ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠠᠱᠠ ᠠᠶᠢᠮᠠᠭ ᠤᠨ ᠠᠵᠢᠯ ᠤᠨ ᠵᠥᠪᠯᠡᠯ ᠤᠨ ᠭᠤᠷᠪᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/10
     4 ᠰᠠᠷ᠎ᠠ ᠶᠢᠨ 8 ᠠᠴᠠ 9 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠠᠱᠠ ᠠᠶᠢᠮᠠᠭ ᠤᠨ ᠠᠵᠢᠯ ᠤᠨ ᠵᠥᠪᠯᠡᠯ ᠤᠨ ᠭᠤᠷᠪᠠᠳᠤᠭᠠᠷ ᠬᠤᠷᠠᠯ ᠬᠤᠷᠠᠯᠳᠤᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ ᠬᠤᠷᠠᠯ ᠢ ᠡᠷᠬᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠠᠶᠢᠮᠠᠭ ᠤᠨ ᠵᠠᠬᠢᠷᠭ᠎ᠠ ᠶᠢᠨ ᠠᠵᠢᠯ ᠤᠨ ᠮᠡᠳᠡᠭᠦᠯᠦᠯᠲᠡ ᠬᠢᠪᠡ︔ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠬᠠᠶ ᠢᠦᠶ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠠᠭᠤᠯᠠ ᠂ ᠴᠧᠨ ᠸᠧᠨ ᠪᠢᠨ᠂ ᠵᠠᠩ ᠬᠤ᠋ ᠸᠧᠨ᠂ ᠪᠠᠬᠢ᠂ ᠸᠧᠶ ᠴᠢᠶᠣᠤ ᠯᠢᠩ᠂ ᠨᠠᠷᠢᠨ ᠪᠢᠴᠢᠭ ᠤᠨ ᠳᠠᠷᠤᠭ᠎ᠠ ᠵᠢᠴᠢ ᠡᠯ᠎ᠡ ᠭᠡᠰᠢᠬᠦᠨ ᠬᠤᠷᠠᠯ ᠳᠤ ᠣᠷᠣᠯᠴᠠᠵᠠᠶ᠃
1.jpg
     ᠬᠤᠷᠠᠯ ᠳᠤ ︽ᠨᠢᠭᠡ ᠵᠠᠬᠢᠷᠭ᠎ᠠ ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ᠂ ᠠᠶᠢᠮᠠᠭ ᠤᠨ ᠵᠠᠬᠢᠷᠭ᠎ᠠ ᠶᠢᠨ ︽ᠪᠥᠬᠦ ᠠᠶᠢᠮᠠᠭ ᠤᠨ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶︾᠂ ︽2023 ᠣᠨ ᠤ ᠪᠥᠬᠦ ᠠᠶᠢᠮᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2023 ᠣᠨ ᠤ ᠠᠶᠢᠮᠠᠭ ᠤᠨ ᠱᠠᠲᠤᠨ ᠤ ᠲᠥᠰᠦᠪ ︵ᠲᠥᠰᠦᠯ︶︾᠂ 2023 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠂ 2023 ᠣᠨ ᠤ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠵᠡᠷᠭᠡ ᠮᠡᠳᠡᠭᠦᠯᠦᠯᠲᠡ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠥᠪᠯᠡᠯ ᠤᠨ 2024 ᠣᠨ ᠤ ᠠᠵᠢᠯ ᠤᠨ ᠭᠤᠤᠯᠳᠠᠯᠭ᠎ᠠ ᠶᠢ ᠰᠣᠨᠣᠰᠴᠤ ᠬᠢᠨᠠᠨ ᠵᠥᠪᠯᠡᠪᠡ᠃
2.jpg
     ᠬᠤᠷᠠᠯ ᠠᠴᠠ᠂ ᠪᠦᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠦᠷᠢᠯᠳᠦᠬᠦᠨ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠵᠤ᠂ ᠲᠠᠪᠤᠨ ᠶᠡᠭᠡ ᠰᠠᠭᠤᠷᠢᠨ ᠢ ᠪᠠᠶᠢᠭᠤᠯᠤᠨ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ ︾ ᠬᠠᠷᠠᠯᠲᠠ ᠳᠤ ᠴᠢᠭᠯᠡᠭᠦᠯᠦᠨ᠂ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢ ᠥᠷᠭᠡᠨ ᠢᠶᠠᠷ ᠥᠷᠨᠢᠭᠦᠯᠵᠦ᠂ ᠢᠳᠡᠪᠬᠢᠲᠡᠶ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠶᠢᠮᠠᠭ ᠤᠨ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠪᠠᠲᠤ ᠪᠠᠬᠢ ᠨᠠᠶᠢᠳᠠᠪᠤᠷᠢᠲᠠᠶ ᠦᠨᠳᠦᠰᠦᠯᠡᠯ ᠬᠠᠩᠭᠠᠬᠤ ᠬᠡᠷᠡᠭᠲᠡᠶ᠃ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠬᠠᠤᠯᠢ ᠶᠣᠰᠣᠭᠠᠷ ᠭᠦᠢᠴᠡᠳᠬᠡᠵᠦ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠪᠠᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠢ ᠦᠨᠡᠨ ᠬᠦ ᠬᠠᠪᠰᠤᠷᠤᠨ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠢ ᠬᠢᠵᠦ᠂ ᠬᠦᠴᠢᠷ ᠶᠠᠪᠤᠳᠠᠯ ᠢ ᠵᠣᠬᠢᠰᠲᠠᠢ ᠬᠢᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠰᠦᠷᠦᠨ ᠤᠷᠤᠭᠰᠢᠯᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃
3.jpg
     ᠬᠤᠷᠠᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠳᠣᠲᠣᠭᠠᠳᠤ ᠪᠠᠶᠢᠭᠤᠯᠤᠮᠵᠢ ᠶᠢᠨ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠨᠡᠶᠢᠲᠡᠯᠡᠭᠰᠡᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠤᠨ ᠪᠠ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠂ ᠠᠯᠠᠱᠠ ᠵᠡᠭᠦᠨ ᠬᠤᠰᠢᠭᠤᠨ ᠤ ᠬᠡᠰᠡᠭ ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ ᠬᠤᠷᠠᠯ ᠤᠨ ᠬᠤᠭᠤᠴᠠᠭᠠᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠠᠱᠠ ᠠᠶᠢᠮᠠᠭ ᠤᠨ ᠠᠵᠢᠯ ᠤᠨ ᠵᠦᠪᠯᠡᠯ ᠤᠨ ᠭᠡᠰᠢᠭᠦᠳ 2024 ᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号