ᠸᠠᠩ ᠯᠢ ᠰᠢᠶᠠ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2024/4/10
    4 ᠰᠠᠷ᠎ᠠ ᠶᠢᠨ 7 ᠤ ᠡᠳᠦᠷ᠂ ᠸᠠᠩ ᠯᠢ ᠰᠢᠶᠠ ᠬᠥᠬᠡᠬᠤᠲᠠ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠠᠶᠢᠴᠠᠭᠠᠨ ᠰᠤᠳᠤᠯᠪᠠ᠃    ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ᠂ ᠸᠠᠩ ᠯᠢ ᠰᠢᠶᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠤ ᠬᠠᠮᠠᠭᠠᠯᠠᠯᠳᠠ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠦᠨ᠎ᠡ ᠥᠷᠲᠡᠭ ᠢ ᠨᠢ ᠠᠭᠤᠳᠠᠯᠬᠤ᠂ ᠪᠦᠲᠦᠮᠵᠢᠲᠡᠶ ᠠᠰᠢᠭᠯᠠᠬᠤ ᠶᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠢᠯᠠᠩᠭᠤᠶ᠎ᠠ ᠤᠮᠠᠷᠠᠲᠤ ᠬᠢᠯᠢ ᠶᠢᠨ ᠰᠣᠶᠣᠯ ᠢ ᠭᠦᠨᠵᠡᠭᠡᠶ ᠰᠤᠳᠤᠯᠤᠨ ᠲᠠᠶᠢᠯᠪᠤᠷᠢᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠦᠨᠡᠨ ᠬᠦ ᠠᠮᠢᠳᠤᠯᠢᠭ ᠪᠣᠯᠭᠠᠬᠤ ᠬᠡᠷᠡᠭᠲᠡᠶ ᠬᠡᠪᠡ᠃    ᠸᠠᠩ ᠯᠢ ᠰᠢᠶᠠ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ︽ᠪᠢᠳᠡᠨ ᠤ ᠰᠠᠶᠢᠨ ᠰᠠᠶᠢᠬᠠᠨ ᠠᠮᠢᠳᠤᠷᠠᠯ︾ ᠭᠡᠬᠦ ᠼᠢᠷᠺ ᠤᠨ ᠵᠦᠴᠦᠭᠡ ᠶᠢᠨ ᠪᠣᠯᠪᠠᠰᠤᠷᠠᠯ ᠤᠨ ᠲᠠᠯᠠᠪᠠᠢ ᠳᠤ ᠬᠦᠷᠴᠦ᠂ ᠲᠣᠭᠯᠠᠭᠴᠢᠳ ᠲᠠᠢ ᠰᠠᠨᠠᠯ ᠢᠶᠠᠨ ᠰᠣᠯᠢᠯᠴᠠᠪᠠ᠃ ᠲᠡᠷᠡ ᠵᠦᠴᠦᠭᠡ ᠢᠢᠨ ᠬᠦᠷᠢᠶᠡᠯᠡᠩ ᠤᠨ ᠬᠢᠨ ᠢ ᠵᠣᠬᠢᠶᠠᠨ ᠪᠦᠲᠦᠭᠡᠬᠦ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠪᠠᠷ ᠵᠦᠴᠦᠭᠡ ᠵᠣᠬᠢᠶᠠᠨ ᠪᠦᠲᠦᠭᠡᠵᠥ ᠪᠤᠯᠪᠠᠰᠤᠷᠠᠬᠤ ᠪᠠ ᠰᠣᠩᠭᠤᠳᠠᠭ ᠵᠦᠴᠦᠭᠡ ᠶᠢ ᠳᠠᠪᠲᠠᠨ ᠪᠤᠯᠪᠠᠰᠤᠷᠠᠬᠤ ᠶᠢ ᠰᠠᠶᠢᠲᠤᠷ ᠠᠳᠬᠤᠵᠤ᠂ ᠠᠷᠠᠳ ᠤᠯᠠᠨ ᠳᠤ ᠨᠡᠩ ᠤᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠥᠭᠭᠦᠭᠡᠷᠡᠢ ᠭᠡᠵᠦ ᠵᠣᠷᠢᠭᠵᠢᠭᠤᠯᠪᠠ᠃ ᠰᠣᠶᠣᠯ ᠤᠨ ᠪᠦᠳᠦᠬᠡᠯᠴᠢ ᠦᠢᠯᠡᠳᠬᠦᠨ ᠤ ᠲᠤᠰᠬᠠᠢ ᠯᠠᠩᠭᠦᠶ ᠳᠤ᠂ ᠸᠠᠩ ᠯᠢ ᠰᠢᠶᠠ ᠦᠢᠯᠡᠳᠬᠦᠨ ᠤ ᠰᠤᠳᠤᠯᠤᠨ ᠨᠡᠭᠡᠭᠡᠯᠲᠡ ᠪᠠ ᠪᠣᠷᠣᠯᠠᠭᠤᠯᠭ᠎ᠠ ᠶᠢᠨ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠰᠣᠶᠣᠯ ᠤᠨ ᠪᠦᠳᠦᠬᠡᠯᠴᠢ ᠦᠢᠯᠡᠳᠬᠦᠨ ᠢ ᠵᠢᠭᠤᠯᠴᠢᠯᠠᠭᠰᠠᠳ ᠤᠨ ᠵᠣᠭᠰᠣᠴᠠ ᠠᠴᠠ ᠵᠢᠷᠤᠵᠤ ᠲᠥᠯᠥᠪᠯᠡᠬᠦ ᠬᠡᠷᠡᠭᠲᠡᠢ᠂ ᠣᠨᠴᠠᠯᠢᠭ ᠢᠯᠡ ᠲᠣᠳᠣ᠂ ᠬᠥᠮᠦᠰ ᠤᠨ ᠠᠩᠬᠠᠷᠤᠯ ᠢ ᠲᠠᠲᠠᠵᠥ ᠴᠢᠳᠠᠬᠤ ᠪᠠᠷ ᠦᠯᠦ ᠪᠠᠷᠠᠮ ᠪᠠᠰᠠ ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠰᠢᠯᠢᠳᠡᠭᠵᠢᠭᠦᠯᠵᠦ᠂ ᠬᠠᠷᠠᠯᠲᠠᠳᠤ ᠬᠥᠮᠦᠰ ᠲᠤ ᠣᠨᠣᠴᠠᠲᠠᠢ ᠬᠦᠷᠭᠡᠬᠦ ᠬᠡᠷᠡᠭᠲᠡᠢ ᠭᠡᠵᠦ ᠬᠡᠯᠡᠪᠡ᠃    ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠰᠠᠭᠤᠴᠠ ᠳᠤ᠂ ᠸᠠᠩ ᠯᠢ ᠰᠢᠶᠠ ᠬᠤᠨᠣᠭᠯᠠᠬᠤ ᠨᠥᠬᠦᠴᠡᠯ᠂ ᠡᠮᠴᠢᠯᠡᠭᠡᠨ ᠤ ᠦᠢᠯᠡᠴᠢᠯᠡᠭᠡ᠂ ᠠᠵᠢᠯᠲᠠᠨ ᠤ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯᠲᠠᠳ ᠲᠤ ᠡᠮᠴᠢᠯᠡᠭᠡ ᠰᠤᠪᠢᠯᠠᠯᠲᠠ ᠶᠢ ᠨᠢᠭᠡ ᠴᠤᠬᠴᠠᠵᠢᠭᠤᠯᠬᠤ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠰᠤᠲᠠᠳ ᠢ ᠨᠠᠷᠢᠯᠢᠭ ᠠᠰᠠᠷᠠᠨ ᠬᠠᠮᠠᠭᠠᠯᠠᠵᠤ᠂ ᠲᠡᠳᠡᠨ ᠤ ᠡᠷᠡᠭᠦᠯ ᠮᠡᠨᠳᠦ ᠪᠠ ᠠᠮᠤᠷ ᠲᠦᠪᠰᠢᠨ ᠢ ᠰᠠᠶᠢᠲᠤᠷ ᠪᠠᠲᠤᠯᠠᠬᠤ ᠬᠡᠷᠡᠭᠲᠡᠶ ᠭᠡᠵᠦ ᠵᠠᠬᠢᠪᠠ᠃ ᠲᠡᠷᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠢᠷᠡᠭᠡᠳᠦᠶ ᠭᠡᠭᠡᠨ ᠰᠠᠷᠠᠭᠤᠯ ᠪᠠᠶᠢᠨ᠎ᠠ᠂ ᠡᠷᠡᠭᠦᠯᠵᠢᠯ ᠰᠤᠪᠢᠯᠠᠯᠲᠠ ᠬᠢᠭᠡᠳ ᠵᠢᠭᠤᠯᠴᠢᠯᠠᠯ᠂ ᠰᠡᠯᠡᠭᠦᠴᠡᠯ᠂ ᠰᠣᠶᠣᠯ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠶᠢᠨ ᠠᠭᠤᠰᠤᠯᠴᠠᠯ ᠢ ᠠᠬᠢᠭᠤᠯᠵᠤ᠂ ᠴᠢᠨᠠᠷ ᠰᠠᠶᠢᠲᠠᠶ ᠡᠷᠡᠭᠦᠯᠵᠢᠯ ᠰᠤᠪᠢᠯᠠᠯᠲᠠ ᠶᠢᠨ ᠲᠥᠷᠥᠯ ᠲᠡᠮᠳᠡᠭ ᠢ ᠡᠭᠦᠳᠬᠦ ᠬᠡᠷᠡᠭᠲᠡᠶ ᠭᠡᠵᠥ ᠴᠢᠬᠤᠯᠠᠴᠢᠯᠠᠪᠠ᠃    ᠲᠠᠷᠠᠭ᠎ᠠ ᠨᠢ᠂ ᠸᠠᠩ ᠯᠢ ᠰᠢᠶᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠥᠬᠦᠳ ᠲᠠᠢ ᠭᠦᠨᠵᠡᠭᠡᠢ ᠶᠠᠷᠢᠯᠴᠠᠵᠤ᠂ ᠠᠵᠢᠯ ᠤᠨ ᠳᠤᠬᠠᠢ ᠰᠠᠨᠠᠯ ᠢᠶᠠᠨ ᠰᠣᠯᠢᠯᠴᠠᠪᠠ᠃ ᠲᠡᠷᠡ᠂ ᠵᠢᠭᠤᠯᠴᠢᠯᠠᠯ ᠤᠨ ᠦᠢᠯᠡᠰ ᠨᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠠᠵᠢᠯᠯᠠᠭ᠎ᠠ ᠨᠢᠭᠡᠪᠦᠷᠢ ᠶᠢ ᠨᠠᠷᠢᠨ ᠨᠢᠮᠪᠠᠶ ᠤᠬᠠᠭᠠᠯᠠᠨ ᠲᠥᠰᠦᠪᠯᠡᠵᠦ᠂ ᠵᠢᠭᠤᠯᠴᠢᠯᠠᠭᠰᠠᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠢᠷᠡᠪᠡᠯ ᠶᠠᠭᠤ ᠢᠳᠡᠬᠦ᠂ ᠶᠠᠭᠤ ᠤᠤᠭᠤᠬᠤ᠂ ᠶᠠᠭᠤ ᠨᠠᠭᠠᠳᠬᠤ᠂ ᠶᠠᠭᠤ ᠬᠤᠳᠠᠯᠳᠤᠨ ᠠᠪᠬᠤ᠂ ᠶᠠᠭᠤ ᠠᠪᠴᠤ ᠶᠠᠪᠤᠬᠤ ᠶᠢᠨ ᠳᠤᠭᠤᠷᠢᠨ ᠳᠤ ᠡᠵᠡᠩᠨᠡᠯᠲᠡ ᠶᠢᠨ ᠬᠡᠯᠪᠡᠷᠢ ᠪᠠᠨ ᠪᠠᠶᠠᠯᠢᠭᠵᠢᠭᠤᠯᠵᠥ᠂ ᠠᠬᠤᠢ ᠳᠠᠯᠠᠪᠠᠢ ᠶᠢ ᠪᠠᠶᠢᠷᠢᠯᠠᠭᠤᠯᠵᠥ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠢ ᠬᠥᠭᠵᠢᠶᠡᠨ ᠲᠠᠢ ᠪᠣᠯᠭᠠᠬᠤ ᠬᠡᠷᠡᠭᠲᠡᠶ᠃ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠰ ᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠪᠦᠬᠦ ᠣᠷᠣᠨ ᠤ ᠵᠢᠭᠤᠯᠴᠢᠯᠠᠯ ᠤᠨ ᠦᠢᠯᠡᠰ  ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠶᠠᠩ ᠶᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号