᠬᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ ᠭᠠᠷᠭᠠᠨ ᠦᠭᠴᠤ᠂ ᠪᠢᠳᠡ ᠬᠠᠮᠲᠤ ᠪᠠᠷ ᠴᠢᠷᠮᠠᠶᠢᠵᠤ ᠥᠪᠥᠷ ᠮᠣᠩᠭᠤᠯ ᠤᠨ ᠶᠠᠪᠤᠳᠠᠯ ᠢ ᠨᠡᠩ ᠰᠠᠶᠢᠳᠤᠷ ᠬᠢᠵᠡᠭᠡᠶ᠎ᠡ ᠭᠡᠵᠠᠢ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠢᠦᠶ ᠯᠢ ᠰᠢᠨ ᠬᠤᠷᠠᠯ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号