ᠮᠠᠨ ᠤ ᠤᠯᠤᠰ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/4/11
    ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ ︵2024 — 2030 ᠣᠨ︶︾ ᠢ ᠳᠠᠷᠤᠮᠠᠯᠯᠠᠨ ᠲᠠᠷᠬᠠᠭᠠᠵᠤ᠂ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠪᠡ᠃    ᠠᠵᠢᠯᠯᠠᠭᠠᠨ ᠤ ᠲᠥᠰᠦᠯ ᠳᠤ᠂ 2030 ᠣᠨ ᠪᠣᠯᠬᠤ ᠳᠤ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠶᠢ ᠪᠡᠶᠡᠯᠡᠭᠦᠯᠵᠦ᠂ ᠪᠥᠬᠦ ᠤᠯᠤᠰ ᠤᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠴᠢᠨᠠᠭᠰᠢᠳᠠ ᠴᠢᠩᠭᠠᠷᠠᠭᠤᠯᠤᠨ᠎ᠠ ᠭᠡᠵᠦ ᠳᠤᠷᠠᠳᠪᠠ᠃ ᠠᠵᠢᠯᠯᠠᠭᠠᠨ ᠤ ᠲᠥᠰᠦᠯ ᠳᠤ ︽ᠬᠦᠨᠡᠰᠦᠨ ᠠᠮᠤ ᠶᠢ ᠪᠠᠬᠢᠵᠢᠭᠦᠯᠦᠨ ᠳᠡᠭᠡᠭᠰᠢᠯᠡᠭᠦᠯᠵᠦ᠂ ᠡᠷᠳᠡᠨᠢ ᠰᠢᠰᠢ ᠰᠢᠷ᠎ᠠ ᠪᠤᠷᠴᠠᠭ ᠲᠤ ᠭᠤᠤᠯ ᠰᠢᠪᠲᠤᠯᠤᠯᠲᠠ ᠬᠢᠵᠦ᠂ ᠲᠥᠮᠥᠰᠥ ᠶᠢᠨ ᠲᠥᠷᠥᠯ ᠤᠨ ᠬᠤᠯᠢᠮᠠᠭ ᠠᠮᠤ ᠶᠢ ᠬᠠᠮᠲᠤ ᠳᠤᠨᠢ ᠬᠠᠷᠠᠭᠠᠯᠵᠠᠬᠤ︾ ᠡᠭᠦᠯᠳᠡᠷ ᠬᠤᠪᠢᠶᠠᠨ ᠤᠨᠠᠯᠲᠠ ᠨᠡᠮᠡᠭᠳᠡᠭᠦᠯᠬᠦ ᠰᠡᠳᠭᠢᠮᠵᠢ ᠶᠢ ᠲᠣᠳᠣᠷᠬᠠᠶᠢᠯᠠᠵᠤ᠂ ᠳᠠᠪᠠᠭᠤᠯᠢᠭ ᠭᠠᠷᠤᠯᠲᠠ ᠶᠢᠨ ᠣᠷᠣᠨ ᠢ ᠪᠠᠬᠢᠵᠢᠭᠦᠯᠦᠨ ᠳᠡᠭᠡᠭᠰᠢᠯᠡᠭᠦᠯᠵᠦ᠂ ᠪᠤᠰᠤᠳ ᠭᠠᠵᠠᠷ ᠣᠷᠣᠨ ᠤ ᠳᠠᠯᠳᠠ ᠬᠦᠴᠦᠨ ᠢ ᠠᠭᠤᠳᠠᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠦᠨ᠎ᠡ ᠭᠡᠵᠦ ᠳᠤᠷᠠᠳᠪᠠ᠃    ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠦᠳᠡᠭᠡ ᠠᠵᠦ ᠠᠬᠤᠢ ᠬᠥᠳᠡᠭᠡ ᠲᠣᠰᠬᠤᠨ ᠤ ᠶᠠᠮᠤᠨ ᠵᠡᠷᠭᠡ ᠰᠠᠯᠠᠭ᠎ᠠ ᠮᠥᠴᠢᠷ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠭᠤᠤᠯᠳᠠᠯᠭ᠎ᠠ ᠲᠠᠢ 720 ᠰᠢᠶᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ ᠬᠢᠨ ᠤ ᠲᠠᠷᠢᠶᠠᠯᠠᠩ ᠤᠨ ᠤᠰᠤ ᠠᠷᠪᠢᠯᠠᠬᠤ ᠤᠰᠤ ᠬᠠᠩᠭᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠲᠠᠷᠢᠶᠠᠯᠠᠩ ᠤᠨ ᠮᠠᠰᠢᠨᠴᠢᠯᠠᠯᠲᠠ ᠶᠢᠨ ᠭᠡᠮᠵᠢᠶ᠎ᠡ ᠶᠢ ᠳᠡᠭᠡᠭᠰᠢᠯᠡᠭᠦᠯᠬᠦ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠲᠤᠯᠭᠠᠭᠤᠷᠢᠯᠠᠬᠤ ᠴᠢᠨᠠᠷᠲᠠᠶ ᠴᠢᠬᠤᠯᠠ ᠶᠡᠭᠡ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠬᠦ ᠶᠢ ᠵᠢᠯᠣᠭᠤᠳᠤᠨ᠎ᠠ ᠭᠡᠵᠦ ᠲᠠᠨᠢᠯᠴᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号