ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/12
    4 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠮᠵᠢᠯᠭᠡ ᠶᠢᠨ ᠰᠠᠨᠠᠯ ᠪᠣᠯᠤᠨ ︽ᠵᠢᠷᠭᠤᠭᠠᠨ ᠢᠨᠵᠧᠨᠧᠷᠢᠩ︾ ᠢ ᠨᠢᠭᠡᠳᠦᠯᠲᠡᠢ ᠲᠥᠯᠥᠪᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠤᠨ ᠠᠯᠢ ᠤᠯᠠᠨ ᠲᠥᠰᠦᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠳᠡᠳ᠋ ᠲᠡᠷᠢᠭᠦᠯᠡᠭᠴᠢ ᠨᠡᠷ ᠳᠦᠷᠦᠬᠦᠦ ᠤᠯᠠᠷᠢᠯ ᠤᠨ ᠠᠵᠢᠯ ᠤᠨ ᠳᠤᠮᠳᠠ ᠢᠯᠡᠷᠡᠭᠰᠡᠨ ᠳᠣᠪᠤᠶᠢᠮ᠎ᠠ ᠠᠰᠠᠭᠤᠳᠠᠯ ᠢ ᠭᠦᠨᠵᠡᠭᠡᠶ ᠰᠤᠳᠤᠯᠵᠤ᠂ ᠴᠢᠭᠯᠡᠭᠦᠯᠤᠯᠳᠤ ᠴᠢᠨᠠᠷᠲᠠᠶ ᠪᠠᠷ ᠨᠢᠭᠡᠳ ᠨᠢᠭᠡ ᠪᠠᠷ ᠰᠢᠢᠳᠪᠦᠷᠢᠯᠡᠵᠦ᠂ ᠠᠵᠢᠯ ᠤᠨ ᠶᠠᠰᠤ ᠴᠢᠨᠠᠷ ᠪᠣᠯᠤᠨ ᠦᠷ᠎ᠡ ᠪᠦᠲᠦᠮᠵᠢ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ ᠭᠡᠵᠥ ᠴᠢᠬᠤᠯᠠᠴᠢᠯᠠᠪᠠ᠃    ᠬᠤᠷᠠᠯ ᠠᠴᠠ ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠠᠴᠠ ᠪᠠᠭᠤᠯᠭᠠᠭᠰᠠᠨ ᠳᠠᠷᠢᠬᠤ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠶ᠃ ᠠᠵᠤ ᠦᠢᠯᠡᠰᠵᠢᠯᠲᠡ ᠶᠢᠨ ᠠᠵᠢᠯ ᠢ ᠰᠠᠶᠢᠲᠤᠷ ᠬᠢᠵᠦ᠂ ᠰᠦ ᠶᠢᠨ ᠦᠢᠯᠡᠰ᠂ ᠮᠢᠬᠠᠨ ᠤ ᠬᠤᠨᠢ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠠᠨ ᠤ ᠣᠷᠣᠨ ᠤ ᠮᠠᠯ ᠠᠵᠤ ᠠᠬᠤᠶ ᠲᠠᠷᠢᠶᠠᠯᠠᠩ ᠤᠨ ᠲᠠᠰ ᠳᠡᠪᠰᠢᠬᠦ ᠳᠤ ᠲᠤᠯᠭᠠᠭᠤᠷᠢᠯᠠᠬᠤ ᠬᠡᠷᠡᠭᠲᠡᠶ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠠᠴᠠ ᠦᠷ᠎ᠡ ᠠᠰᠢᠭ ᠣᠯᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠴᠢᠷᠮᠠᠶᠢᠨ ᠳᠡᠭᠡᠭᠰᠢᠯᠡᠭᠦᠯᠵᠦ᠂ ᠣᠳᠣ ᠦᠶ᠎ᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃    ᠬᠤᠷᠠᠯ ᠠᠴᠠ ᠲᠤᠭ᠎ᠠ ᠪᠦᠷᠢᠳᠭᠡᠯ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠢᠭᠡᠨᠲᠡ ᠣᠯᠤᠭᠰᠠᠨ ᠠᠮᠵᠢᠯᠲᠠ ᠪᠦᠳᠦᠮᠵᠢ ᠪᠠᠨ ᠪᠠᠬᠢᠵᠢᠭᠦᠯᠬᠦ ᠪᠠᠷ ᠪᠠᠷᠠᠬᠤ ᠥᠬᠡᠶ ᠨᠠᠩ ᠴᠤ ︽ᠰᠡᠭᠦᠯᠴᠢ ᠶᠢᠨ ᠬᠠᠭᠠᠰ ᠠᠵᠢᠯ︾ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠦᠨᠡᠨ ᠪᠣᠳᠠᠲᠠᠶ ᠪᠠᠷ ᠠᠰᠠᠭᠤᠳᠠᠯ ᠢ ᠰᠢᠢᠳᠪᠦᠷᠢᠯᠡᠵᠦ᠂ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠯᠣᠭᠢᠭ ᠴᠢᠨᠠᠷ ᠢ ᠦᠨᠡᠨ ᠬᠦ ᠪᠠᠲᠤᠯᠠᠵᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ᠲᠤᠭ᠎ᠠ ᠪᠦᠷᠢᠳᠭᠡᠯ ᠢ ᠬᠠᠭᠤᠷᠮᠠᠭᠯᠠᠨ ᠵᠣᠬᠢᠶᠠᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦᠨ ᠤ ᠠᠵᠢᠯ ᠤᠨ ᠲᠥᠰᠦᠯ ᠢ ᠰᠤᠳᠤᠯᠵᠤ᠂ ᠰᠠᠭᠤᠷᠢ ᠮᠥᠩᠭᠦᠨ ᠤ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠬᠦᠷᠦᠩᠭᠡ ᠶᠢᠨ ᠣᠷᠣᠭᠤᠯᠤᠯᠲᠠ ᠶᠢ ᠦᠷᠭᠦᠯᠵᠢᠯᠡᠨ ᠬᠦᠳᠦᠯᠥᠨ ᠳᠠᠭᠠᠭᠤᠯᠵᠤ᠂ ᠪᠣᠳᠠᠲᠠᠢ ᠳᠤ ᠨᠡᠶᠢᠴᠡᠭᠰᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠤ ᠶᠢ ᠵᠠᠰᠠᠬᠤ ᠵᠠᠭᠪᠤᠷ ᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠦᠪᠡᠭᠴᠢᠯᠡᠵᠦ᠂ ᠲᠤᠰ ᠭᠠᠵᠠᠷ ᠤᠨ ᠴᠢᠬᠢ ᠮᠣᠳᠣ ᠶᠢ ᠪᠤᠶᠢᠵᠢᠭᠤᠯᠬᠤ ᠠᠵᠢᠯ ᠢ ᠪᠣᠳᠠᠲᠠᠢ ᠠᠳᠬᠤᠵᠤ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠥ ᠪᠠᠶᠢᠭᠠᠳ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠦᠴᠦᠯᠡᠨ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠲᠥᠰᠦᠯ ᠢ ᠰᠤᠳᠤᠯᠵᠤ᠂ ᠰᠶᠢᠳᠪᠡᠯ ᠳᠠᠷᠤᠢ ᠲᠦᠷᠭᠡᠨ ᠬᠢᠵᠦ᠂ ᠲᠦᠷᠭᠡᠨ ᠠᠴᠠ ᠲᠦᠷᠭᠡᠨ ᠬᠢᠵᠦ᠂ ᠡᠷᠲᠡ ᠠᠴᠠ ᠡᠷᠲᠡ ᠬᠢᠵᠦ᠂ ᠤᠳᠤ  ᠠᠴᠠ ᠡᠬᠢᠯᠡᠵᠦ ᠰᠢᠨᠵᠢᠯᠡᠬᠦ ᠤᠬᠠᠭᠠᠨ  ᠤ ᠰᠤᠳᠤᠯᠭᠠᠨ ᠪᠣᠯᠤᠨ ᠴᠢᠳᠠᠪᠤᠷᠢᠲᠠᠨ  ᠢ ᠬᠥᠮᠦᠵᠢᠭᠦᠯᠬᠦ ᠲᠦᠷᠦᠯ ᠵᠦᠢᠯ  ᠢ ᠭᠠᠷᠳᠠᠨ ᠬᠢᠵᠥ᠂ ᠡᠷᠲᠡᠬᠡᠨ ᠪᠣᠳᠠᠲᠠᠢ ᠦᠷ᠎ᠡ ᠪᠦᠲᠦᠭᠡᠯ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠨᠡᠶᠢᠲᠡ ᠶᠢᠨ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠪᠠᠲᠤᠯᠠᠨ᠂ ᠬᠤᠲᠠ ᠶᠢᠨ ᠠᠭᠠᠷ ᠤᠨ ᠲᠡᠭᠡᠭᠡᠪᠦᠷᠢ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠳᠤᠤᠷ᠎ᠠ ᠠᠭᠠᠷ ᠤᠨ ᠵᠢᠭᠤᠯᠴᠢᠯᠠᠯ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠠᠵᠤ ᠦᠢᠯᠡᠰ ᠢ ᠴᠣᠭᠴᠠᠯᠠᠵᠤ᠂ ᠨᠡᠶᠢᠲᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠥ᠂ ᠨᠡᠶᠢᠲᠡ ᠶᠢᠨ ᠬᠡᠷᠡᠭᠯᠡᠭᠡᠨ ᠤ ᠠᠭᠠᠷ ᠤᠨ ᠠᠶᠠᠯᠠᠯ ᠤᠨ ᠦᠢᠯᠡᠳᠬᠦ ᠦᠢᠯᠡᠰ ᠤᠨ ᠳᠠᠯ᠎ᠠ ᠪᠠᠷ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠰᠢᠨ᠎ᠡ ᠠᠵᠤ ᠦᠢᠯᠡᠰ ᠤᠨ ᠪᠦᠯᠦᠭᠵᠢᠯ ᠢ ᠴᠢᠷᠮᠠᠶᠢᠨ ᠪᠤᠶᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号