ᠨᠢᠭᠡ᠂ ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠪᠦᠬᠦ ᠠᠶᠢᠮᠠᠭ ᠤᠨ ᠬᠢᠨᠠᠨ ᠪᠣᠳᠣᠬᠤ ᠠᠵᠢᠯ ᠢ ᠭᠤᠣᠯᠯᠠᠨ ᠬᠠᠮᠢᠶᠠᠷᠣᠨ᠎ᠠ᠃ ᠠᠶᠢᠮᠠᠭ ᠤᠨ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ | ᠪᠤᠳᠤᠯᠲᠠ ᠶᠢᠨ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ | ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠳᠤ ᠨᠡᠶᠢᠴᠡᠬᠦ ᠪᠠ ᠦᠷ᠎ᠡ ᠠᠰᠢᠭ ᠲᠤ ᠬᠢᠨᠠᠨ ᠪᠤᠳᠤᠯᠲᠠ ᠬᠢᠵᠦ ᠬᠢᠨᠠᠯᠲᠠ | ᠲᠠᠯᠪᠢᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯᠲᠦ ᠡᠳ᠋ ᠬᠥᠷᠥᠩᠭᠡ᠂ | ᠤᠯᠤᠰ ᠤᠨ ᠥᠮᠴᠢᠯᠡᠯᠲᠦ ᠡᠬᠢ ᠪᠠᠶᠠᠯᠢᠭ ᠪᠠ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠨᠡᠶᠢᠳᠡᠮ ᠬᠢᠨᠠᠨ ᠪᠤᠳᠤᠯᠲᠠ ᠬᠢᠵᠦ᠂ ᠤᠳᠤᠷᠢᠳᠬᠤ | ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠦᠶ᠎ᠡ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠬᠢᠨᠠᠨ ᠪᠤᠳᠤᠯᠲᠠ ᠬᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠴᠢᠬᠤᠯᠠ ᠶᠡᠭᠡ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠣᠣᠱᠯᠠᠭᠤᠯᠣᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ | ᠪᠤᠳᠤᠯᠲᠠ ᠬᠢᠨ᠎ᠡ᠃ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠢᠨᠠᠨ ᠪᠤᠳᠤᠭᠰᠠᠨ | ᠮᠡᠳᠡᠭᠦᠯᠦᠯᠲᠡ ᠶᠢ ᠬᠢᠨᠠᠨ ᠪᠤᠳᠤᠭᠰᠠᠨ᠂ ᠲᠤᠰᠬᠠᠶ ᠵᠦᠢᠯ ᠢᠶᠠᠷ ᠬᠢᠨᠠᠨ ᠪᠤᠳᠤᠭᠰᠠᠨ ᠪᠠ ᠬᠠᠷᠭᠤᠭᠤᠯᠤᠨ | ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠬᠢᠨᠠᠨ ᠪᠤᠳᠤᠭᠳᠠᠵᠦ ᠪᠠᠶᠢᠭ᠎ᠠ | ᠨᠢᠭᠡᠴᠡ ᠶᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠶᠠᠷ︶ ᠬᠢᠨᠠᠨ ᠪᠤᠳᠤᠬᠤ ᠬᠠᠤᠯᠢ ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ | ᠵᠢᠯᠣᠭᠤᠳᠣᠮᠵᠢ ᠶᠢ ᠲᠤᠤᠱᠯᠠᠭᠤᠯᠤᠨ ᠬᠡᠷᠡᠭᠵᠢᠭᠦᠯᠵᠦ᠂ ᠲᠤᠰᠬᠠᠶ ᠮᠡᠷᠭᠡᠵᠢᠯ ᠤᠨ ᠬᠦᠷᠢᠶᠡᠨ ᠳᠠᠬᠢ ᠬᠢᠨᠠᠨ ᠪᠤᠳᠤᠬᠤ | ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠡᠳ᠋ ᠤᠨ ᠵᠠᠰᠠᠭ ᠠᠵᠤ ᠠᠬᠤᠶ | ᠵᠢᠴᠢ ᠬᠠᠮᠢᠶ᠎ᠠ ᠪᠦᠬᠦᠢ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠰᠢᠭᠤᠳ ᠬᠢᠨᠠᠨ ᠪᠣᠳᠣᠬᠤ᠂ | ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠣᠰᠣᠭᠠᠷ ᠬᠢᠨᠠᠨ ᠪᠣᠳᠣᠬᠤ ᠦᠨᠡᠯᠡᠯᠲᠡ ᠬᠢᠵᠦ | ᠂ ᠬᠢᠨᠠᠨ ᠪᠣᠳᠣᠬᠤ ᠲᠣᠭᠲᠠᠭᠠᠯ ᠭᠠᠷᠭᠠᠬᠤ ᠪᠤᠶᠤ ᠬᠢᠨᠠᠨ ᠪᠣᠳᠣᠬᠤ ᠰᠠᠨᠠᠭᠤᠯᠭ᠎ᠠ ᠳᠣᠷᠠᠳᠣᠨ᠎ᠠ᠃ | ︵ᠭᠤᠷᠪᠠ︶ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠬᠤᠷᠢᠶ᠎ᠠ ᠳᠤ ᠣᠨ ᠤ | ᠠᠶᠢᠮᠠᠭ ᠤᠨ ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ | ᠪᠠᠶᠢᠳᠠᠯ ᠢ ᠬᠢᠨᠠᠨ ᠪᠣᠳᠣᠭᠰᠠᠨ ᠮᠡᠳᠡᠭᠦᠯᠦᠯᠲᠡ ᠶᠢ ᠳᠣᠰᠢᠶᠠᠨ᠎ᠠ᠃ ᠠᠶᠢᠮᠠᠭ ᠤᠨ ᠳᠠᠷᠤᠭ᠎ᠠ ᠳᠤ ᠣᠨ ᠤ ᠠᠶᠢᠮᠠᠭ ᠤᠨ | ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠪᠠᠶᠢᠳᠠᠯ ᠳᠤ ᠬᠢᠨᠠᠨ ᠪᠣᠳᠣᠯᠲᠠ ᠬᠢᠭᠰᠡᠨ ᠦᠷ᠎ᠡ ᠳ᠋ᠦᠩ ᠤᠨ ᠮᠡᠳᠡᠭᠦᠯᠦᠯᠲᠡ ᠶᠢ ᠳᠣᠰᠢᠶᠠᠨ᠎ᠠ᠃ ᠠᠶᠢᠮᠠᠭ ᠤᠨ | ᠵᠠᠬᠢᠷᠭ᠎ᠠ ᠶᠢᠨ ᠨᠠᠶᠢᠳᠠᠯᠭ᠎ᠠ ᠪᠠᠷ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠥᠪᠯᠡᠯ ᠳᠤ ᠠᠶᠢᠮᠠᠭ ᠤᠨ ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠪᠠᠶᠢᠳᠠᠯ ᠢ ᠬᠢᠨᠠᠨ ᠪᠣᠳᠣᠭᠰᠠᠨ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠳᠠ ᠪᠠᠷ ᠪᠠᠶᠢᠴᠠᠭᠠᠵᠤ | ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠳᠣᠰᠢᠶᠠᠨ᠎ᠠ᠃ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠪᠤᠰᠤᠳ ᠵᠦᠢᠯᠡᠰ ᠲᠤ ᠬᠢᠨᠠᠨ ᠪᠣᠳᠣᠯᠲᠠ ᠬᠢᠭᠰᠡᠨ ᠪᠠ ᠲᠤᠰᠬᠠᠶ | ᠬᠢᠨᠠᠨ ᠪᠣᠳᠣᠯᠲᠠ ᠶᠢ ᠪᠠᠶᠢᠴᠠᠭᠠᠭᠰᠠᠨ ᠪᠠᠶᠢᠳᠠᠯ ᠵᠢᠴᠢ ᠦᠷ᠎ᠡ ᠳ᠋ᠦᠩ ᠢ ᠮᠡᠳᠡᠬᠦᠯᠦᠨ᠎ᠡ᠃ ᠬᠢᠨᠠᠨ ᠪᠣᠳᠣᠭᠰᠠᠨ ᠦᠷ᠎ᠡ | ᠳ᠋ᠦᠩ ᠢ ᠨᠡᠶᠢᠬᠡᠮ ᠨᠡᠶᠢᠳᠡ ᠳᠤ ᠬᠠᠤᠯᠢ ᠶᠣᠰᠣᠭᠠᠷ ᠨᠡᠶᠢᠳᠡᠯᠡᠨ᠎ᠡ᠃ ᠠᠶᠢᠮᠠᠭ ᠤᠨ ᠨᠠᠮ ᠤᠨ ᠬᠤᠷᠢᠶ᠎ᠠ ᠪᠠ | ᠵᠠᠬᠢᠷᠭ᠎ᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠰᠢᠭᠤ ︵ᠣᠷᠣᠨ︶ ᠶᠢᠨ ᠨᠠᠮ ᠤᠨ ᠬᠤᠷᠢᠶ᠎ᠠ ︵ᠨᠠᠮ ᠤᠨ | ᠠᠵᠢᠯ ᠤᠨ ᠬᠤᠷᠢᠶ᠎ᠠ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠳᠤ ᠬᠢᠨᠠᠨ ᠪᠣᠳᠣᠭᠰᠠᠨ | ᠪᠠᠶᠢᠳᠠᠯ ᠪᠠ ᠬᠢᠨᠠᠨ ᠪᠣᠳᠣᠭᠰᠠᠨ ᠦᠷ᠎ᠡ ᠳ᠋ᠦᠩ ᠢ ᠵᠠᠷᠯᠠᠨ ᠮᠡᠳᠡᠭᠳᠡᠨ᠎ᠡ᠃ | ︵ᠳᠥᠷᠪᠡ︶ ᠳᠣᠣᠷ᠎ᠠ ᠵᠢᠭᠰᠠᠭᠠᠭᠰᠠᠨ ᠵᠦᠢᠯᠡᠰ ᠢ ᠰᠢᠭᠤᠳ ᠬᠢᠨᠠᠨ ᠪᠤᠳᠤᠨ᠎ᠠ᠂ ᠬᠢᠨᠠᠨ ᠪᠤᠳᠤᠭᠰᠠᠨ | ᠮᠡᠳᠡᠭᠦᠯᠦᠯᠲᠡ ᠭᠠᠷᠭᠠᠵᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ᠬᠢᠨᠠᠨ ᠪᠣᠳᠣᠬᠤ | ᠲᠣᠭᠲᠠᠭᠠᠯ ᠭᠠᠷᠭᠠᠨ᠎ᠠ᠂ ᠡᠭᠦᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠤᠨ ᠨᠠᠮ ᠤᠨ ᠬᠤᠷᠢᠶ᠎ᠠ | ᠂ ᠵᠠᠬᠢᠷᠭ᠎ᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ᠂ ᠠᠶᠢᠮᠠᠭ ᠤᠨ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠵᠠᠬᠢᠷᠭ᠎ᠠ ᠶᠢᠨ ᠡᠯ᠎ᠡ ᠰᠠᠯᠠᠭ᠎ᠠ | ᠮᠥᠴᠢᠷ ︵ᠰᠢᠭᠤᠳ ᠬᠠᠷᠢᠶ᠎ᠠ ᠨᠢᠭᠡᠴᠡ ᠪᠠᠭᠲᠠᠨ᠎ᠠ︶ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ᠂ ᠲᠥᠰᠦᠪ ᠤᠨ | ᠭᠦᠢᠴᠡᠳᠬᠡᠯ ᠤᠨ ᠲᠥᠰᠦᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠬᠤᠰᠢᠭᠤ ︵ᠤᠷᠤᠨ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ᠂ | ᠲᠥᠰᠦᠪ ᠤᠨ ᠬᠦᠢᠴᠡᠳᠭᠡᠯ ᠤᠨ ᠲᠥᠰᠦᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠲᠥᠪ᠂ | ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠᠯᠠ | ᠮᠥᠩᠭᠦ︔ ᠠᠶᠢᠮᠠᠭ ᠤᠨ ᠱᠠᠲᠤᠨ ᠤ ᠪᠠᠯᠠ ᠣᠷᠣᠭᠤᠯᠤᠯᠲᠠ ᠪᠠ ᠠᠶᠢᠮᠠᠭ ᠤᠨ ᠱᠠᠲᠤᠨ ᠤ ᠪᠠᠯᠠ ᠣᠷᠣᠭᠤᠯᠤᠯᠲᠠ ᠪᠠᠷ | ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ | ᠪᠠ ᠲᠥᠰᠦᠪ ᠤᠨ ᠭᠦᠢᠴᠡᠳᠬᠡᠯ︔ ᠠᠶᠢᠮᠠᠭ ᠤᠨ ᠱᠠᠲᠤᠨ ᠤ ᠴᠢᠬᠤᠯᠠ ᠶᠡᠭᠡ ᠣᠯᠠᠨ ᠨᠡᠶᠢᠲᠡ ᠶᠢᠨ | ᠢᠨᠵᠧᠨᠧᠷᠢᠩ ᠤᠨ ᠲᠥᠷᠥᠯ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠪᠠ ᠪᠥᠲᠥᠭᠡᠨ | ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ︔ ᠠᠶᠢᠮᠠᠭ ᠤᠨ ᠱᠠᠲᠤᠨ ᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠶᠢᠮᠠᠭ ᠤᠨ ᠵᠠᠬᠢᠷᠭ᠎ᠠ ᠶᠢᠨ ᠲᠣᠭᠲᠠᠭᠠᠭᠰᠠᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠶᠢᠮᠠᠭ ᠤᠨ ᠵᠠᠬᠢᠷᠭ᠎ᠠ ᠶᠢᠨ | ᠲᠣᠭᠲᠠᠭᠠᠭᠰᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠬᠤᠪᠢ ᠡᠵᠡᠮᠳᠡᠭᠰᠡᠨ ᠪᠤᠶᠤ ᠭᠤᠤᠯᠯᠠᠬᠤ ᠪᠠᠶᠢᠷᠢ ᠶᠢ | ᠡᠵᠡᠯᠡᠭᠰᠡᠨ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠥᠭᠴᠡᠭᠡ | ᠪᠠ ᠠᠰᠢᠭ ᠣᠯᠵᠠᠪᠤᠷᠢ︔ ᠬᠤᠯᠪᠣᠭᠳᠠᠯ ᠪᠥᠬᠦᠶ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠠᠴᠠ | ᠬᠠᠨᠳᠢᠪᠯᠠᠭᠰᠠᠨ ᠪᠠᠯᠠ ᠮᠥᠩᠭᠦ ᠪᠠ ᠪᠤᠰᠤᠳ ᠰᠠᠭᠤᠷᠢ ᠮᠥᠩᠭᠦ᠂ ᠪᠠᠯᠠ ᠮᠥᠩᠭᠦ ᠶᠢᠨ ᠡᠳ᠋ ᠤᠨ ᠶᠠᠪᠤᠳᠠᠯ ᠤᠨ | ᠣᠷᠣᠯᠭ᠎ᠠ ᠵᠠᠷᠤᠯᠭ᠎ᠠ︔ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ | ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠲᠥᠷᠥᠯ ᠵᠦᠢᠯ︔ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ | ᠲᠢᠩᠬᠢᠮ ᠠᠴᠠ ᠡᠷᠬᠡ ᠣᠯᠭᠤᠭᠰᠠᠨ ᠬᠢᠨᠠᠨ ᠪᠤᠳᠤᠬᠤ ᠪᠤᠰᠤᠳ ᠵᠦᠢᠯᠡᠰ︔ ᠬᠠᠤᠯᠢ ᠴᠠᠭᠠᠵᠠ ᠬᠠᠤᠯᠢ | ᠲᠣᠭᠲᠠᠭᠠᠯ ᠳᠤ ᠲᠣᠭᠲᠠᠭᠠᠭᠰᠠᠨ ᠪᠤᠰᠤᠳ ᠵᠦᠢᠯᠡᠰ᠃ | ︵ᠲᠠᠪᠤ︶ ᠲᠣᠭᠲᠠᠭᠠᠯ ᠶᠣᠰᠣᠭᠠᠷ ᠬᠤᠰᠢᠭᠤ ᠭᠠᠵᠠᠷ ᠤᠨ ᠲᠠᠰ ᠤᠨ ᠨᠠᠮ ᠵᠠᠰᠠᠭ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠭᠤᠤᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠡ ᠶᠢᠨ ᠭᠤᠤᠯ | ᠬᠠᠷᠢᠭᠤᠴᠠᠯᠭᠠᠲᠠᠨ ᠳᠤ ᠲᠤᠰᠢᠶᠠᠯ ᠠᠴᠠ ᠪᠠᠨ ᠰᠠᠯᠬᠤ ᠦᠶ᠎ᠡ ᠶᠢᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ | ᠪᠤᠳᠤᠯᠲᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠬᠢᠨ᠎ᠠ᠃ | ︵ᠵᠢᠷᠭᠤᠭ᠎ᠠ︶ ᠤᠯᠤᠰ ᠤᠨ ᠡᠳ᠋ ᠤᠨ ᠵᠠᠰᠠᠭ ᠠᠵᠤ ᠠᠬᠤᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ | ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ | ᠳᠣᠣᠱᠯᠠᠭᠤᠯᠣᠨ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠰᠠᠨ ᠵᠦᠢᠯᠡᠰ ᠲᠤ ᠲᠤᠰᠬᠠᠶ ᠬᠢᠨᠠᠨ | ᠪᠤᠳᠤᠯᠳᠠ ᠶᠢᠨ ᠪᠠᠶᠢᠴᠠᠭᠠᠯᠲᠠ ᠬᠢᠨ᠎ᠡ᠃ | ︵ᠳᠤᠯᠤᠭ᠎ᠠ︶ ᠬᠢᠨᠠᠨ ᠪᠤᠳᠤᠬᠤ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ | ᠬᠢᠨᠠᠨ ᠪᠤᠳᠤᠬᠤ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ | ᠬᠢᠨᠠᠨ ᠪᠤᠳᠤᠭᠳᠠᠵᠦ ᠪᠠᠶᠢᠭ᠎ᠠ ᠨᠢᠬᠡᠴᠡ ᠶᠢᠨ ᠬᠢᠨᠠᠨ ᠪᠤᠳᠤᠬᠤ ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠪᠤᠶᠤ ᠠᠶᠢᠮᠠᠭ ᠤᠨ ᠵᠠᠬᠢᠷᠭ᠎ᠠ ᠪᠠᠷ ᠳᠠᠰᠣᠯᠣᠭᠤᠯᠣᠨ ᠳᠣᠭᠳᠠᠭᠠᠯᠭᠠᠬᠤ ᠪᠠᠷ | ᠳᠡᠪᠰᠢᠭᠦᠯᠦᠭᠰᠡᠨ ᠬᠤᠯᠪᠣᠭᠳᠠᠯ ᠪᠥᠬᠦᠶ ᠵᠦᠢᠯᠡᠰ ᠢ ᠬᠠᠤᠯᠢ ᠶᠣᠰᠣᠭᠠᠷ ᠰᠢᠢᠳᠪᠦᠷᠢᠯᠡᠵᠦ᠂ ᠬᠤᠯᠪᠣᠭᠳᠠᠯ ᠪᠥᠬᠦᠶ | ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠥᠬᠦᠶ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ | ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠠᠶᠢᠮᠠᠭ ᠤᠨ | ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ | ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠥᠭᠭᠦᠭᠰᠡᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ | ᠬᠠᠤᠯᠢ ᠶᠣᠰᠣᠭᠠᠷ ᠬᠠᠷᠭᠤᠭᠤᠯᠤᠨ ᠪᠠᠶᠢᠴᠠᠭᠠᠨ᠎ᠠ᠃ | ︵ᠶᠢᠰᠦ︶ ᠬᠤᠰᠢᠭᠤ ︵ᠨᠠᠮ ᠤᠨ ᠲᠣᠭᠤᠷᠢᠭ︶ ᠶᠢᠨ ᠨᠠᠮ ᠤᠨ ᠬᠤᠷᠢᠶ᠎ᠠ ︵ᠨᠠᠮ ᠤᠨ ᠠᠵᠢᠯ ᠤᠨ ᠬᠤᠷᠢᠶ᠎ᠠ︶ | ᠪᠣᠯᠤᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠲᠠᠢ ᠬᠠᠮᠲᠤ ᠪᠠᠷ ᠬᠤᠰᠢᠭᠤ ︵ᠣᠷᠣᠨ | ︶ ᠶᠢᠨ ᠬᠢᠨᠠᠨ ᠪᠤᠳᠤᠬᠤ ᠪᠠᠶᠢᠭᠤᠯᠭ᠎ᠠ ᠶᠢ ᠤᠳᠤᠷᠢᠳᠤᠨ᠎ᠠ᠃ ᠬᠤᠰᠢᠭᠤᠨ ︵ᠣᠷᠣᠨ︶ ᠤ ᠬᠢᠨᠠᠨ ᠪᠤᠳᠤᠬᠤ | ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠢ ᠬᠠᠤᠯᠢ ᠶᠣᠰᠣᠭᠠᠷ ᠤᠳᠤᠷᠢᠳᠬᠤ ᠪᠠ ᠲᠡᠭᠦᠨ ᠳᠤ ᠬᠢᠨᠠᠯᠲᠠ ᠲᠠᠯᠪᠢᠵᠤ᠂ | ᠬᠤᠰᠢᠭᠤ ︵ᠣᠷᠣᠨ︶ ᠶᠢᠨ ᠬᠢᠨᠠᠨ ᠪᠤᠳᠤᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠣᠨᠴᠠ ᠲᠣᠭᠲᠠᠭᠰᠠᠨ | ᠲᠥᠷᠥᠯ ᠵᠦᠢᠯ ᠢ ᠲᠤᠰᠬᠠᠶ ᠬᠢᠨᠠᠨ ᠪᠤᠳᠤᠬᠤ ᠪᠤᠶᠤ ᠬᠢᠨᠠᠨ ᠪᠤᠳᠤᠬᠤ ᠪᠠᠶᠢᠴᠠᠭᠠᠯᠲᠠ ᠶᠢ ᠬᠡᠷᠡᠭᠵᠢᠭᠦᠯᠵᠦ᠂ ᠬᠤᠰᠢᠭᠤ | ︵ᠣᠷᠣᠨ︶ ᠶᠢᠨ ᠬᠢᠨᠠᠨ ᠪᠤᠳᠤᠬᠤ ᠪᠠᠶᠢᠭᠤᠯᠭ᠎ᠠ ᠶᠢᠨ ᠤᠯᠤᠰ ᠤᠨ ᠲᠣᠭᠲᠠᠭᠠᠯ ᠢ ᠵᠥᠷᠢᠴᠡᠨ ᠭᠠᠷᠭᠠᠭᠰᠠᠨ ᠬᠢᠨᠠᠨ | ᠪᠤᠳᠤᠬᠤ ᠲᠣᠭᠲᠠᠭᠠᠯ ᠢ ᠵᠠᠯᠠᠷᠠᠭᠤᠯᠬᠤ ᠪᠤᠶᠤ ᠵᠠᠯᠠᠷᠠᠭᠤᠯᠬᠤ ᠪᠠᠷ ᠱᠠᠭᠠᠷᠳᠠᠨ᠎ᠠ᠃ ᠺᠠᠳ᠋ᠷ ᠤᠨ ᠬᠠᠮᠢᠶᠠᠷᠤᠯᠲᠠ ᠶᠢᠨ | ᠡᠷᠬᠡ ᠮᠡᠳᠡᠯ ᠤᠨ ᠶᠣᠰᠣᠭᠠᠷ ᠬᠤᠰᠢᠭᠤ ︵ᠣᠷᠣᠨ︶ ᠶᠢᠨ ᠬᠢᠨᠠᠨ ᠪᠣᠳᠣᠬᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢ | ᠬᠠᠮᠵᠢᠨ ᠬᠠᠮᠢᠶᠠᠷᠤᠨ᠎ᠠ᠃ | ︵ᠠᠷᠪᠠ︶ ᠬᠢᠨᠠᠨ ᠪᠤᠳᠤᠬᠤ ᠲᠢᠩᠬᠢᠮ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠳᠤᠷᠢᠳᠤᠯᠭ᠎ᠠ | ᠳᠣᠤᠷ᠎ᠠ ᠬᠢᠨᠠᠨ ᠪᠤᠳᠤᠬᠤ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠪᠥᠬᠦ ᠠᠶᠢᠮᠠᠭ ᠤᠨ ᠬᠢᠨᠠᠨ ᠪᠤᠳᠤᠬᠤ ᠬᠦᠷᠢᠶᠡᠨ ᠳᠠᠬᠢ ᠮᠡᠳᠡᠭᠡ ᠵᠠᠩᠭᠢ ᠶᠢᠨ ᠮᠡᠷᠭᠡᠵᠢᠯ ᠤᠨ | ᠬᠡᠷᠡᠭᠯᠡᠯᠲᠡ ᠶᠢ ᠵᠢᠯᠣᠭᠤᠳᠤᠨ ᠳᠡᠯᠭᠡᠷᠡᠭᠦᠯᠦᠨ᠎ᠡ᠃ | ︵ᠠᠷᠪᠠᠨ ᠨᠢᠭᠡ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ︵ᠠᠷᠪᠠᠨ ᠬᠤᠶᠠᠷ︶ ᠡᠭᠦᠷᠭᠡ ᠴᠢᠳᠠᠮᠵᠢ ᠶᠢᠨ ᠬᠤᠪᠢᠷᠠᠯᠳᠠ ᠃ ᠬᠢᠨᠠᠨ ᠪᠤᠳᠤᠬᠤ ᠬᠠᠮᠢᠶᠠᠷᠤᠯᠲᠠ ᠶᠢᠨ | ᠪᠠᠶᠢᠭᠤᠯᠤᠯ ᠢ ᠤᠯᠠᠮ ᠨᠢᠭᠡ ᠠᠯᠬᠤᠮ ᠠᠬᠢᠭᠤᠯᠤᠨ ᠲᠡᠭᠦᠯᠳᠡᠷᠵᠢᠭᠦᠯᠵᠦ᠂ ᠪᠥᠬᠦ ᠠᠶᠢᠮᠠᠭ ᠤᠨ ᠬᠢᠨᠠᠨ ᠪᠤᠳᠤᠬᠤ | ᠠᠵᠢᠯ ᠤᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠨ᠂ ᠠᠯᠠᠱᠠ ᠠᠶᠢᠮᠠᠭ ᠤᠨ ᠬᠤᠶᠠᠷ ᠱᠠᠲᠤᠨ ᠤ ᠬᠢᠨᠠᠨ | ᠪᠤᠳᠤᠬᠤ ᠪᠠᠶᠢᠭᠤᠯᠭ᠎ᠠ ᠶᠢᠨ ᠡᠭᠦᠷᠭᠡ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ | ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠨ᠂ ᠬᠢᠨᠠᠨ ᠪᠤᠳᠤᠬᠤ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠢᠭᠡᠳᠦᠭᠡᠷ ᠹᠷᠣᠨᠲ ᠤᠨ ᠬᠢᠨᠠᠨ ᠪᠤᠳᠤᠬᠤ ᠬᠦᠴᠦᠨ ᠢ | ᠲᠡᠭᠦᠯᠳᠡᠷᠵᠢᠭᠦᠯᠦᠨ᠂ ᠨᠢᠭᠡᠳᠦᠯᠲᠡᠶ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠨᠠᠶᠢᠳᠠᠪᠣᠷᠢᠳᠠᠢ ᠪᠥᠭᠡᠳ ᠥᠨᠳᠥᠷ | ᠪᠦᠲᠦᠮᠵᠢᠲᠡᠶ ᠬᠢᠨᠠᠨ ᠪᠤᠳᠤᠬᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ | ᠲᠣᠭᠲᠠᠴᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠯᠲᠠ ᠲᠠᠯᠪᠢᠬᠤ ᠶᠢ ᠪᠠᠷᠢᠮᠲᠠᠯᠠᠨ᠂ | ᠲᠤᠬᠠᠶᠢᠯᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ | ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ | ᠳᠣᠲᠣᠭᠠᠳᠤ ᠶᠢᠨ ᠬᠢᠨᠠᠨ ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠬᠦᠴᠦᠨ ᠢ ᠭᠦᠢᠴᠡᠳ ᠳᠠᠶᠢᠴᠢᠯᠠᠨ᠂ | ᠬᠢᠨᠠᠯᠲᠠ ᠲᠠᠯᠪᠢᠬᠤ ᠬᠠᠮᠳᠣᠷᠠᠯ ᠬᠦᠴᠦᠨ ᠢ ᠴᠢᠩᠭᠠᠷᠠᠭᠤᠯᠤᠨ᠎ᠠ᠃ | ᠬᠤᠶᠠᠷ᠂ ᠳᠣᠲᠣᠭᠠᠳᠤ ᠪᠠᠶᠢᠭᠤᠯᠤᠮᠵᠢ᠄ | ᠬᠢᠨᠠᠨ ᠪᠣᠳᠣᠬᠤ ᠬᠤᠷᠢᠶ᠎ᠠ ᠶᠢᠨ ᠠᠯᠪᠠᠨ ᠭᠡᠷ ᠤᠨ ᠨᠠᠷᠢᠨ ᠪᠢᠴᠢᠭ ᠤᠨ ᠰᠠᠯᠠᠭ᠎ᠠ᠂ ᠠᠯᠪᠠᠨ ᠭᠡᠷ᠂ ᠬᠠᠤᠯᠢ | ᠳᠦᠷᠢᠮ ᠪᠠᠶᠢᠴᠠᠭᠠᠨ ᠰᠢᠢᠳᠪᠦᠷᠢᠯᠡᠬᠦ ᠰᠠᠯᠠᠭ᠎ᠠ᠂ ᠵᠠᠰᠠᠭ ᠵᠠᠬᠢᠷᠭᠠᠨ ᠤ ᠠᠵᠢᠯ ᠦᠢᠯᠡᠰ ᠤᠨ ᠬᠢᠨᠠᠨ ᠪᠣᠳᠣᠬᠤ ᠰᠠᠯᠠᠭ᠎ᠠ | ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠢᠨᠠᠨ ᠪᠣᠳᠣᠬᠤ ᠰᠠᠯᠠᠭ᠎ᠠ᠂ ᠠᠵᠤ ᠠᠬᠤᠶᠢᠯᠠᠯ ᠤᠨ ᠬᠢᠨᠠᠨ ᠪᠣᠳᠣᠬᠤ | ᠰᠠᠯᠠᠭ᠎ᠠ᠂ ᠨᠡᠶᠢᠭᠡᠮ ᠤᠨ ᠪᠠᠲᠤᠯᠠᠭ᠎ᠠ ᠶᠢᠨ ᠬᠢᠨᠠᠨ ᠪᠣᠳᠣᠬᠤ ᠰᠠᠯᠠᠭ᠎ᠠ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠬᠢᠨᠠᠨ ᠪᠣᠳᠣᠬᠤ ᠰᠠᠯᠠᠭ᠎ᠠ᠂ ᠲᠠᠷᠢᠶᠠᠯᠠᠩ ᠮᠠᠯ ᠠᠵᠤ ᠠᠬᠤᠶ ᠶᠢᠨ ᠬᠢᠨᠠᠨ ᠪᠣᠳᠣᠬᠤ ᠰᠠᠯᠠᠭ᠎ᠠ᠂ | ᠮᠥᠩᠭᠦᠨ ᠭᠦᠢᠯᠭᠡᠭᠡᠨ ᠤ ᠭᠠᠳᠠᠭᠠᠳᠤ ᠪᠡᠯᠡ ᠶᠢᠨ ᠬᠢᠨᠠᠨ ᠪᠣᠳᠣᠬᠤ ᠰᠠᠯᠠᠭ᠎ᠠ᠂ ᠡᠯᠧᠺᠲᠷᠣᠨ ᠲᠤᠭ᠎ᠠ ᠪᠠᠷᠢᠮᠲᠠ ᠶᠢᠨ | ᠬᠢᠨᠠᠨ ᠪᠣᠳᠣᠬᠤ ᠰᠠᠯᠠᠭ᠎ᠠ᠂ ᠪᠠᠶᠢᠭᠠᠯᠢ ᠶᠢᠨ ᠡᠬᠢ ᠪᠠᠶᠠᠯᠢᠭ ᠪᠣᠯᠤᠨ ᠠᠮᠢ ᠠᠬᠤᠶ ᠣᠷᠴᠢᠨ ᠲᠣᠭᠤᠷᠢᠨ ᠤ ᠬᠢᠨᠠᠨ | ᠪᠣᠳᠣᠬᠤ ᠰᠠᠯᠠᠭ᠎ᠠ᠃ | | | | | ᠪᠠᠶᠢᠭᠤᠯᠭ᠎ᠠ ᠶᠢᠨ ᠰᠦᠯᠵᠢᠶ᠎ᠡ | |