2024 ᠣᠨ ᠤ ᠨᠢᠭᠡᠳᠦᠭᠡᠷ ᠤᠯᠠᠷᠢᠯ ᠤᠨ ᠪᠥᠬᠦ ᠠᠶᠢᠮᠠᠭ ᠤᠨ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠵᠤ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠪᠠᠨ ᠳᠡᠯᠭᠡᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢᠶᠠᠨ ᠮᠡᠳᠡᠬᠦᠯᠵᠦ ᠦᠨᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/12
      4 ᠰᠠᠷ᠎ᠠ ᠶᠢᠨ 10 ᠤ ᠡᠳᠦᠷ᠂ ᠪᠥᠬᠦ ᠠᠶᠢᠮᠠᠭ ᠤᠨ 2024 ᠣᠨ ᠤ ᠨᠢᠭᠡᠳᠦᠭᠡᠷ ᠤᠯᠠᠷᠢᠯ ᠤᠨ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠪᠠᠨ ᠳᠡᠯᠭᠡᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢᠶᠠᠨ ᠮᠡᠳᠡᠬᠦᠯᠵᠦ ᠦᠨᠡᠯᠡᠬᠦ ᠬᠤᠷᠠᠯ ᠠᠯᠠᠱᠠ ᠪᠠᠷᠠᠭᠤᠨ ᠬᠤᠰᠢᠭᠤᠨ ᠳᠤ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠬᠤᠸᠠᠩ ᠶᠠ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠢ ᠡᠷᠬᠢᠯᠡᠵᠦ ᠦᠨᠡᠯᠡᠯᠲᠡ ᠬᠢᠵᠦ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ ᠬᠤᠷᠠᠯ ᠳᠤ ᠣᠷᠣᠯᠴᠠᠪᠠ᠃      ᠵᠠᠮ ᠳᠠᠭᠠᠤ ᠳᠤ᠂ ᠬᠤᠷᠠᠯ ᠳᠤ ᠣᠷᠣᠯᠴᠠᠭᠰᠠᠳ ᠠᠯᠠᠱᠠ ᠵᠡᠭᠦᠨ ᠬᠤᠰᠢᠭᠤ ᠪᠣᠯᠤᠨ ᠠᠯᠠᠱᠠ ᠪᠠᠷᠠᠭᠤᠨ ᠬᠤᠰᠢᠭᠤᠨ ᠤ ᠲᠡᠮᠡᠭᠡᠨ ᠤ ᠠᠵᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ ᠵᠡᠷᠭᠡ ᠤᠨᠴᠠᠯᠢᠬᠳᠤ ᠠᠵᠤ ᠦᠢᠯᠡᠰ ᠤᠨ ᠬᠥᠭᠵᠢᠯᠲᠡ ᠵᠢᠴᠢ ᠡᠯᠡᠰᠦ ᠶᠢ ᠰᠡᠷᠭᠡᠶᠢᠯᠡᠵᠦ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢᠶᠠᠨ ᠮᠡᠳᠡᠬᠦᠯᠵᠦ ᠦᠨᠡᠯᠡᠬᠦ ᠬᠤᠷᠠᠯ ᠳᠤ 2024 ᠣᠨ ᠤ ᠨᠢᠭᠡᠳᠦᠭᠡᠷ ᠤᠯᠠᠷᠢᠯ ᠤᠨ ᠪᠥᠬᠦ ᠠᠶᠢᠮᠠᠭ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠵᠢᠴᠢ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠮᠡᠳᠡᠭᠳᠡᠵᠦ᠂ 6 ᠬᠤᠰᠢᠭᠤ ᠣᠷᠣᠨ ᠪᠠ 8 ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠲᠤᠬᠠᠶ ᠶᠢᠨ ᠲᠠᠯᠠᠪᠠᠶ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢᠶᠠᠨ ᠮᠡᠳᠡᠬᠦᠯᠵᠦ᠂ ᠣᠯᠠᠨ ᠢᠶᠠᠷ ᠢᠶᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠲᠤᠭᠤᠷᠢᠨ ᠳᠤ᠂ ᠠᠵᠢᠯ ᠤᠨ ᠦᠷ᠎ᠡ ᠪᠦᠲᠦᠮᠵᠢ ᠪᠠᠨ ᠪᠥᠬᠦ ᠲᠠᠯ᠎ᠠ ᠪᠠᠷ ᠳ᠋ᠦᠩᠨᠡᠵᠦ᠂ ᠳᠤᠲᠠᠭᠤᠳᠠᠯ ᠪᠠᠭᠤᠷᠠᠶ ᠲᠠᠯ᠎ᠠ ᠪᠠᠨ ᠭᠦᠨᠵᠡᠭᠡᠶ ᠵᠠᠳᠠᠯᠵᠤ᠂ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠲᠥᠯᠥᠪᠵᠢᠭᠦᠯᠵᠦ᠂ ᠬᠠᠷᠢᠯᠴᠠᠨ ᠰᠤᠷᠤᠯᠴᠠᠨ ᠲᠣᠯᠢᠳᠠᠵᠤ᠂ ᠤᠷᠤᠯᠳᠤᠨ ᠰᠤᠷᠤᠯᠴᠠᠬᠤ ᠴᠢᠷᠮᠠᠶᠢᠨ ᠳᠠᠪᠠᠭ᠋ᠤ ᠠᠭᠤᠷ ᠠᠮᠢᠰᠬᠤᠯ ᠮᠠᠰᠢ ᠭᠦᠨ ᠵᠤᠵᠠᠭᠠᠨ ᠪᠠᠶᠢᠪᠠ᠃
1.jpg
2.jpg
      ᠬᠤᠸᠠᠩ ᠶᠠ ᠯᠢ᠂ ᠨᠢᠭᠡᠳᠦᠭᠡᠷ ᠤᠯᠠᠷᠢᠯ ᠳᠤ᠂ ᠪᠦᠬᠦ ᠠᠶᠢᠮᠠᠭ ᠤᠨ ᠠᠵᠤ ᠠᠬᠤᠢ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠡᠬᠢᠯᠡᠯᠲᠡ ᠰᠠᠶᠢᠨ ᠪᠠᠶᠢᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠠᠯ᠎ᠠ ᠪᠠᠷ ᠡᠷᠴᠢ ᠵᠣᠷᠢᠭ᠂ ᠠᠷᠭ᠎ᠠ ᠬᠡᠮᠵᠢᠶ᠎ᠡ᠂ ᠠᠬᠢᠴᠠ ᠬᠦᠷᠦᠯᠴᠡᠬᠦ ᠦᠭᠡᠢ᠂ ᠪᠠᠰᠠ ᠮᠠᠰᠢ ᠶᠡᠭᠡ ᠳᠡᠭᠡᠭᠰᠢᠯᠡᠭᠦᠯᠬᠦ ᠣᠷᠣᠨ ᠵᠠᠢ ᠪᠠᠶᠢᠨ᠎ᠠ᠃ ᠪᠥᠬᠦ ᠠᠶᠢᠮᠠᠭ ᠤᠨ ᠳᠡᠭᠡᠳᠦ ᠳᠤᠣᠷᠠᠳᠤ ᠱᠠᠲᠦ ᠪᠠᠷ ᠢᠶᠠᠨ ᠰᠢᠵᠢᠷ ᠠᠯᠲᠠᠨ ᠤᠯᠠᠷᠢᠯ ᠢ ᠵᠠᠪᠳᠤᠨ ᠠᠳᠬᠤᠵᠤ᠂ ᠶᠠᠭᠠᠷᠠᠯᠲᠠᠢ ᠠᠵᠢᠯᠯᠠᠵᠤ᠂ ᠦᠳᠲᠡᠷ ᠲᠦᠷᠭᠡᠨ ᠬᠥᠳᠡᠯᠦᠯᠴᠡᠵᠦ᠂ ᠴᠢᠬᠤᠯᠠ ᠶᠡᠭᠡ ᠲᠥᠷᠥᠯ ᠵᠦᠢᠯ ᠪᠠ ᠭᠤᠤᠯᠳᠠᠯᠭ᠎ᠠ ᠲᠠᠢ ᠠᠵᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠬᠢᠭᠤᠯᠵᠤ᠂ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠪᠠ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠳᠤ ᠨᠠᠩ ᠶᠡᠭᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃
3.jpg
      ᠬᠤᠸᠠᠩ ᠶᠠ ᠯᠢ᠂ ︽ᠵᠢᠷᠭᠤᠭᠠᠨ ᠢᠨᠵᠧᠨᠧᠷᠢᠩ︾ ᠪᠣᠯ ᠮᠠᠨ ᠤ ᠠᠶᠢᠮᠠᠭ ᠤᠨ ᠡᠷᠬᠡᠪᠰᠢ ᠲᠡᠷᠡ ᠬᠡᠪ ᠢᠶᠠᠷ ᠨᠢ ᠰᠠᠶᠢᠲᠤᠷ ᠪᠡᠶᠡᠯᠡᠭᠦᠯᠬᠦ ᠬᠠᠲᠠᠭᠤ ᠡᠭᠦᠷᠭᠡ ᠮᠥᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂  ᠤᠯᠠᠮᠵᠢᠯᠠᠯᠲᠤ ᠰᠡᠳᠬᠢᠬᠦᠶ ᠶᠢ ᠡᠪᠳᠡᠵᠦ᠂ ᠬᠡᠪ ᠠᠴᠠ ᠳᠠᠪᠠᠭᠰᠠᠨ᠂ ᠴᠢᠩᠭ᠎ᠠ ᠬᠦᠴᠦᠲᠡᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠡᠭᠦᠷᠭᠡ ᠪᠣᠯᠤᠨ ᠲᠥᠷᠥᠯ ᠵᠦᠢᠯ ᠤᠨ ᠡᠷᠲᠡ᠂ ᠲᠦᠷᠭᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠭᠦᠨᠵᠡᠭᠡᠢ ᠰᠡᠳᠬᠢᠵᠦ ᠨᠠᠷᠢᠯᠢᠭ ᠲᠥᠯᠥᠪᠯᠡᠬᠦ ᠳᠡᠭᠡᠷ᠎ᠡ ᠬᠦᠴᠦ ᠣᠷᠣᠭᠤᠯᠵᠤ᠂ ᠶᠡᠭᠡ ᠲᠠᠯ᠎ᠠ ᠶᠢᠨ ᠦᠵᠡᠯᠲᠡ ᠪᠠ ᠰᠢᠰᠲ᠋ᠧᠮᠲᠦ ᠰᠡᠳᠬᠢᠬᠦᠢ ᠶᠢ ᠪᠤᠢ ᠪᠣᠯᠭᠠᠵᠤ᠂ ᠰᠢᠨ᠎ᠡ ᠶᠢ ᠪᠦᠳᠦᠭᠡᠬᠦ᠂ ᠰᠢᠨ᠎ᠡ ᠶᠢ ᠡᠭᠦᠳᠬᠦ ᠠᠵᠢᠯ ᠢ ᠢᠯᠡᠭᠦᠬᠡᠨ ᠬᠢᠵᠦ᠂ ᠡᠯ᠎ᠡ ᠵᠦᠢᠯ ᠤᠨ ᠠᠵᠢᠯ ᠢᠶᠠᠨ ᠣᠷᠢᠳᠠᠪᠠᠷ ᠪᠣᠳᠣᠯᠬᠢᠯᠠᠵᠤ᠂ ᠲᠠᠷᠢᠬᠢ ᠪᠠᠨ ᠬᠥᠳᠡᠯᠭᠡᠨ ᠲᠦᠷᠭᠡᠨ ᠠᠵᠢᠯᠯᠠᠵᠤ᠂ ᠠᠷᠭ᠎ᠠ ᠪᠦᠬᠦᠨ ᠢ ᠰᠦᠪᠡᠭᠴᠢᠯᠡᠨ ᠵᠠᠮ ᠨᠡᠭᠡᠭᠡᠬᠦ ᠬᠡᠷᠡᠭᠲᠡᠢ᠃ ᠴᠢᠷᠮᠠᠶᠢᠨ ᠲᠡᠮᠡᠴᠡᠬᠦ ᠲᠠᠯ᠎ᠠ ᠪᠠᠷ ᠬᠦᠴᠦ ᠣᠷᠣᠭᠤᠯᠵᠤ᠂ ᠴᠥᠬᠦᠷᠡᠰᠢ ᠦᠭᠡᠢ ᠴᠢᠷᠮᠠᠶᠢᠬᠤ ᠡᠷᠴᠢ ᠵᠣᠷᠢᠭ ᠢᠶᠠᠨ ᠪᠠᠳᠠᠷᠠᠭᠤᠯᠵᠤ᠂ ᠣᠯᠣᠯᠴᠠᠨ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠨᠡᠨ ᠰᠡᠳᠬᠢᠯ ᠢᠶᠠᠷ ᠠᠷᠠᠳ ᠤᠨ ᠰᠡᠳᠬᠢᠯ ᠢ ᠳᠣᠭᠳᠣᠯᠤᠭᠤᠯᠵᠤ᠂ ᠦᠷ᠎ᠡ ᠪᠦᠲᠦᠮᠵᠢ ᠪᠠᠷ ᠠᠷᠠᠳ ᠢ ᠪᠢᠰᠢᠷᠡᠭᠦᠯᠵᠦ᠂ ᠨᠡᠩ ᠤᠯᠠᠨ ᠲᠦᠷᠦ ᠶᠢᠨ ᠪᠤᠳᠤᠯᠭ᠎ᠠ ᠪᠠ ᠪᠡᠯᠡ ᠮᠥᠩᠭᠦᠨ ᠤ ᠳᠡᠮᠵᠢᠯᠭᠡ ᠶᠢ ᠢᠳᠡᠪᠬᠢᠲᠡᠢ ᠲᠡᠮᠡᠴᠡᠨ ᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠲᠠᠯ᠎ᠠ ᠪᠠᠷ ᠬᠦᠴᠦ ᠣᠷᠣᠭᠤᠯᠵᠤ᠂ ᠦᠷ᠎ᠡ ᠪᠦᠲᠦᠭᠡᠯ ᠤᠨ ᠤᠬᠠᠮᠰᠠᠷ᠂ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ᠂ ᠴᠢᠬᠤᠯᠠ ᠡᠭᠦᠷᠭᠡ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠢ ᠴᠢᠩᠭ᠎ᠠ ᠠᠩᠬᠠᠷᠴᠤ᠂ ᠡᠴᠦᠰ ᠲᠤᠨᠢ ᠲᠤᠯᠲᠠᠯ᠎ᠠ ᠠᠳᠬᠤᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ ᠪᠠᠶᠢᠬᠤ ᠬᠡᠷᠡᠭᠲᠡᠢ᠃ ᠰᠤᠷᠲᠠᠯ ᠢ ᠰᠠᠶᠢᠵᠢᠷᠠᠭᠤᠯᠬᠤ ᠲᠠᠯ᠎ᠠ ᠪᠠᠷ ᠬᠦᠴᠦ ᠣᠷᠣᠭᠤᠯᠵᠤ᠂ ᠪᠣᠳᠠᠲᠠᠶ ᠠᠵᠢᠯᠯᠠᠬᠤ᠂ ᠪᠣᠳᠠᠲᠤ ᠠᠮᠵᠢᠯᠲᠠ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠤᠳᠤᠷᠢᠳᠤᠯᠭ᠎ᠠ ᠲᠦᠷᠦᠭᠦᠯᠡᠨ᠂ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠵᠣᠷᠢᠭᠲᠠᠶ᠂ ᠴᠢᠩᠭ᠎ᠠ᠂ ᠪᠠᠶᠢᠩᠭᠤ ᠠᠳᠬᠤᠨ ᠬᠠᠮᠢᠶᠠᠷᠴᠤ᠂ ᠤᠳᠠᠭᠠᠨ᠂ ᠪᠦᠳᠦᠭᠦᠯᠢᠭ᠂ ᠬᠡᠶᠢᠰᠪᠦᠷᠢ ᠵᠡᠷᠭᠡ ᠰᠤᠷᠲᠠᠯ ᠤᠨ ᠬᠡᠮ ᠰᠣᠭᠤᠭ ᠢ ᠦᠨᠡᠨ ᠬᠦ ᠵᠠᠯᠠᠷᠠᠭᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠦᠷ᠎ᠡ ᠪᠦᠲᠦᠮᠵᠢᠲᠡᠶ ᠪᠠᠷ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号