ᠸᠠᠩ ᠯᠢ ᠰᠢᠶᠠ ᠪᠠᠶᠠᠨᠨᠠᠭᠤᠷ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/12
   4 ᠰᠠᠷ᠎ᠠ ᠶᠢᠨ 8 ᠠᠴᠠ 9 ᠤ ᠡᠳᠦᠷ ᠪᠣᠯᠲᠠᠯ᠎ᠠ᠂ ᠸᠠᠩ ᠯᠢ ᠰᠢᠶᠠ ᠪᠠᠶᠠᠨᠨᠠᠭᠤᠷ ᠬᠤᠳᠠ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠢᠴᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠺᠠᠳ᠋ᠷ ᠴᠠᠭᠳᠠᠭ᠎ᠠ ᠶᠢ ᠡᠷᠬᠢᠨ ᠦᠵᠡᠵᠦ ᠲᠣᠬᠤᠨᠢᠭᠤᠯᠪᠠ᠃   ᠬᠦᠷᠦᠭᠰᠡᠨ ᠭᠠᠵᠠᠷ ᠪᠣᠯᠭᠠᠨ ᠳᠤ᠂ ᠸᠠᠩ ᠯᠢ ᠰᠢᠶᠠ ᠤᠯᠠᠨ ᠲᠠᠢ ᠬᠠᠮᠲᠤ ᠶᠡᠷᠦᠩᠬᠡᠢ ᠱᠦᠵᠢ ᠰᠢ ᠶᠢᠨ ᠫᠢᠩ ᠤᠨ ᠨᠢᠳᠤᠨᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠠᠬᠢᠨ ᠡᠷᠭᠢᠴᠡᠭᠦᠯᠵᠦ᠂ ᠶᠡᠷᠦᠩᠬᠡᠢ ᠱᠦᠵᠢ ᠶᠢᠨ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃   ᠤᠷᠠᠳ ᠤᠨ ᠳᠤᠮᠳᠠᠳᠤ ᠬᠤᠰᠢᠭᠤᠨ ᠤ ᠳᠡᠯ ᠠᠭᠤᠯᠠ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ ᠲᠤ ᠶᠠᠭ ᠭᠠᠵᠠᠷ ᠲᠡᠭᠰᠢᠯᠡᠵᠦ ᠪᠠᠶᠢᠪᠠ᠂ ᠸᠠᠩ ᠯᠢ ᠰᠢᠶᠠ ᠲᠠᠷᠢᠶᠠᠨ ᠭᠠᠵᠠᠷ ᠲᠤ ᠭᠦᠨᠵᠡᠭᠡᠶᠢᠷᠡᠨ ᠪᠠᠯᠠ ᠣᠷᠣᠭᠤᠯᠬᠤ ᠪᠥᠲᠥᠭᠡᠨ ᠪᠠᠶᠢᠭᠤᠯᠬᠤ ᠡᠵᠡᠩᠨᠡᠬᠦ ᠢᠢ ᠨᠢᠭᠡ ᠴᠤᠬᠴᠠᠵᠢᠭᠤᠯᠬᠤ ᠵᠠᠭᠪᠤᠷ ᠢ ᠣᠶᠢᠯᠠᠭᠠᠵᠤ᠂ ᠲᠠᠷᠢᠶᠠᠯᠠᠩ ᠤᠨ ᠮᠠᠰᠢᠨ ᠪᠠᠭᠠᠵᠢ ᠪᠣᠯᠤᠨ ᠦᠷ᠎ᠡ ᠶᠢ ᠪᠠᠶᠢᠴᠠᠭᠠᠨ ᠦᠵᠡᠵᠦ᠂ ᠲᠤᠬᠠᠶ ᠶᠢᠨ ᠭᠠᠵᠠᠷ ᠤᠨ ᠨᠥᠬᠦᠳ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠨᠢ ᠢᠨᠵᠧᠨᠧᠷᠢᠩ ᠪᠣᠯᠬᠤ ᠪᠠᠷ ᠪᠠᠷᠠᠬᠤ ᠥᠬᠡᠶ ᠨᠠᠩ ᠴᠤ ᠠᠵᠤ ᠦᠢᠯᠡᠰᠵᠢᠯᠲᠡ ᠶᠢᠨ ᠰᠠᠭᠤᠷᠢ ᠪᠣᠯᠤᠨ᠎ᠠ᠂ ᠪᠦᠬᠦᠯᠢ ᠣᠷᠣᠨ ᠪᠦᠰᠡ ᠪᠠᠷ ᠲᠤᠷᠰᠢᠯᠲᠠ ᠶᠢᠨ ᠴᠡᠭ ᠪᠤᠯᠭᠠᠬᠤ ᠠᠵᠠ ᠲᠣᠬᠢᠶᠠᠯ ᠢ ᠡᠵᠡᠮᠳᠡᠵᠥ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢᠨ ᠪᠥᠬᠦ ᠦᠵᠡᠮᠵᠢ ᠶᠢᠨ ᠵᠢᠷᠤᠭ ᠢ ᠭᠠᠷᠭᠠᠵᠤ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠶᠢ ᠴᠢᠭᠯᠡᠭᠦᠯᠦᠯᠲᠦ ᠴᠢᠨᠠᠷᠲᠠᠶ ᠪᠠᠷ ᠰᠠᠶᠢᠲᠤᠷ ᠠᠳᠬᠤᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ︽ᠭᠦᠢᠯᠭᠡᠭᠡᠬᠦ — ᠲᠠᠷᠢᠬᠤ — ᠡᠳ᠋ᠰᠢᠭᠦᠯᠬᠦ — ᠦᠢᠯᠡᠴᠢᠯᠡᠬᠦ — ᠡᠵᠡᠩᠨᠡᠨ ᠪᠣᠷᠣᠯᠠᠭᠤᠯᠬᠤ︾ ᠪᠥᠬᠦ ᠬᠡᠯᠬᠢᠶ᠎ᠡ ᠶᠢ ᠨᠡᠪᠲᠡᠷᠡᠭᠦᠯᠵᠦ᠂ ᠳᠠᠷᠢᠶᠠᠯᠠᠩ ᠤᠨ ᠦᠢᠯᠡᠳᠪᠦᠷᠢᠯᠡᠯ ᠤᠨ ᠬᠡᠯᠪᠡᠷᠢ ᠳᠤ ᠨᠢᠬᠡ ᠤᠳᠠᠭᠠᠨ ᠤ ᠶᠡᠭᠡ ᠬᠤᠪᠢᠰᠤᠯᠳᠠ ᠭᠠᠷᠭᠠᠬᠤ ᠬᠡᠷᠡᠭᠳᠡᠢ ᠬᠡᠵᠥ ᠵᠠᠬᠢᠪᠠ᠃    ᠸᠠᠩ ᠯᠢ ᠰᠢᠶᠠ ᠨᠣᠤᠯᠣᠭᠤᠷ ᠤᠨ ᠴᠠᠭᠠᠨ ᠢᠮᠠᠭᠠᠨ ᠤ ᠠᠵᠤ ᠦᠢᠯᠡᠰ ᠤᠨ ᠬᠦᠷᠢᠶᠡᠯᠡᠩ᠂ ᠤᠨᠳᠤᠤ ᠭᠠᠵᠠᠷ ᠲᠤ ᠬᠠᠰᠢᠶᠠᠯᠠᠨ ᠲᠡᠵᠢᠭᠡᠵᠦ ᠦᠷᠡᠵᠢᠭᠦᠯᠬᠦ ᠬᠦᠷᠢᠶᠡᠯᠡᠩ᠂ ᠲᠠᠷᠢᠶᠠᠯᠠᠩ ᠤᠨ ᠦᠵᠡᠰᠭᠦᠯᠡᠩ ᠤᠨ ᠬᠦᠷᠢᠶᠡᠯᠡᠩ ᠪᠣᠯᠤᠨ ᠮᠢᠬᠠᠨ ᠤ ᠦᠬᠡᠷ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤ ᠬᠦᠷᠴᠦ᠂ ᠠᠵᠤ ᠠᠬᠤᠶᠢᠯᠠᠯ ᠤᠨ ᠮᠠᠯᠴᠢᠨ ᠳᠠᠷᠢᠶᠠᠴᠢᠨ ᠡᠷᠦᠬᠡ ᠶᠢ ᠬᠤᠯᠪᠣᠵᠤ ᠮᠠᠯᠴᠢᠨ ᠳᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠨᠠᠷᠢᠨ ᠣᠶᠢᠯᠠᠭᠠᠵᠤ᠂ ᠳᠠᠷᠢᠵᠥ ᠲᠡᠵᠢᠭᠡᠨ ᠦᠷᠡᠵᠢᠭᠦᠯᠬᠦ ᠡᠷᠦᠬᠡ ᠲᠠᠢ ᠥᠪᠡᠷ ᠤᠨ ᠥᠷᠲᠡᠭ ᠢ ᠨᠢ ᠪᠤᠳᠤᠵᠤ᠂ ᠠᠰᠢᠭ ᠣᠷᠣᠯᠭ᠎ᠠ ᠶᠢ ᠪᠤᠳᠤᠵᠤ᠂ ᠮᠠᠯᠴᠢᠨ ᠳᠠᠷᠢᠶᠠᠴᠢᠨ ᠡᠷᠦᠬᠡ᠂ ᠠᠵᠤ ᠠᠬᠤᠶᠢᠯᠠᠯᠲᠠᠨ ᠪᠣᠯᠤᠨ ᠦᠨᠳᠦᠰᠦᠨ ᠱᠠᠲᠤᠨ ᠤ ᠨᠥᠬᠦᠳ ᠲᠠᠢ ᠬᠠᠮᠲᠤ ᠰᠠᠭᠤᠯᠴᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠠᠰᠠᠭᠤᠳᠠᠯ ᠢ ᠶᠠᠷᠢᠯᠴᠠᠪᠠ᠃ ᠲᠡᠷᠡ ᠂ ᠠᠵᠤ ᠦᠢᠯᠡᠳᠪᠦᠷᠢᠵᠢᠯᠲᠡ ᠶᠢᠨ ᠰᠡᠳᠭᠢᠬᠦᠶ ᠪᠠᠷ ᠮᠠᠯ ᠠᠵᠤ ᠠᠬᠤᠶ ᠲᠠᠷᠢᠶᠠᠯᠠᠩ ᠢ ᠬᠥᠭᠵᠢᠭᠦᠯᠵᠦ᠂ ᠬᠠᠷᠠᠯᠲᠠᠲᠤ ᠵᠠᠬ᠎ᠠ ᠳᠡᠯᠭᠡᠭᠦᠷ ᠢ ᠠᠩᠬᠠᠷᠴᠤ᠂ ᠳᠠᠷᠢᠵᠤ ᠲᠡᠵᠢᠭᠡᠬᠦ ᠠᠴᠠ ᠬᠤᠭᠤᠯᠠᠨ ᠰᠢᠷᠡᠭᠡ ᠬᠦᠷᠲᠡᠯᠡᠬᠢ ᠪᠥᠬᠦ ᠠᠵᠤ ᠦᠢᠯᠡᠰ   ᠤᠨ ᠬᠡᠯᠬᠢᠶ᠎ᠡ  ᠶᠢ ᠪᠠᠶᠢᠷᠢᠰᠢᠭᠤᠯᠤᠨ ᠲᠡᠭᠦᠯᠳᠡᠷᠵᠢᠭᠦᠯᠵᠦ᠂ ᠭᠠᠷᠤᠯᠲᠠ ᠲᠠᠢ ᠪᠣᠯᠪᠠᠴᠤ ᠠᠵᠤ ᠦᠢᠯᠡᠰ ᠦᠯᠦ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ᠂ ᠵᠥᠪᠬᠡᠨ ᠲᠦᠭᠦᠬᠡᠶ ᠮᠠᠲ᠋ᠧᠷᠢᠶᠠᠯ ᠭᠠᠷᠭᠠᠬᠤ ᠭᠠᠵᠠᠷ ᠪᠣᠯᠭᠠᠵᠤ ᠪᠣᠯᠬᠤ ᠥᠬᠡᠶ ᠭᠡᠪᠡ᠃    ᠪᠤᠶᠠᠨᠲᠤ ᠳᠠᠬᠢ ᠬᠢᠯᠢ ᠶᠢᠨ ᠲᠣᠮᠢᠯᠠᠭᠰᠠᠨ ᠰᠠᠯᠪᠤᠷᠢ ᠳᠤ᠂ ᠸᠠᠩ ᠯᠢ ᠰᠢᠶᠠ ᠭᠠᠷ ᠤᠲᠠᠰᠤ ᠪᠠᠷ ᠢᠶᠠᠨ ᠰᠦᠯᠵᠢᠶᠡᠨ ᠤ ᠲᠤᠬᠢᠶ᠎ᠠ ᠶᠢ ᠰᠢᠯᠭᠠᠨ ᠦᠵᠡᠵᠦ᠂ ᠤᠰᠤ ᠴᠠᠬᠢᠯᠭᠠᠨ ᠵᠢᠴᠢ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠯᠠᠪᠯᠠᠨ ᠠᠰᠠᠭᠤᠵᠤ᠂ ᠺᠠᠳ᠋ᠷ ᠴᠠᠭᠳᠠᠭ᠎ᠠ ᠶᠢᠨ ᠠᠮᠢᠳᠤᠷᠠᠯ ᠢ ᠰᠠᠶᠢᠲᠤᠷ ᠪᠠᠲᠤᠯᠠᠵᠤ᠂ ᠬᠦᠴᠢᠷᠳᠡᠯ ᠪᠠᠶᠢᠪᠠᠯ ᠵᠠᠰᠠᠭ ᠤᠨ ᠣᠷᠳᠣᠨ ᠬᠠᠪᠰᠤᠷᠤᠨ ᠰᠢᠢᠳᠪᠦᠷᠢᠯᠡᠵᠦ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠪᠠᠬᠢᠵᠢᠭᠦᠯᠬᠦ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠲᠡᠢ ᠭᠡᠵᠦ ᠵᠠᠬᠢᠪᠠ᠃    ᠲᠡᠷᠡ ᠪᠠᠷᠠᠭᠤᠨ ᠪᠤᠯᠤᠩ ᠤᠨ ᠣᠶ ᠰᠢᠭᠤᠶ ᠶᠢᠨ ᠲᠠᠯᠠᠪᠠᠶ ᠳᠤ ᠭᠦᠨᠵᠡᠭᠡᠶᠢᠷᠡᠨ᠂ 13 ᠵᠦᠢᠯ ᠤᠨ ᠡᠯᠡᠰᠦ ᠶᠢ ᠲᠣᠭᠲᠠᠪᠤᠷᠢᠵᠢᠭᠤᠯᠬᠤ ᠵᠠᠭᠪᠤᠷ ᠪᠣᠯᠤᠨ ᠭᠤᠤ ᠳᠠᠳᠠᠬᠤ᠂ ᠨᠥᠬᠦᠵᠦ ᠳᠠᠷᠢᠬᠤ᠂ ᠤᠰᠤᠯᠠᠬᠤ ᠵᠡᠷᠭᠡ ᠠᠵᠢᠯ ᠤᠨ ᠶᠠᠪᠤᠴᠠ ᠶᠢ ᠨᠠᠷᠢᠨ ᠣᠶᠢᠯᠠᠭᠠᠵᠤ᠂ ᠺᠠᠳ᠋ᠷ ᠣᠯᠠᠨ ᠲᠦᠮᠡᠨ ᠲᠠᠢ ᠬᠠᠮᠲᠤ ᠪᠠᠷ ᠮᠣᠳᠣ ᠳᠠᠷᠢᠵᠤ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠤᠷᠳᠤ ᠬᠤᠭᠤᠴᠠᠭ᠎ᠠ ᠪᠠᠷ ᠵᠢᠳᠬᠦᠯ ᠴᠢᠷᠮᠠᠶᠢᠯᠭ᠎ᠠ ᠭᠠᠷᠭᠠᠵᠥ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠨᠠᠩ ᠪᠠᠲᠤ ᠪᠠᠬᠢ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号