ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/4/15
      4 ᠰᠠᠷ᠎ᠠ ᠶᠢᠨ 12 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠸᠧᠢ ᠳ᠋ᠦᠩ ᠣᠷᠣᠯᠴᠠᠪᠠ᠃      ᠬᠤᠷᠠᠯ ᠠᠴᠠ᠂ 3 ᠰᠠᠷ᠎ᠠ ᠶᠢᠨ 29 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠲᠤ ᠶᠠᠭ ᠥᠷᠨᠢᠭᠦᠯᠵᠦ ᠪᠠᠶᠢᠭ᠎ᠠ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠴᠠᠭᠳᠠᠨ ᠪᠠᠶᠢᠴᠠᠭᠠᠬᠤ ᠪᠠ ᠪᠤᠰᠤᠳ ᠬᠢᠨᠠᠯᠲᠠ ᠲᠠᠯᠪᠢᠬᠤ ᠶᠢ ᠬᠤᠯᠪᠤᠯᠳᠠᠭᠤᠯᠤᠨ ᠵᠣᠬᠢᠴᠠᠭᠤᠯᠬᠤ ᠶᠢ ᠭᠦᠨᠵᠡᠭᠡᠶᠢᠷᠡᠭᠦᠯᠵᠦ᠂ ᠴᠠᠭᠳᠠᠨ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠭᠤᠤᠯᠳᠠᠯᠭ᠎ᠠ ᠲᠠᠢ ᠬᠥᠮᠦᠨ᠂  ᠶᠠᠪᠤᠳᠠᠯ ᠪᠠ ᠠᠵᠢᠯ ᠤᠨ ᠪᠠᠶᠢᠷᠢ ᠶᠢ ᠴᠢᠩᠭ᠎ᠠ ᠠᠩᠬᠠᠷᠴᠤ᠂ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠭᠦᠨᠵᠡᠭᠡᠶ ᠤᠬᠤᠴᠢᠯᠠᠵᠤ᠂ ᠤᠯᠤᠰ ᠲᠥᠷᠥ ᠶᠢᠨ ᠬᠢᠨᠠᠯᠲᠠ ᠶᠢ ᠪᠤᠲᠠᠲᠠᠶᠢᠵᠢᠭᠤᠯᠬᠤ᠂ ᠨᠠᠷᠢᠯᠢᠭᠵᠢᠭᠤᠯᠬᠤ ᠪᠠ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠶ᠃ ᠲᠣᠭᠤᠷᠢᠨ ᠪᠠᠶᠢᠴᠠᠭᠠᠯᠲᠠ ᠴᠠᠭᠳᠠᠨ ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠪᠠᠶᠢᠭᠤᠯᠬᠤ᠂ ᠵᠠᠰᠠᠬᠤ ᠶᠢ ᠠᠬᠢᠭᠤᠯᠵᠤ᠂ ᠴᠠᠭᠳᠠᠨ ᠪᠠᠶᠢᠴᠠᠭᠠᠬᠤ ᠦᠶ᠎ᠡ ᠳᠤ ᠰᠦᠷ ᠳᠠᠯᠠᠶᠢᠴᠠᠲᠠᠢ ᠪᠠᠶᠢᠵᠤ᠂ ᠴᠡᠭᠴᠡᠯᠡᠨ ᠰᠠᠶᠢᠵᠢᠷᠠᠭᠤᠯᠬᠤ ᠦᠶ᠎ᠡ ᠳᠤ ᠬᠠᠰᠢ ᠶᠠᠰᠢ ᠪᠠᠶᠢᠵᠤ ᠪᠣᠯᠬᠤ ᠦᠭᠡᠢ ᠭᠡᠪᠡ᠃      ᠬᠤᠷᠠᠯ ᠳᠤ ᠪᠥᠬᠦ ᠠᠶᠢᠮᠠᠭ ᠤᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂  ᠰᠢᠨ᠎ᠡ ᠪᠠᠶᠢᠳᠠᠯ ᠳᠤᠤᠷᠠᠬᠢ ᠨᠠᠮ ᠤᠨ ᠣᠯᠠᠨ ᠲᠦᠮᠡᠨ ᠤ ᠪᠦᠯᠬᠦᠮ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠤᠯ ᠰᠢᠵᠢᠮ ᠢ ᠣᠯᠠᠨ ᠲᠦᠮᠡᠨ ᠤ ᠪᠦᠯᠬᠦᠮ ᠤᠨ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠡᠯ᠎ᠡ ᠲᠥᠷᠥᠯ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠦᠲᠦᠮᠵᠢᠲᠡᠢ ᠦᠷᠨᠢᠭᠦᠯᠵᠦ᠂ ᠠᠷᠠᠳ ᠲᠦᠮᠡᠨ ᠢ ᠨᠠᠮ ᠤᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠭᠦᠯᠬᠦ ᠬᠡᠷᠡᠭᠲᠡᠶ᠃ ᠬᠡᠶᠢᠰᠪᠦᠷᠢ ᠶᠢ ᠪᠣᠲᠠᠲᠠᠶᠢᠵᠢᠭᠤᠯᠬᠤ ᠶᠢ ᠪᠠᠷᠢᠮᠲᠠᠯᠠᠵᠤ᠂ ᠠᠶᠢᠮᠠᠭ ᠤᠨ ᠨᠠᠮ ᠤᠨ ᠬᠤᠷᠢᠶᠠᠨ ᠤ ᠶᠡᠭᠡ ᠲᠠᠯ᠎ᠠ ᠪᠠ ᠭᠤᠣᠯ ᠠᠵᠢᠯ ᠤᠨ ᠲᠣᠭᠤᠷᠢᠨ ᠳᠤ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠯᠠᠨ ᠲᠦᠮᠡᠨ ᠲᠠᠢ ᠬᠠᠷᠢᠯᠴᠠᠬᠤ᠂ ᠣᠯᠠᠨ ᠲᠦᠮᠡᠨ ᠳᠤ ᠦᠢᠯᠡᠴᠢᠯᠡᠬᠦ᠂ ᠣᠯᠠᠨ ᠲᠥᠮᠡᠨ ᠢ ᠨᠢᠭᠲᠠᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠲᠦᠮᠡᠨ ᠢ ᠳᠠᠶᠢᠴᠢᠯᠠᠨ ︽ᠵᠢᠷᠭᠤᠭᠠᠨ ᠢᠨᠵᠧᠨᠧᠷᠢᠩ︾ ᠪᠠ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ᠂ ᠲᠠᠪᠤᠨ ᠶᠡᠭᠡ ᠰᠠᠭᠤᠷᠢᠨ ᠢ ᠪᠠᠶᠢᠭᠤᠯᠬᠤ᠂ ᠳᠣᠯᠣᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾ ᠦᠢᠯᠡᠳᠦᠯᠭᠡ ᠳᠤ ᠢᠳᠡᠪᠬᠢᠲᠡᠢ ᠣᠷᠣᠯᠴᠠᠭᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠯᠠᠨ ᠲᠦᠮᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠡᠷᠡᠰ ᠲᠡᠪᠴᠢᠵᠦ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠮᠠᠨᠳᠤᠭᠤᠯᠵᠤ᠂ ᠤᠯᠠᠨ ᠲᠦᠮᠡᠨ ᠤ ᠪᠦᠯᠬᠦᠮ ᠤᠨ ᠠᠵᠢᠯ ᠤᠨ ᠥᠭᠡᠷᠡᠴᠢᠯᠡᠯᠲᠡ ᠰᠢᠨᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠨᠠᠮ ᠤᠨ ᠤᠯᠠᠨ ᠲᠦᠮᠡᠨ ᠤ ᠪᠦᠯᠬᠦᠮ ᠤᠨ ᠠᠵᠢᠯ ᠪᠣᠯᠤᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠦᠨᠡᠨ ᠬᠦ ᠪᠠᠲᠤᠯᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠵᠤ ᠬᠢᠨᠠᠨ ᠵᠥᠪᠯᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号