ᠰᠦᠨ ᠱᠤᠤ ᠴᠧᠩ ᠬᠥᠯᠥᠨ ᠪᠤᠶᠢᠷ ᠬᠤᠳᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/10
    4 ᠰᠠᠷ᠎ᠠ ᠶᠢᠨ 7 ᠠᠴᠠ 9 ᠤ ᠡᠳᠦᠷ ᠪᠤᠯᠳᠠᠯ᠎ᠠ᠂ ᠰᠦᠨ ᠱᠤᠤ ᠴᠧᠩ ᠬᠥᠯᠥᠨ ᠪᠤᠶᠢᠷ ᠬᠤᠲᠠ ᠶᠢᠨ ᠬᠡᠰᠡᠭ ᠬᠤᠰᠢᠭᠤ ᠬᠤᠲᠠ ᠲᠣᠭᠤᠷᠢᠭ ᠲᠤ ᠭᠦᠨᠵᠡᠭᠡᠶᠢᠷᠡᠵᠦ᠂ ᠠᠮᠢ ᠠᠬᠤᠶ ᠶᠢᠨ ᠬᠠᠮᠠᠭᠠᠯᠠᠯᠲᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠤ ᠶᠢ ᠵᠠᠰᠠᠬᠤ᠂ ᠠᠵᠤ ᠦᠢᠯᠡᠰ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃    ᠡᠷᠭᠦᠨ᠎ᠡ ᠬᠤᠳᠠ᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤᠨ ᠳᠤ᠂ ᠰᠦᠨ ᠱᠤᠤ ᠴᠧᠩ ᠬᠠᠮᠢᠶ᠎ᠠ ᠪᠦᠬᠦᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠬᠥᠯᠥᠨ ᠪᠤᠶᠢᠷ ᠤᠨ ᠠᠮᠢ ᠠᠬᠤᠢ ᠶᠢᠨ ᠪᠠᠶᠢᠷᠢ ᠰᠠᠭᠤᠷᠢ ᠲᠦᠢᠯ ᠤᠨ ᠴᠢᠬᠤᠯᠠ ᠶᠤᠮ᠂ ᠠᠮᠢ ᠠᠬᠤᠢ ᠶᠢᠨ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠡᠨᠡ ᠬᠦ ᠨᠣᠮᠢᠨ ᠨᠣᠭᠤᠭᠠᠨ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠠᠬᠤᠢ ᠶᠢᠨ ᠬᠥᠭᠵᠢᠯᠲᠡ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠪᠣᠭᠤᠮᠲᠠ ᠶᠢᠨ ᠡᠬᠢ ᠪᠠᠶᠠᠯᠢᠭ ᠪᠣᠯᠤᠨ ᠬᠢᠯᠢ ᠶᠢᠨ ᠠᠷᠠᠯᠵᠢᠶᠠᠨ ᠤ ᠲᠦᠷᠦ ᠶᠢᠨ ᠪᠤᠳᠤᠯᠭ᠎ᠠ ᠶᠢ ᠰᠠᠶᠢᠲᠤᠷ ᠠᠰᠢᠭᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠲᠣᠳᠣᠷᠬᠠᠢ ᠣᠶᠢᠯᠠᠭᠠᠵᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠴᠢᠷᠮᠠᠶᠢᠨ ᠰᠠᠶᠢᠳᠤᠷ ᠬᠢᠬᠦ ᠬᠡᠷᠡᠭᠲᠡᠢ᠃ ᠡᠯ᠎ᠡ ᠱᠠᠲᠤᠨ ᠤ ᠬᠢᠨ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠳᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠴᠢᠭᠯᠡᠬᠦᠯᠦᠯᠳᠤ ᠴᠢᠨᠠᠷᠲᠠᠢ ᠪᠠᠷ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠳᠡᠭᠡᠨ ᠬᠤᠶᠠᠷ ᠲᠠᠯ᠎ᠠ ᠶᠢ ᠠᠳᠬᠤᠵᠤ᠂ ᠪᠡᠯᠡ ᠮᠥᠩᠭᠦ ᠪᠠ ᠳᠦᠷᠦᠯ ᠵᠦᠢᠯ ᠤᠨ ᠳᠡᠮᠵᠢᠯᠭᠡ ᠶᠢ ᠢᠳᠡᠪᠬᠢᠲᠡᠢ ᠲᠡᠮᠡᠴᠡᠨ ᠤᠯᠬᠤ ᠮᠥᠷᠲᠡᠭᠡᠨ ᠪᠠᠰᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠠᠭᠠᠨ ᠪᠦᠬᠦ ᠲᠠᠯ᠎ᠠ ᠶᠢᠨ ᠪᠠᠶᠢᠬᠤ ᠬᠡᠷᠡᠭᠲᠡᠢ᠂ ᠤᠷᠮᠠᠰᠢᠭᠤᠯᠬᠤ ᠴᠢᠨᠠᠷᠲᠠᠢ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠪᠠᠷ ᠪᠠᠷᠠᠬᠤ ᠦᠭᠡᠢ ᠪᠠᠰᠠ ᠬᠢᠵᠠᠭᠠᠷᠯᠠᠬᠤ ᠴᠢᠨᠠᠷᠲᠠᠢ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠵᠢᠭᠦᠯᠵᠦ᠂ ᠬᠡᠯᠪᠠᠶᠢᠬᠦ ᠦᠭᠡᠢ᠂ ᠥᠭᠡᠷᠡᠲᠦᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠢᠯ ᠢᠶᠠᠨ ᠪᠦᠲᠦᠭᠡᠯᠴᠢ ᠪᠠᠷ ᠠᠬᠢᠭᠤᠯᠬᠤ ᠬᠡᠷᠡᠭᠲᠡᠶ᠂ ᠬᠠᠷᠢᠨ ᠲᠦᠭᠦᠮᠭᠡᠨ ᠢᠶᠠᠷ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ ᠪᠣᠯᠬᠤ ᠦᠭᠡᠶ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠤᠳᠤᠯᠬᠤ ᠳᠠᠭᠠᠨ ᠴᠢᠳᠠᠮᠠᠭᠠᠢ ᠪᠠᠶᠢᠬᠤ ᠬᠡᠷᠡᠭᠲᠡᠢ᠂ ᠠᠰᠠᠭᠤᠳᠠᠯ ᠳᠤ ᠰᠤᠨᠢᠨ ᠶᠠᠪᠤᠳᠠᠯ ᠲᠠᠭᠠᠷᠠᠪᠠᠴᠤ ᠦᠯᠦ ᠭᠠᠶᠢᠬᠠᠬᠤ᠂ ᠵᠠᠩᠰᠢᠭᠰᠠᠨ ᠪᠠᠶᠢᠵᠤ ᠪᠣᠯᠬᠤ ᠦᠭᠡᠢ᠃    ᠠᠵᠢᠯ ᠬᠢᠬᠦ ᠭᠡᠭᠰᠡᠭᠡᠷ ᠵᠠᠰᠠᠭ ᠤᠨ ᠣᠷᠳᠣᠨ ᠠᠴᠠ ᠪᠡᠯᠡ ᠤᠷᠤᠭᠤᠯᠬᠤ᠂ ᠨᠥᠬᠦᠪᠥᠷᠢ ᠥᠭᠬᠦ ᠰᠡᠳᠭᠢᠬᠦᠢ ᠶᠢᠨ ᠵᠠᠩᠰᠢᠯ ᠢ ᠬᠤᠪᠢᠷᠠᠭᠤᠯᠵᠤ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠪᠠ ᠲᠣᠭᠲᠠᠴᠠ ᠶᠢᠨ ᠬᠦᠴᠦᠨ ᠢ ᠬᠡᠷᠡᠭᠯᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠰᠤᠷᠬᠤ ᠬᠡᠷᠡᠭᠲᠡᠢ ᠭᠡᠪᠡ᠃    ᠬᠥᠯᠥᠨ ᠪᠤᠶᠢᠷ ᠤᠨ ᠡᠯᠡᠰᠦᠷᠬᠡᠭ ᠭᠠᠵᠠᠷ ᠪᠣᠯ ᠮᠠᠨ ᠤ ᠤᠯᠤᠰ ᠤᠨ ᠲᠦᠷᠪᠡᠨ ᠶᠡᠭᠡ ᠡᠯᠡᠰᠦᠷᠬᠡᠭ ᠭᠠᠵᠠᠷ ᠤᠨ ᠨᠢᠭᠡ ᠪᠣᠯᠤᠨ᠎ᠠ᠂ ᠰᠦᠨ ᠱᠤᠤ ᠴᠧᠩ ᠭᠠᠨᠵᠤᠤᠷ ᠰᠤᠮᠤ ᠶᠢᠨ ᠡᠯᠡᠰᠤ ᠶᠢ ᠵᠠᠰᠠᠬᠤ ᠲᠤᠬᠠᠢ ᠶᠢᠨ ᠲᠠᠯᠠᠪᠠᠢ ᠳᠤ ᠬᠦᠷᠴᠦ᠂ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠡᠯᠡᠰᠤ ᠶᠢ ᠵᠠᠰᠠᠬᠤ ᠡᠭᠦᠷᠭᠡ᠂ ᠥᠪᠡᠷ ᠤᠨ ᠦᠷᠳᠡᠭ᠂ ᠪᠡᠯᠡ ᠮᠥᠩᠭᠦ᠂ ᠲᠦᠭᠦᠬᠡᠢ ᠮᠠᠲ᠋ᠧᠷᠢᠶᠠᠯ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠪᠡᠯᠴᠢᠭᠡᠷᠯᠡᠭᠦᠯᠬᠦ ᠶᠢ ᠵᠤᠭᠰᠤᠭᠠᠵᠤ ᠰᠡᠯᠭᠦᠨ ᠮᠠᠯᠵᠢᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ ᠠᠬᠢᠭᠤᠯᠬᠤ ᠶᠢ ᠠᠳᠠᠯᠢᠬᠠᠨ ᠴᠢᠬᠤᠯᠠ ᠪᠠᠶᠢᠷᠢᠨ ᠳᠤ ᠲᠠᠯᠪᠢᠵᠤ ᠠᠳᠬᠤᠬᠤ ᠬᠡᠷᠡᠭᠲᠡᠶ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ ᠪᠠ ᠨᠤᠲᠤᠭ ᠪᠡᠯᠴᠢᠭᠡᠷ ᠤᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠱᠠᠩᠨᠠᠵᠤ ᠲᠣᠷᠭᠠᠬᠤ ᠶᠢ ᠲᠣᠳᠣᠷᠬᠠᠶ ᠪᠠᠶᠢᠯᠭᠠᠵᠤ᠂ ᠬᠠᠷᠢᠭᠤᠴᠠᠯᠭ᠎ᠠ ᠡᠷᠬᠡ ᠶᠢ ᠠᠳᠠᠯᠢ ᠲᠡᠭᠰᠢ ᠪᠠᠶᠢᠯᠭᠠᠬᠤ ᠬᠡᠷᠡᠭᠲᠡᠶ᠃ ᠶᠣᠰᠣ ᠤᠴᠢᠷ ᠢ ᠤᠯᠠᠨ ᠲᠦᠮᠡᠨ ᠳᠤ ᠲᠣᠳᠣᠷᠬᠠᠢ ᠶᠠᠷᠢᠵᠤ᠂ ᠮᠠᠯ ᠤᠨᠤᠭ᠎ᠠ ᠶᠢ ᠬᠡᠳᠦᠢ ᠠᠷᠪᠢᠨ ᠲᠡᠵᠢᠭᠡᠪᠡᠯ ᠲᠡᠳᠦᠢ ᠵᠣᠭᠤᠰ ᠤᠯᠬᠤ ᠪᠢᠰᠢ᠂ ᠴᠥᠭᠡᠨ ᠲᠡᠵᠢᠭᠡᠵᠦ ᠨᠠᠷᠢᠯᠢᠭ ᠲᠡᠵᠢᠭᠡᠪᠡᠯ ᠣᠷᠣᠯᠭ᠎ᠠ ᠪᠠᠨ ᠨᠡᠮᠡᠭᠳᠡᠭᠦᠯᠵᠦ ᠴᠢᠳᠠᠬᠤ ᠮᠥᠷᠲᠡᠭᠡᠨ ᠨᠤᠲᠤᠭ ᠪᠡᠯᠴᠢᠭᠡᠷ ᠢ ᠴᠤ ᠬᠠᠮᠠᠭᠠᠯᠠᠵᠤ ᠴᠢᠳᠠᠬᠤ ᠶᠤᠮ᠃ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠬᠤ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠳᠠᠭᠠᠨ ᠴᠢᠳᠠᠮᠠᠭᠠᠢ ᠪᠠᠶᠢᠵᠤ᠂ ᠨᠠᠶᠢᠯᠵᠠᠭᠤᠷ ᠬᠠᠷᠠᠭᠠᠨ᠎ᠠ ᠵᠡᠷᠭᠡ ᠲᠠᠷᠢᠮᠠᠯ ᠢ ᠲᠡᠭᠰᠢ ᠭᠤᠤᠷᠰᠤ ᠪᠠᠷ ᠠᠰᠢᠭᠯᠠᠬᠤ ᠠᠵᠢᠯ ᠢ ᠰᠠᠶᠢᠲᠤᠷ ᠬᠢᠵᠦ᠂ ᠪᠣᠷᠳᠤᠭ᠎ᠠ ᠡᠳ᠋ᠰᠢᠭᠦᠯᠬᠦ᠂ ᠬᠠᠰᠢᠶᠠᠯᠠᠨ ᠲᠡᠵᠢᠭᠡᠬᠦ ᠶᠢ ᠢᠳᠡᠪᠬᠢᠲᠡᠢ ᠬᠥᠭᠵᠢᠭᠦᠯᠵᠦ᠂ ᠡᠯᠡᠰᠤ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠵᠤ᠂ ᠡᠯᠡᠰᠤ ᠶᠢ ᠵᠠᠰᠠᠬᠤ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠬᠡᠷᠡᠭᠲᠡᠢ ᠭᠡᠪᠡ᠃    ᠡᠷᠭᠦᠨ᠎ᠡ ᠶᠢᠨ ᠨᠤᠭᠤ ᠭᠠᠵᠠᠷ ᠲᠤ᠂ ᠰᠦᠨ ᠱᠤᠤ ᠴᠧᠩ ᠨᠤᠭᠤ ᠭᠠᠵᠠᠷ ᠤᠨ ᠪᠠᠶᠢᠭᠠᠯᠢ ᠶᠢᠨ ᠦᠵᠡᠮᠵᠢ ᠪᠣᠯᠤᠨ ᠡᠷᠬᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠨᠤᠭᠤ ᠭᠠᠵᠠᠷ ᠤᠨ ᠬᠠᠮᠠᠭᠠᠯᠠᠯᠲᠠ ᠪᠣᠯᠤᠨ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠤᠭᠤ ᠭᠠᠵᠠᠷ ᠤᠨ ᠤᠤᠭᠠᠯ ᠠᠮᠢ ᠠᠬᠤᠢ ᠪᠣᠯ ᠲᠤᠰ ᠭᠠᠵᠠᠷ ᠣᠷᠣᠨ ᠤ ᠵᠢᠭᠤᠯᠴᠢᠯᠠᠯ ᠢ ᠬᠥᠭᠵᠢᠭᠦᠯᠬᠦ ᠬᠠᠮᠤᠭ ᠤᠨ ᠶᠡᠭᠡ ᠬᠦᠷᠦᠩᠭᠡ ᠮᠥᠨ᠂ ᠵᠢᠭᠤᠯᠴᠢᠯᠠᠯ ᠢ ᠨᠡᠭᠡᠭᠡᠨ ᠠᠰᠢᠭᠯᠠᠬᠤ ᠳᠤ ᠵᠠᠪᠠᠯ ᠨᠤᠭᠤ ᠭᠠᠵᠠᠷ ᠢ ᠬᠠᠮᠠᠭᠠᠯᠠᠬᠤ ᠪᠠᠷ ᠤᠷᠢᠲᠠᠯ ᠪᠣᠯᠭᠠᠬᠤ ᠬᠡᠷᠡᠭᠲᠡᠢ᠂ ᠬᠠᠯᠲᠤ ᠮᠥᠯᠲᠥ ᠪᠠᠷ ᠨᠡᠭᠡᠭᠡᠨ ᠠᠰᠢᠭᠯᠠᠵᠦ ᠪᠦᠲᠦᠭᠡᠨ ᠪᠠᠶᠢᠭᠤᠯᠤᠯᠲᠠ ᠬᠢᠬᠦ ᠶᠢ ᠳᠡᠪᠴᠢᠵᠦ᠂ ᠵᠢᠭᠤᠯᠴᠢᠯᠠᠭᠰᠠᠳ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠵᠣᠯᠭᠠᠭᠤᠯᠵᠤ᠂ ᠵᠢᠭᠤᠯᠴᠢᠯᠠᠯ ᠤᠨ ᠵᠠᠮ ᠱᠤᠭᠤᠮ ᠪᠣᠯᠤᠨ ᠦᠢᠯᠡᠳᠬᠦᠨ ᠢ ᠨᠠᠷᠢᠯᠢᠭ ᠵᠢᠷᠤᠵᠤ ᠲᠥᠯᠥᠪᠯᠡᠨ᠂ ᠵᠢᠭᠤᠯᠴᠢᠯᠠᠭᠰᠠᠳ ᠲᠤ ᠬᠦᠷᠦᠯᠴᠡᠨ ᠢᠷᠡᠭᠰᠡᠨ ᠨᠢ ᠤᠳᠬ᠎ᠠ ᠠᠭᠤᠯᠭ᠎ᠠ ᠲᠠᠢ ᠪᠠᠶᠢᠬᠤ ᠶᠢ ᠰᠠᠨᠠᠬᠳᠠᠭᠤᠯᠵᠥ᠂ ᠰᠠᠯᠵᠦ ᠲᠦᠪᠳᠡᠬᠦ ᠦᠭᠡᠢ ᠪᠠᠶᠢᠬᠤ ᠪᠤᠯᠭᠠᠬᠤ ᠬᠡᠷᠡᠭᠳᠡᠢ ᠭᠡᠵᠦ ᠬᠡᠯᠡᠪᠡ᠃    ᠰᠦᠨ ᠱᠤᠤ ᠴᠧᠩ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠲᠥᠪ ᠤᠨ ᠨᠥᠭᠡᠴᠡᠯᠡᠬᠦ ᠬᠥᠮᠥᠷᠭᠡ ᠳᠤ ᠲᠤᠰᠬᠠᠶᠢᠯᠠᠨ ᠬᠦᠷᠴᠦ᠂ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠪᠣᠯᠤᠨ ᠲᠦᠢᠮᠡᠷ ᠢ ᠤᠨᠲᠠᠷᠠᠭᠠᠬᠤ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠤᠬᠠᠶ ᠶᠢᠨ ᠭᠠᠵᠠᠷ ᠤᠨ ᠶᠠᠮᠠᠷ ᠬᠦᠴᠢᠷᠳᠡᠯ ᠪᠠᠶᠢᠬᠤ᠂ ᠰᠡᠷᠭᠡᠶᠢᠯᠡᠬᠦ ᠪᠠ ᠤᠨᠲᠠᠷᠠᠭᠠᠬᠤ ᠶᠢ ᠵᠣᠯᠭᠠᠭᠤᠯᠵᠤ ᠴᠢᠳᠠᠭᠰᠠᠨ ᠡᠰᠡᠬᠦ ᠶᠢ ᠠᠰᠠᠭᠤᠨ ᠯᠠᠪᠯᠠᠪᠠ᠃ ᠲᠡᠷᠡ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠲᠡᠮᠡᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠪᠣᠳᠠᠲᠠᠢ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃    ᠡᠨᠡ ᠬᠤᠭᠤᠴᠠᠭᠠᠨ ᠳᠤ᠂ ᠰᠦᠨ ᠱᠤᠤ ᠴᠧᠩ ᠪᠠᠰᠠ ᠵᠠᠯᠠᠶᠢᠨᠠᠭᠤᠷ ᠮᠦᠽᠧᠢ ᠶᠢ ᠲᠣᠭᠤᠷᠢᠨ ᠦᠵᠡᠵᠦ᠂ ᠮᠠᠯᠵᠢᠬᠤ ᠲᠠᠷᠢᠶᠠᠯᠠᠬᠤ ᠡᠷᠦᠬᠡ ᠪᠠᠷ ᠡᠷᠬᠢᠨ ᠦᠵᠡᠪᠡ᠃    ᠢᠦᠢ ᠯᠢ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号