︽ᠠᠯᠠᠱᠠ ᠠᠶᠢᠮᠠᠭ ᠤᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠬᠦ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/12
    ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠤᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠤᠯᠢ ᠶᠣᠰᠣᠴᠢ ᠴᠢᠨᠠᠷ᠂ ᠲᠥᠪ ᠭᠤᠤᠯᠴᠢ ᠴᠢᠨᠠᠷ ᠪᠠ ᠵᠢᠷᠤᠮᠵᠢᠯ ᠤᠨ ᠴᠢᠨᠠᠷ ᠢ ᠦᠨᠡᠨᠬᠦ ᠪᠠᠲᠤᠯᠠᠬᠤ ᠶᠢᠨ ᠲᠤᠰᠠᠳᠠ ᠂ ᠠᠶᠢᠮᠠᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠪᠥᠬᠦ ᠲᠠᠯ᠎ᠠ ᠪᠠᠷ ᠢᠯᠭᠠᠷᠠᠭᠤᠯᠤᠨ ᠳᠢᠭᠯᠡᠪᠡ᠃  ᠣᠳᠣ ᠬᠠᠮᠢᠶ᠎ᠠ ᠪᠦᠬᠦᠢ ᠠᠭᠤᠯᠭ᠎ᠠ ᠶᠢ ᠳᠣᠳᠣᠷᠬᠠᠶᠢᠯᠠᠶ᠎ᠠ᠄    ᠨᠢᠭᠡ᠂ ᠶᠠᠭᠤ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠭᠡᠬᠦ ᠪᠤᠢ︖    ᠬᠠᠷᠢᠭᠤᠯᠲᠠ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠭᠡᠳᠡᠭ ᠨᠢ ᠬᠠᠤᠯᠢ ᠶᠣᠰᠣᠭᠠᠷ ᠪᠠᠶᠢᠭᠤᠯᠤᠭᠰᠠᠨ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠡᠷᠬᠡ ᠲᠤᠰᠢᠶᠠᠯ ᠢ ᠡᠳ᠋ᠯᠡᠭᠰᠡᠨ᠂ ᠥᠪᠡᠷ ᠤᠨ ᠨᠡᠷ᠎ᠡ ᠪᠠᠷ ᠵᠠᠰᠠᠭ ᠵᠠᠬᠢᠷᠭᠠᠨ ᠤ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ᠃    ᠬᠤᠶᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠨᠡᠶᠢᠲᠡᠯᠡᠬᠦ ᠶᠢᠨ ᠴᠢᠬᠤᠯᠠ ᠴᠢᠨᠠᠷ ᠨᠢ ᠶᠠᠭᠤ ᠪᠤᠢ︖    ᠬᠠᠷᠢᠭᠤᠯᠲᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾ ᠤᠨ ᠠᠷᠪᠠᠨ ᠭᠤᠷᠪᠠᠳᠤᠭᠠᠷ ᠵᠦᠢᠯ ᠳᠤ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠦᠷᠢᠮ︾᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠦᠨᠳᠦᠰᠦᠯᠡᠯ᠂ ᠡᠭᠦᠷᠭᠡ ᠴᠢᠳᠠᠪᠤᠷᠢ᠂ ᠪᠠᠶᠢᠭᠤᠯᠤᠮᠵᠢ ᠣᠷᠣᠨ ᠲᠤᠭ᠎ᠠ ᠶᠢᠨ ᠲᠥᠰᠦᠯ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠪᠠᠶᠢᠴᠠᠭᠠᠯᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠨᠤᠲᠠᠯᠠᠭᠤᠯᠤᠭᠰᠠᠨ ᠤ ᠳᠠᠷᠠᠭ᠎ᠠ ᠵᠠᠷᠯᠠᠨ ᠨᠡᠶᠢᠲᠡᠯᠡᠨ᠎ᠡ︾ ᠭᠡᠵᠦ ᠲᠣᠭᠲᠠᠭᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠠᠲᠤᠯᠠᠬᠤ ᠶᠢᠨ ᠲᠤᠰᠠᠳᠠ ᠡᠷᠬᠡᠪᠰᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠭᠡᠮ ᠳᠤ ᠨᠡᠶᠢᠲᠡᠯᠡᠵᠦ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠶᠢᠨ ᠬᠢᠨᠠᠨ ᠬᠠᠷᠭᠤᠭᠤᠯᠵᠤ ᠨᠤᠲᠠᠯᠠᠬᠤ ᠪᠠ ᠲᠤᠰ ᠱᠠᠲᠤᠨ ᠤ ᠵᠠᠰᠠᠭ ᠤᠨ ᠣᠷᠳᠣᠨ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠭᠡᠮ ᠢ ᠨᠡᠶᠢᠲᠡᠯᠡᠭᠰᠡᠨ ᠦᠭᠡᠶ ᠪᠣᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠪᠣᠯᠬᠤ ᠦᠭᠡᠶ᠃    ᠭᠤᠷᠪᠠ᠂ ᠲᠣᠰ ᠤᠳᠠᠭ᠎ᠠ ᠨᠡᠶᠢᠳᠡᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠳᠤ ᠭᠤᠤᠯᠳᠠᠭᠤ ᠶᠠᠮᠠᠷ ᠲᠣᠬᠢᠷᠠᠭᠤᠯᠤᠯᠲᠠ ᠬᠢᠭᠰᠡᠨ ᠪᠣᠶ︖    ᠬᠠᠷᠢᠭᠤᠯᠲᠠ᠄ ᠬᠠᠤᠯᠢ ᠴᠠᠭᠠᠵᠠ᠂ ᠬᠠᠤᠯᠢ ᠲᠣᠭᠲᠠᠭᠠᠯ᠂ ᠡᠯ᠎ᠡ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ ᠲᠣᠭᠲᠠᠭᠠᠯ ᠪᠠ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠦᠨᠳᠦᠰᠦᠯᠡᠨ᠂ ︽ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ  ᠦᠬᠠᠢ ᠪᠠᠶᠠᠠᠬᠤᠳᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠶᠡᠭᠡ ᠠᠩᠭᠢ᠂ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠢᠷᠭᠠᠢ ᠪᠠᠶᠠᠨᠬᠤᠲᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠶᠡᠭᠡ ᠠᠩᠭᠢ᠂ ᠠᠯᠠᠱᠠ ᠠᠶᠢᠮᠠᠭ ᠤᠨ ᠭᠠᠵᠠᠷ ᠬᠥᠳᠡᠯᠦᠯᠲᠡ ᠶᠢᠨ ᠲᠣᠪᠴᠢᠶ᠎ᠠ︾ ᠶᠢ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠬᠠᠤᠯᠢ ᠬᠡᠷᠡᠭᠵᠢᠭᠦᠯᠬᠦ ᠭᠤᠤᠯ ᠴᠣᠭᠴᠠ ᠪᠣᠯᠭᠠᠪᠠ᠃    ᠳᠥᠷᠪᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠨᠡᠶᠢᠳᠡᠯᠡᠭᠰᠡᠨ ᠵᠣᠷᠢᠯᠭ᠎ᠠ ᠨᠢ ᠶᠠᠭᠤ ᠪᠤᠢ︖    ᠬᠠᠷᠢᠭᠤᠯᠲᠠ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠭᠦᠢᠴᠡᠳᠬᠡᠬᠦ᠂ ᠠᠵᠤ ᠠᠬᠤᠢ ᠨᠡᠶᠢᠭᠡᠮ ᠤᠨ ᠬᠡᠷᠡᠭ ᠶᠠᠪᠤᠳᠠᠯ ᠢ ᠬᠠᠮᠢᠶᠠᠷᠬᠤ ᠴᠢᠬᠤᠯᠠ ᠠᠷᠭ᠎ᠠ ᠬᠡᠯᠪᠡᠷᠢ ᠮᠥᠨ᠃ ᠠᠶᠢᠮᠠᠭ ᠤᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠢ ᠬᠠᠤᠯᠢ ᠶᠣᠰᠣᠭᠠᠷ ᠨᠤᠲᠠᠯᠠᠵᠤ᠂ ᠴᠢᠩᠭ᠎ᠠ ᠵᠢᠷᠤᠮᠵᠢᠯ ᠲᠠᠢ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠦᠲᠦᠮᠵᠢᠲᠡᠶ ᠠᠬᠢᠭᠤᠯᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠠᠮᠠᠭᠠᠯᠠᠨ᠂ ᠨᠠᠩ ᠢᠯᠡ ᠲᠣᠳᠣ᠂ ᠵᠢᠷᠤᠮᠵᠢᠯ ᠲᠠᠢ᠂ ᠡᠮᠬᠢ ᠵᠢᠷᠤᠮ ᠲᠠᠢ᠂ ᠲᠥᠪ ᠭᠤᠤᠯᠴᠢ᠂ ᠥᠨᠳᠥᠷ ᠪᠦᠲᠦᠮᠵᠢᠲᠡᠶ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠣᠶ ᠪᠣᠯᠭᠠᠨ᠎ᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号