ᠡᠵᠡᠨ᠎ᠡ ᠬᠤᠰᠢᠭᠤ᠄ ︽ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠬᠤ ᠴᠣᠩᠬᠤ︾᠎ ᠶᠢ ᠨᠡᠭᠡᠭᠡᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/4/11
     ᠣᠶᠢᠷ᠎ᠠ ᠳᠤ᠂ ᠡᠵᠡᠨ᠎ᠡ ᠬᠤᠰᠢᠭᠤ ︽ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠬᠤ ᠴᠣᠩᠬᠤ︾᠎ ᠶᠢ ᠨᠡᠭᠡᠭᠡᠵᠦ᠂ ᠦᠨᠡᠨᠴᠢ ᠢᠲᠡᠭᠡᠮᠵᠢᠲᠡᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠨ ᠨᠡᠮᠡᠷᠢᠯᠡᠪᠡ᠃ ︽ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠬᠤ ᠴᠤᠩᠬᠤ︾᠎ ᠨᠢ  ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠳᠡᠮᠵᠢᠯᠭᠡ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠵᠡᠷᠭᠡ ᠬᠦᠷᠢᠶᠡᠨ ᠳᠠᠬᠢ ᠠᠮᠠᠯᠠᠯᠲᠠ ᠶᠢᠨ ᠵᠦᠢᠯᠡᠰ ᠤᠨ ᠭᠡᠷ᠎ᠡ ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠭᠥᠯᠢᠶᠡᠨ ᠠᠪᠴᠤ ᠰᠢᠢᠳᠪᠦᠷᠢᠯᠡᠵᠦ᠂ ᠭᠦᠢᠴᠡᠳᠭᠡᠬᠦ ᠴᠤᠪᠤᠷᠠᠯ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ ᠳᠠᠬᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ︽ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠬᠤ ᠴᠤᠩᠬᠤ︾᠎ ᠳᠤ AB ᠠᠵᠢᠯ ᠤᠨ ᠪᠠᠶᠢᠷᠢ ᠶᠢᠨ ᠲᠦᠷᠢᠮ ᠶᠣᠰᠣᠭᠠᠷ ᠠᠵᠢᠯᠲᠠᠨ ᠳᠣᠭᠢᠷᠠᠭᠤᠯᠵᠤ᠂ ᠲᠤᠰᠬᠠᠶ ᠬᠥᠮᠦᠨ ᠢᠶᠠᠷ ᠠᠵᠤ ᠠᠬᠤᠶᠢᠯᠠᠯ ᠣᠯᠠᠨ ᠲᠦᠮᠡᠨ ᠤ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠭᠤᠯᠤᠨ᠂ ᠠᠵᠢᠯ ᠤᠨ ᠡᠬᠡ ᠲᠠᠩᠰᠠ ᠪᠠᠶᠢᠭᠤᠯᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠳᠡᠩᠰᠡᠯᠡᠨ ᠲᠡᠮᠳᠡᠭᠯᠡᠵᠦ᠂ ᠵᠠᠳᠠᠯᠤᠨ ᠰᠤᠳᠤᠯᠵᠤ ᠮᠠᠭᠠᠳᠯᠠᠨ᠂ ᠲᠥᠷᠥᠯ ᠬᠤᠪᠢᠶᠠᠨ ᠰᠢᠯᠵᠢᠭᠦᠯᠦᠨ ᠰᠢᠢᠳᠪᠦᠷᠢᠯᠡᠵᠦ᠂ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠰᠢᠯᠵᠢᠭᠦᠯᠦᠨ ᠰᠢᠢᠳᠪᠦᠷᠢᠯᠡᠭᠰᠡᠨ ᠠᠰᠠᠭᠤᠳᠠᠯ ᠢ ᠮᠥᠷᠳᠡᠨ ᠳᠣᠭᠢᠷᠠᠭᠤᠯᠵᠤ᠂ ᠭᠥᠯᠢᠶᠡᠨ ᠠᠪᠴᠤ ᠰᠢᠢᠳᠪᠦᠷᠢᠯᠡᠭᠰᠡᠨ ᠠᠰᠠᠭᠤᠳᠠᠯ ᠢ ᠡᠮᠬᠢᠯᠡᠨ ᠬᠠᠷᠢᠭᠤ ᠲᠤᠰᠬᠠᠵᠤ᠂ ᠣᠯᠠᠨ ᠲᠦᠮᠡᠨ ᠤ ᠠᠵᠢᠯ ᠶᠠᠪᠤᠳᠠᠯ ᠢ ᠰᠢᠢᠳᠪᠦᠷᠢᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号