ᠮᠠᠨ ᠤ ᠤᠷᠤᠨ ︽ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠠᠢ
ᠨᠡᠶᠢᠲᠡᠯᠡᠭᠰᠡᠨ ᠴᠠᠭ᠄
2024/4/10
    ᠣᠶᠢᠷ᠎ᠠ ᠳᠤ᠂ ᠦᠪᠡᠷᠳᠡᠬᠡᠨ ᠵᠠᠰᠠᠬᠤ ᠤᠷᠤᠨ ᠠᠴᠠ ︽ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠬᠢ ᠪᠠᠶᠠᠯᠢᠭ ᠤᠨ ᠳᠠᠪᠠᠭᠤᠯᠢᠭ ᠢᠯᠠᠩᠭᠤᠶ᠎ᠠ ᠤᠰᠤᠨ ᠤ ᠡᠬᠢ ᠪᠠᠶᠠᠯᠢᠭ ᠤᠨ ᠨᠥᠬᠦᠴᠡᠯ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠳᠤᠭᠤᠰᠢᠯᠠᠭᠤᠯᠬᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠦᠪᠤᠷ ᠮᠤᠩᠭᠤᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠰᠠᠨᠠᠯ ᠢ ᠨᠠᠶᠢᠳᠠᠪᠤᠷᠢᠵᠢᠭᠤᠯᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠠᠢ ᠨᠢᠭᠲᠠ ᠤᠶᠠᠯᠳᠤᠭᠤᠯᠵᠤ ᠪᠠᠶᠢᠭᠠᠳ ᠮᠠᠨ ᠤ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠭᠤᠣᠯ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠂ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃    ︽ᠬᠡᠷᠡᠭᠵᠢᠭᠦᠯᠬᠦ ᠲᠥᠰᠦᠯ︾ ᠳᠤ ᠰᠢᠰᠲ᠋ᠧᠮᠲᠦ ᠦᠵᠡᠯᠲᠡ ᠶᠢ ᠪᠠᠷᠢᠮᠲᠠᠯᠠᠨ ︽ᠲᠠᠪᠤᠨ ᠶᠡᠭᠡ ᠡᠭᠦᠷᠭᠡ︾ ᠶᠢ ᠠᠬᠢᠭᠤᠯᠬᠤ ᠵᠤᠭᠰᠤᠴᠠ ᠠᠴᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠠᠰᠠᠭᠤᠳᠠᠯ ᠢ ᠵᠠᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠤᠰᠤ ᠶᠢ ᠵᠠᠰᠠᠬᠤ᠂ ᠬᠥᠷᠥᠰᠥ ᠰᠢᠷᠣᠢ ᠶᠢ ᠰᠢᠮᠡᠵᠢᠭᠦᠯᠬᠦ᠂ ᠡᠭᠦᠯᠳᠡᠷ ᠰᠠᠶᠢᠵᠢᠷᠠᠭᠤᠯᠬᠤ ᠶᠢ ᠵᠣᠬᠢᠴᠠᠯᠳᠤᠭᠤᠯᠤᠨ ᠠᠬᠢᠭᠤᠯᠬᠤ ᠶᠢ ᠴᠢᠩᠭᠠᠳᠬᠠᠨ ᠲᠠᠷᠢᠶᠠᠯᠠᠩ᠂ ᠤᠰᠤᠨ ᠠᠰᠢᠭᠯᠠᠯᠲᠠ ᠪᠠ ᠠᠮᠢ ᠠᠬᠤᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠴᠠᠭᠤᠯᠤᠨ ᠬᠠᠮᠵᠢᠯᠴᠠᠭᠤᠯᠵᠤ᠂ ᠪᠣᠳᠠᠲᠠᠢ ᠠᠷᠭ᠎ᠠ ᠬᠡᠮᠵᠢᠶ᠎ᠡ ᠲᠣᠭᠲᠠᠭᠠᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠮᠳᠤᠷᠠᠯ ᠬᠦᠴᠦᠨ ᠢ ᠪᠦᠷᠢᠯᠳᠦᠭᠦᠯᠬᠦ ᠶᠢ ᠵᠤᠷᠢᠪᠠ᠃ ᠠᠵᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ᠂ ︽ᠬᠡᠷᠡᠭᠵᠢᠭᠦᠯᠬᠦ ᠲᠥᠰᠦᠯ︾ ᠨᠢ ︽ᠡᠮᠬᠢ ᠵᠢᠷᠤᠮ ᠲᠠᠢ︾ ᠪᠠᠶᠢᠬᠤ ᠶᠢ ᠴᠢᠩᠭᠠᠳᠬᠠᠬᠤ ᠶᠢᠨ ᠬᠠᠮᠲᠤ ︽ᠬᠦᠴᠦᠲᠡᠢ︾ ᠪᠠ ︽ᠪᠦᠲᠦᠮᠵᠢᠲᠡᠢ︾ ᠪᠠᠶᠢᠬᠤ ᠶᠢ ᠴᠢᠨᠠᠭᠰᠢᠳᠠ ᠳᠣᠪᠤᠶᠢᠯᠭᠠᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠳ᠋ᠤ᠋ ᠰᠠᠭᠤᠷᠢᠯᠠᠨ ᠡᠭᠦᠷᠭᠡ ᠶᠢ ᠨᠡᠩ ᠢᠯᠡᠭᠦᠦ ᠲᠥᠪᠯᠡᠷᠡᠭᠦᠯᠵᠤ᠂ ᠠᠷᠭ᠎ᠠ ᠬᠡᠮᠵᠢᠶ᠎ᠡ ᠶᠢ ᠨᠡᠩ ᠣᠨᠣᠴᠠᠲᠠᠢ ᠪᠤᠯᠭᠠᠨ᠂ ᠬᠠᠷᠠᠯᠲᠠ ᠶᠢ ᠨᠡᠩ ᠪᠣᠳᠠᠲᠠᠶᠢᠵᠢᠭᠤᠯᠵᠤ᠂ ᠬᠡᠷᠡᠭᠵᠢᠭᠦᠯᠵᠦ ᠪᠤᠯᠬᠤ ᠮᠦᠷᠳᠡᠬᠡᠨ ᠪᠣᠳᠠᠲᠠᠢ ᠳᠤ ᠨᠠᠶᠢᠳᠠᠪᠤᠷᠢᠵᠢᠭᠤᠯᠵᠤ ᠳᠡᠶᠢᠯᠬᠦ ᠶᠢ ᠪᠠᠳᠤᠯᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号