ᠣᠳᠣᠬᠠᠨ ᠳᠤ ᠮᠠᠨ ᠤ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠶᠠᠮᠠᠷ ᠪᠤᠢ︖ ᠥᠨᠥ ᠵᠢᠯ | ᠮᠠᠨ ᠤ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠭᠤᠤᠯᠳᠠᠯᠭ᠎ᠠ ᠲᠠᠢ ᠠᠵᠢᠯ ᠶᠠᠭᠤ ᠶᠠᠭᠤ ᠪᠠᠶᠢᠬᠤ ᠪᠣᠶ︖ | ᠠᠯᠠᠱᠠ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ ᠸᠠᠩ ᠳ᠋ᠦᠩ ᠬᠠᠮᠢᠶ᠎ᠠ ᠪᠥᠬᠦᠶ | ᠠᠰᠠᠭᠤᠳᠠᠯ ᠤᠨ ᠲᠤᠬᠠᠶ ᠶᠠᠷᠢᠯᠴᠠᠪᠠ᠃ | ᠬᠥᠲᠥᠯᠥᠭᠴᠢ᠄ ᠣᠳᠣᠬᠠᠨ ᠳᠤ ᠮᠠᠨ ᠤ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠶᠠᠮᠠᠷ | ᠪᠤᠢ︖ | ᠸᠠᠩ ᠳ᠋ᠦᠩ᠄ ᠣᠶᠢᠷ᠎ᠠ ᠶᠢᠨ ᠵᠢᠯ ᠳᠤ᠂ ᠮᠠᠨ ᠤ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠣᠯᠪᠠᠴᠤ ᠲᠡᠶᠢᠮᠦ ᠰᠠᠶᠢᠨ ᠪᠢᠰᠢ ᠪᠠᠶᠢᠨ᠎ᠠ᠃ ᠣᠳᠣᠬᠠᠨ ᠳᠤ᠂ ᠮᠠᠨ ᠤ | ᠠᠶᠢᠮᠠᠭ ᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠨᠢ ᠭᠤᠣᠯᠳᠠᠭᠤ ᠬᠥᠳᠡᠯᠮᠦᠷᠢ ᠶᠢᠨ ᠪᠠᠲᠤᠯᠠᠭ᠎ᠠ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠬᠦᠳᠡᠭᠡ ᠠᠵᠤ ᠠᠬᠤᠢ ᠂ ᠪᠠᠶᠢᠭᠠᠯᠢ ᠶᠢᠨ ᠡᠬᠢ | ᠪᠠᠶᠠᠯᠢᠭ ᠪᠠ ᠬᠠᠤᠯᠢ ᠳᠤ ᠬᠤᠯᠪᠣᠭᠳᠠᠭᠰᠠᠨ ᠵᠠᠭᠠᠯᠳᠤᠯᠭ᠎ᠠ ᠵᠡᠷᠭᠡ ᠲᠠᠯ᠎ᠠ ᠳᠤ ᠲᠥᠪᠯᠡᠷᠡᠵᠦ᠂ ᠳᠥᠷᠪᠡᠨ ᠱᠠᠲᠤᠨ ᠤ | ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠬᠡᠮᠵᠢᠶᠡᠨ ᠤ 70 % ᠣᠷᠴᠢᠮ ᠢ ᠡᠵᠡᠯᠡᠵᠦ᠂ ᠬᠤᠰᠢᠭᠤ ᠤᠷᠤᠨ ᠪᠠ | ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠠᠩᠬᠠᠷᠤᠯ ᠢ ᠲᠠᠲᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠡᠭᠦᠷᠭᠡᠯᠡᠵᠦ᠂ ᠵᠥᠷᠢᠴᠡᠯ ᠢ ᠢᠳᠡᠪᠬᠢᠲᠡᠢ ᠰᠢᠢᠳᠪᠦᠷᠢᠯᠡᠬᠦ ᠴᠢᠬᠤᠯᠠᠲᠠᠢ᠃ | ᠬᠥᠲᠥᠯᠥᠭᠴᠢ᠄ ᠡᠨᠡ ᠵᠢᠯ ᠪᠦᠬᠦ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠭᠤᠤᠯᠳᠠᠯᠭ᠎ᠠ ᠲᠠᠢ ᠠᠵᠢᠯ | ᠶᠠᠭᠤ ᠶᠠᠭᠤ ᠪᠠᠶᠢᠬᠤ ᠪᠣᠶ︖ | ᠸᠠᠩ ᠳ᠋ᠦᠩ᠄ 2024 ᠣᠨ ᠳᠤ᠂ ᠪᠦᠬᠦ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠨᠢ ᠰᠢᠨ᠎ᠡ ︽ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠨᠠᠶᠢᠳᠠᠪᠤᠷᠢᠵᠢᠭᠤᠯᠬᠤ᠂ ᠬᠠᠥᠯᠢ ᠪᠠᠷ ᠵᠠᠰᠠᠬᠤ ᠶᠢ ᠠᠬᠢᠭᠤᠯᠬᠤ᠂ | ᠶᠡᠭᠡ ᠪᠠᠶᠢᠷᠢᠰᠢᠯ ᠢ ᠪᠠᠶᠢᠭᠤᠯᠬᠤ ᠪᠠᠷ ᠭᠤᠣᠯ ᠱᠤᠭᠤᠮ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ | ᠠᠵᠢᠯ ᠢ ᠵᠢᠷᠤᠮᠵᠢᠭᠤᠯᠬᠤ ᠪᠠᠶᠢᠭᠤᠯᠤᠯᠲᠠ ᠶᠢ ᠦᠨᠡᠯᠡᠨ ᠪᠠᠶᠢᠴᠠᠭᠠᠬᠤ᠂ ᠶᠡᠭᠡ ᠰᠢᠮᠳᠠᠭᠤᠯᠤᠨ ᠪᠠᠶᠢᠴᠠᠭᠠᠯᠲᠠ ᠶᠡᠭᠡ | ᠰᠤᠷᠪᠤᠯᠵᠢᠯᠠᠭ᠎ᠠ ᠶᠢ ᠬᠦᠯᠢᠶᠡᠨ ᠠᠪᠬᠤ ᠶᠡᠭᠡ ᠪᠠᠶᠢᠴᠠᠭᠠᠨ ᠰᠤᠳᠤᠯᠤᠯᠲᠠ᠂ ︽ᠬᠠᠮᠤᠭ ᠤᠨ ᠰᠢᠯᠢᠳᠡᠭ ᠵᠠᠬᠢᠳᠠᠯ | ᠰᠤᠷᠪᠤᠯᠵᠢᠯᠠᠭ᠎ᠠ ᠶᠢᠨ ᠺᠠᠳ᠋ᠷ ᠢ ᠡᠷᠢᠬᠦ︾ ᠭᠤᠷᠪᠠᠨ ᠵᠦᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠤᠯᠤᠰ ᠲᠦᠷᠦ ᠶᠢᠨ ᠪᠠᠶᠢᠭᠤᠯᠭ᠎ᠠ ᠶᠢ ᠪᠠᠶᠢᠭᠤᠯᠬᠤ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠥᠯᠢ ᠪᠠᠷ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ | ᠡᠭᠦᠰᠦᠯ ᠠᠴᠠ ᠨᠢ ᠵᠠᠰᠠᠬᠤ ᠪᠠ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠪᠠᠶᠢᠭᠤᠯᠣᠯ ᠲᠣᠭᠲᠠᠴᠠ ᠶᠢᠨ ᠥᠭᠡᠷᠡᠴᠢᠯᠡᠯᠲᠡ᠂ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ ᠤᠨ ᠡᠩᠨᠡᠭᠡᠨ ᠤ | ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠠᠬᠢᠭᠤᠯᠤᠨ᠎ᠠ᠃ | ᠬᠥᠲᠥᠯᠥᠭᠴᠢ᠄ ᠡᠨᠡ ᠵᠢᠯ ᠮᠠᠨ ᠤ ᠠᠶᠢᠮᠠᠭ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠡᠷᠬᠢᠨ ᠬᠠᠥᠯᠢ ᠪᠠᠷ | ᠵᠠᠰᠠᠬᠤ ᠪᠣᠶ︖ | ᠸᠠᠩ ᠳ᠋ᠦᠩ᠄ ᠣᠳᠣᠬᠠᠨ ᠳᠤ᠂ ᠮᠠᠨ ᠤ ᠠᠶᠢᠮᠠᠭ ᠨᠢᠭᠡᠨᠲᠡ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ | ᠬᠠᠤᠯᠢ ᠪᠠᠷ ᠵᠠᠰᠠᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠠᠮᠲᠤᠷᠠᠨ ᠬᠢᠨᠠᠬᠤ | ᠲᠣᠭᠲᠠᠴᠠ ᠶᠢ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠵᠢᠯᠣᠭᠤᠳᠬᠤ ᠪᠠᠨ | ᠴᠢᠩᠭᠠᠳᠬᠠᠬᠤ ᠶᠢᠨ ᠬᠠᠮᠲᠤ ᠡᠨᠡ ᠵᠢᠯ ᠢ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠣᠨ︾ ᠢᠶᠠᠷ ᠲᠣᠭᠲᠠᠭᠠᠪᠠ᠃ | ᠨᠢᠭᠡ ᠲᠠᠯ᠎ᠠ ᠪᠠᠷ᠂ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ ᠦᠨᠡᠯᠡᠨ | ᠪᠠᠶᠢᠴᠠᠭᠠᠬᠤ ᠠᠵᠢᠯ ᠢ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠠᠨ ᠠᠪᠴᠤ ᠰᠢᠢᠳᠪᠦᠷᠢᠯᠡᠬᠦ | ᠶᠠᠪᠤᠴᠠ ᠳᠠᠬᠢ ᠲᠤᠪᠤᠶᠢᠮ᠎ᠠ ᠠᠰᠠᠭᠤᠳᠠᠯ ᠤᠨ ᠲᠣᠭᠤᠷᠢᠨ ᠳᠤ ᠠᠯᠳᠠᠭ᠎ᠠ ᠪᠠᠨ ᠵᠠᠯᠠᠷᠠᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠨᠢᠭᠡᠪᠦᠷᠢ ᠶᠢ ᠴᠥᠮ ᠬᠠᠤᠯᠢ ᠪᠠᠷ ᠵᠠᠰᠠᠬᠤ ᠪᠠ ᠵᠢᠷᠤᠮᠵᠢᠭᠤᠯᠬᠤ ᠳᠤᠮᠳᠠ ᠬᠦᠯᠢᠶᠠᠨ | ᠠᠪᠴᠤ᠂ ᠰᠢᠢᠳᠪᠦᠷᠢᠯᠡᠬᠦ ᠪᠠ ᠡᠷᠭᠢᠯᠲᠡ ᠳᠤ ᠣᠷᠣᠭᠤᠯᠵᠤ᠂ ᠬᠦᠯᠢᠶᠠᠨ ᠠᠪᠬᠤ ᠰᠠᠯᠠᠭ᠎ᠠ ᠮᠥᠴᠢᠷ ᠶᠠᠪᠣᠴᠠ ᠶᠢ | ᠠᠬᠢᠭᠤᠯᠵᠤ᠂ ᠭᠦᠢᠴᠡᠳᠭᠡᠬᠦ ᠰᠠᠯᠠᠭ᠎ᠠ ᠮᠥᠴᠢᠷ ᠰᠢᠢᠳᠪᠦᠷᠢᠯᠡᠬᠦ ᠶᠢ ᠬᠠᠷᠢᠭᠤᠴᠠᠬᠤ ᠠᠵᠢᠯ ᠤᠨ ᠪᠠᠶᠢᠳᠠᠯ ᠢ ᠦᠨᠡᠨ ᠬᠦ | ᠪᠤᠢ ᠪᠣᠯᠭᠠᠪᠠ᠃ | ᠨᠥᠭᠦᠭᠡ ᠲᠠᠯ᠎ᠠ ᠪᠠᠷ᠂ ᠤᠬᠠᠭᠤᠯᠭ᠎ᠠ ᠪᠣᠯᠪᠠᠰᠤᠷᠠᠯ ᠬᠥᠮᠦᠵᠢᠯ ᠢ ᠴᠢᠩᠭᠠᠳᠬᠠᠵᠤ᠂ ᠡᠯ᠎ᠡ ᠱᠠᠲᠤᠨ ᠤ ᠵᠠᠬᠢᠳᠠᠯ | ᠰᠤᠷᠪᠤᠯᠵᠢᠯᠠᠭ᠎ᠠ ᠶᠢᠨ ᠬᠦᠯᠢᠶᠡᠨ ᠠᠪᠬᠤ ᠲᠠᠯᠠᠪᠤᠷ ᠲᠤ ᠬᠠᠤᠯᠢ ᠲᠣᠭᠲᠠᠭᠠᠯ ᠶᠣᠰᠣᠭᠠᠷ ᠵᠠᠬᠢᠳᠠᠯ ᠰᠤᠷᠪᠤᠯᠵᠢᠯᠠᠭ᠎ᠠ ᠶᠢᠨ | ︽ᠠᠵᠢᠯ ᠤᠨ ᠶᠠᠪᠣᠴᠠ ᠶᠢᠨ ᠵᠢᠷᠤᠭ︾᠂ ︽ᠬᠦᠲᠦᠯᠬᠦ ᠵᠢᠷᠤᠭ︾ ᠪᠠ ︽ᠵᠠᠬᠢᠳᠠᠯ ᠰᠤᠷᠪᠤᠯᠵᠢᠯᠠᠭ᠎ᠠ ᠶᠢᠨ | ᠬᠠᠤᠯᠢ ᠪᠠᠷ ᠵᠠᠰᠠᠬᠤ ᠠᠵᠢᠯ ᠤᠨ ᠵᠢᠯᠤᠭᠤᠳᠤᠮᠵᠢ︾ ᠵᠡᠷᠭᠡ ᠶᠢ ᠨᠠᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ | ᠵᠠᠰᠠᠬᠤ ᠪᠠᠶᠢᠭᠤᠯᠤᠯᠲᠠ ᠶᠢᠨ ᠲᠣᠭᠤᠷᠢᠨ ᠳᠤ 5 ᠤᠳᠠᠭᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ | ᠥᠷᠨᠢᠭᠦᠯᠵᠦ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠪᠠ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠬᠠᠤᠯᠢ ᠪᠠᠷ ᠵᠠᠰᠠᠬᠤ ᠠᠭᠤᠯᠭ᠎ᠠ ᠶᠢ ᠡᠯ᠎ᠡ ᠱᠠᠲᠤᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ | ᠲᠥᠯᠥᠪᠯᠡᠭᠡ ᠳᠤ ᠣᠷᠣᠭᠤᠯᠪᠠ᠃ | | | | | | | | | ᠪᠢᠳᠡ ︽ᠬᠤᠣᠰ ᠴᠢᠭᠯᠡᠯ ᠢᠶᠠᠷ ᠵᠢᠷᠤᠮᠵᠢᠭᠤᠯᠬᠤ︾ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ | ᠬᠠᠥᠯᠢ ᠪᠠᠷ ᠵᠠᠰᠠᠬᠤ ᠶᠢ ᠠᠬᠢᠭᠤᠯᠪᠠ᠃ ᠨᠢᠭᠡ ᠲᠠᠯ᠎ᠠ ᠪᠠᠷ᠂ ᠵᠠᠬᠢᠳᠠᠯ ᠰᠤᠷᠪᠤᠯᠵᠢᠯᠠᠭ᠎ᠠ ᠶᠢᠨ ᠠᠵᠢᠯᠲᠠᠨ ᠤ | ᠠᠵᠢᠯᠯᠠᠭ᠎ᠠ ᠶᠢ ᠵᠢᠷᠤᠮᠵᠢᠭᠤᠯᠵᠤ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠵᠦ᠂ ᠬᠠᠷᠢᠭᠤᠴᠠᠯᠭ᠎ᠠ ᠶᠢ ᠵᠠᠪᠠᠯ | ᠴᠢᠩᠭ᠎ᠠ ᠨᠡᠬᠡᠮᠵᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠪᠣᠲᠠᠲᠠᠶᠢᠵᠢᠭᠤᠯᠬᠤ ᠶᠢ ᠠᠬᠢᠭᠤᠯᠪᠠ︔ ᠨᠦᠭᠦᠭᠡ | ᠲᠠᠯ᠎ᠠ ᠪᠠᠷ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠬᠦᠲᠦᠯᠦᠨ | ᠵᠢᠯᠣᠭᠤᠳᠴᠤ ᠵᠢᠷᠤᠮᠵᠢᠭᠤᠯᠪᠠ᠃ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠠᠵᠢᠯ ᠤᠨ ᠬᠠᠮᠢᠶᠠᠷᠤᠯᠲᠠ ᠶᠢᠨ ᠰᠢᠳᠭᠡᠯ ᠤᠨ ᠬᠠᠤᠯᠢ︾᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠳᠤ ᠵᠠᠬᠢᠳᠠᠯ | ᠰᠤᠷᠪᠤᠯᠵᠢᠯᠠᠭ᠎ᠠ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠪᠠᠶᠢᠳᠠᠯ ᠪᠠ ᠰᠢᠢᠳᠪᠦᠷᠢᠯᠡᠬᠦ ᠰᠠᠨᠠᠯ ᠵᠡᠷᠭᠡ ᠶᠢ | ᠲᠣᠳᠣᠷᠬᠠᠶᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ | ᠰᠢᠢᠳᠪᠦᠷᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠠᠨ ᠲᠦᠮᠡᠨ ᠤ ᠬᠠᠤᠯᠢ ᠶᠣᠰᠣᠭᠠᠷ | ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠤᠯᠠᠨ ᠨᠡᠶᠢᠲᠡ ᠶᠢᠨ ᠡᠮᠬᠢ ᠵᠢᠷᠤᠮ ᠪᠠ ᠵᠠᠬᠢᠳᠠᠯ ᠰᠤᠷᠪᠤᠯᠵᠢᠯᠠᠭ᠎ᠠ ᠶᠢᠨ | ᠡᠮᠬᠢ ᠵᠢᠷᠤᠮ ᠢ ᠤᠬᠠᠮᠰᠠᠷ ᠠᠴᠠ ᠪᠠᠨ ᠵᠢᠷᠤᠮᠯᠠᠬᠤ ᠶᠢ ᠬᠥᠳᠤᠯᠤᠨ ᠵᠢᠯᠤᠭᠤᠳᠪᠠ᠃ | | | | | | | | | ᠬᠥᠲᠥᠯᠥᠭᠴᠢ᠄ ᠡᠨᠡ ᠵᠢᠯ ᠤᠨ 1 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ︽ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ︾ ᠢ | ᠳᠠᠷᠤᠮᠠᠯᠯᠠᠨ ᠲᠠᠷᠬᠠᠭᠠᠪᠠ᠂ ᠡᠭᠦᠨ ᠢ ᠮᠠᠨ ᠤ ᠠᠶᠢᠮᠠᠭ ᠬᠡᠷᠬᠢᠨ ᠨᠠᠶᠢᠳᠠᠪᠤᠷᠢᠵᠢᠭᠤᠯᠤᠭᠰᠠᠨ ᠪᠣᠶ︖ | ᠸᠠᠩ ᠳ᠋ᠦᠩ᠄ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ︽ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ | ᠭᠦᠢᠴᠡᠳᠭᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ︾ ᠤᠨ ᠱᠠᠭᠠᠷᠳᠠᠯᠭ᠎ᠠ ᠶᠣᠰᠣᠭᠠᠷ᠂ ︽ | ᠠᠯᠠᠱᠠ ᠶᠢᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠬᠡᠷᠡᠭᠵᠢᠭᠦᠯᠬᠦ ᠲᠥᠰᠦᠯ︾ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠣᠷᠣᠯᠠᠨ ᠭᠦᠢᠴᠡᠳᠭᠡᠬᠦ ᠴᠤᠪᠤᠷᠠᠯ ᠢ ᠨᠠᠷᠢᠯᠢᠭᠵᠢᠭᠤᠯᠵᠤ᠂ ᠣᠷᠣᠯᠠᠨ ᠭᠦᠢᠴᠡᠳᠭᠡᠬᠦ | ᠬᠠᠷᠢᠭᠤᠴᠠᠯᠭ᠎ᠠ ᠶᠢ ᠲᠤᠳᠤᠷᠬᠠᠶᠢᠯᠠᠵᠣ᠂ ᠬᠤᠰᠢᠭᠤ ᠣᠷᠤᠨ᠂ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ︽ᠭᠤᠷᠪᠠᠨ ᠱᠠᠲᠤᠨ ᠤ ᠱᠦᠵᠢ ᠣᠷᠣᠯᠠᠨ ᠭᠦᠢᠴᠡᠳᠭᠡᠬᠦ ᠶᠢ ᠠᠳᠬᠤᠬᠤ︾ | ᠲᠣᠭᠲᠠᠴᠠ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠱᠦᠵᠢ ᠲᠡᠷᠢᠭᠦᠨ ᠵᠡᠷᠭᠡ ᠶᠢᠨ ᠣᠷᠣᠯᠠᠨ | ᠭᠦᠢᠴᠡᠳᠬᠡᠭᠴᠢ ᠶᠢᠨ ᠲᠤᠰᠢᠶᠠᠯ ᠢ ᠡᠭᠦᠷᠭᠡᠯᠡᠵᠦ᠂ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠵᠠᠰᠠᠭ ᠤᠨ | ᠨᠢᠭᠡᠳᠦᠭᠡᠷ ᠬᠠᠷᠢᠭᠤᠴᠠᠯᠭᠠᠲᠠᠨ ᠲᠡᠷᠢᠭᠦᠨ ᠵᠡᠷᠭᠡ ᠶᠢᠨ ᠣᠷᠣᠯᠠᠨ ᠭᠦᠢᠴᠡᠳᠬᠡᠭᠴᠢ ᠪᠣᠯᠵᠤ᠂ ᠬᠤᠰᠢᠭᠤᠨ ︵ᠣᠷᠣᠨ︶ | ᠤ ᠨᠠᠮ ᠵᠠᠰᠠᠭ ᠤᠨ ᠲᠦᠷᠦᠭᠦᠦ ᠬᠠᠷᠢᠭᠤᠴᠠᠯᠭᠠᠲᠠᠨ ᠪᠠ ᠪᠠᠭ ᠤᠨ ᠪᠦᠷᠢᠯᠳᠦᠬᠦᠨ ᠲᠡᠷᠢᠭᠦᠨ ᠣᠷᠣᠯᠠᠨ | ᠭᠦᠢᠴᠡᠳᠬᠡᠭᠴᠢ ᠶᠢᠨ ᠲᠤᠰᠢᠶᠠᠯ ᠢ ᠡᠭᠦᠷᠭᠡᠯᠡᠵᠦ᠂ ᠬᠤᠰᠢᠭᠤᠨ ︵ᠣᠷᠤᠨ︶ ᠤ ︽ᠳᠣᠲᠣᠭᠠᠳᠤ ᠶᠢ ᠬᠠᠮᠠᠭᠠᠯᠠᠬᠤ | ᠪᠠᠶᠢᠴᠠᠭᠠᠬᠤ ᠰᠢᠭᠦᠬᠦ ᠬᠤᠷᠢᠶᠠᠨ ᠤ ᠭᠤᠷᠪᠠᠨ ᠳᠠᠷᠤᠭ᠎ᠠ︾ ᠲᠡᠷᠢᠭᠦᠨ ᠬᠠᠷᠢᠭᠤᠴᠠᠯᠭ᠎ᠠ ᠪᠦᠬᠦᠢ ᠣᠷᠣᠯᠠᠨ | ᠭᠦᠢᠴᠡᠳᠬᠡᠭᠴᠢ ᠶᠢᠨ ᠲᠤᠰᠢᠶᠠᠯ ᠢ ᠡᠭᠦᠷᠭᠡᠯᠡᠭᠰᠡᠨ ︽ᠳᠥᠷᠪᠡᠨ ᠲᠡᠷᠢᠬᠦᠨ︾ ᠪᠦᠬᠦᠢ ᠵᠠᠬᠢᠳᠠᠯ ᠰᠤᠷᠪᠤᠯᠵᠢᠯᠠᠭ᠎ᠠ ᠶᠢᠨ | ᠣᠷᠣᠯᠠᠨ ᠭᠦᠢᠴᠡᠳᠭᠡᠬᠦ ᠡᠩᠨᠡᠭᠡ ᠶᠢ ᠪᠠᠶᠢᠭᠤᠯᠵᠤ᠂ ︽ᠠᠷᠠᠳ ᠤᠨ ᠲᠥᠯᠥᠭᠡ᠂ ᠠᠷᠠᠳ ᠲᠤ ᠲᠥᠬᠦᠮ ᠦᠵᠡᠭᠦᠯᠬᠦ᠂ | ᠠᠷᠠᠳ ᠲᠤ ᠠᠰᠢᠭ ᠬᠦᠷᠲᠡᠭᠡᠬᠦ︾ ᠣᠨᠣᠯᠵᠢᠬᠤᠨ ᠢ ᠪᠠᠷᠢᠮᠲᠠᠯᠠᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ | ᠬᠠᠷᠢᠶ᠎ᠠ ᠭᠠᠵᠠᠷ ᠲᠤᠨᠢ ᠬᠦᠯᠢᠶᠡᠨ ᠠᠪᠬᠤ᠂ ᠬᠠᠮᠢᠶᠠᠷᠬᠤ᠂ ᠰᠢᠢᠳᠪᠦᠷᠢᠯᠡᠬᠦ ᠬᠦᠮᠦᠨ ᠲᠠᠢ ᠪᠣᠯᠭᠠᠬᠤ ᠶᠢᠨ ᠬᠠᠮᠲᠤ | ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ | ᠵᠡᠷᠭᠡ ᠶᠢ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠦᠢᠯᠡᠴᠢᠯᠡᠭᠡᠨ ᠳᠤ ᠣᠷᠭᠠᠨᠢᠭ ᠢᠶᠠᠷ | ᠠᠭᠤᠰᠤᠯᠴᠠᠭᠤᠯᠤᠨ᠎ᠠ᠃ ᠬᠤᠰᠢᠭᠤ ᠰᠢᠶᠠᠨ ᠠᠴᠠ ᠠᠶᠢᠮᠠᠭ ᠬᠤᠲᠠ᠂ ᠠᠶᠢᠮᠠᠭ ᠬᠤᠲᠠ ᠠᠴᠠ ᠥᠪᠡᠷᠲᠡᠭᠡᠨ ᠵᠠᠰᠠᠬᠤ | ᠣᠷᠣᠨ ᠬᠦᠷᠲᠡᠯᠡᠬᠢ ᠣᠷᠣᠯᠠᠨ ᠭᠦᠢᠴᠡᠳᠭᠡᠬᠦ ᠵᠠᠮ ᠢ ᠰᠢᠯᠤᠭᠤᠳᠬᠠᠵᠤ᠂ ᠰᠢᠰᠲ᠋ᠧᠮ ᠬᠡᠰᠡᠭ ᠢᠶᠠᠷ ᠨᠡᠪᠲᠡᠷᠡᠭᠰᠡᠨ᠂ | ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠭᠰᠡᠨ ᠣᠷᠣᠯᠠᠨ ᠭᠦᠢᠴᠡᠳᠭᠡᠬᠦ ᠠᠵᠢᠯ ᠤᠨ ᠪᠠᠶᠢᠷᠢᠰᠢᠯ ᠢ ᠪᠣᠶ | ᠪᠣᠯᠭᠠᠨ᠎ᠠ᠃ | ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠮᠡᠳᠡᠭᠡ | ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠲᠤᠰᠠᠳᠠ | ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠶᠢᠮᠠᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠣᠶᠤᠨᠴᠢ ᠲᠠᠪᠴᠠᠩ ᠳᠤ | ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠲᠠᠪᠴᠠᠩ ᠭᠠᠷᠭᠠᠬᠤ ᠶᠢ ᠠᠬᠢᠭᠤᠯᠵᠤ᠂ ᠣᠯᠠᠨ ᠲᠦᠮᠡᠨ ᠤ | ᠰᠦᠯᠵᠢᠶᠡᠨ ᠳᠡᠭᠡᠷ᠎ᠡ ᠠᠰᠠᠭᠤᠳᠠᠯ ᠢ ᠲᠤᠰᠬᠠᠬᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ | ᠭᠦᠢᠴᠡᠳᠭᠡᠭᠴᠢ ᠶᠢᠨ ᠰᠦᠯᠵᠢᠶᠡᠨ ᠭᠠᠳᠠᠨ᠎ᠠ ᠣᠷᠣᠯᠠᠨ ᠭᠦᠢᠴᠡᠳᠭᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ | ᠵᠠᠬᠢᠳᠠᠯ ᠰᠤᠷᠪᠤᠯᠵᠢᠯᠠᠭ᠎ᠠ ᠶᠢᠨ ᠣᠶᠤᠨᠴᠢ ᠲᠤᠰᠠᠯᠠᠬᠤ ᠰᠢᠰᠲ᠋ᠧᠮ ᠤᠨ ︽ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ | ᠭᠦᠢᠴᠡᠳᠭᠡᠬᠦ︾ ᠴᠢᠳᠠᠮᠵᠢ ᠶᠢ ᠰᠠᠶᠢᠲᠤᠷ ᠬᠡᠷᠡᠭᠯᠡᠵᠦ᠂ ᠣᠷᠣᠯᠠᠨ ᠭᠦᠢᠴᠡᠳᠭᠡᠬᠦ ᠲᠠᠰ ᠳᠠᠷᠠᠭᠠᠯᠠᠯ ᠢ ᠵᠢᠷᠤᠮᠵᠢᠭᠤᠯᠤᠨ | ᠂ ᠣᠷᠣᠯᠠᠨ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠲᠤᠭ᠎ᠠ ᠪᠠᠷᠢᠮᠲᠠ ᠶᠢ ᠢᠯᠡᠭᠦᠬᠡᠨ | ᠠᠵᠢᠯᠯᠠᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠪᠠᠷ ᠴᠢᠷᠮᠠᠶᠢᠨ᠎ᠠ᠃ |