ᠮᠠᠨ ᠤ ᠣᠷᠣᠨ ᠬᠡᠷ ᠭᠠᠵᠠᠷ ᠤᠨ ᠬᠥᠷᠥᠩᠭᠡ ᠨᠡᠭᠡᠭᠡᠨ ᠬᠦᠭᠵᠢᠬᠦᠯᠬᠦ ᠠᠵᠤ ᠠᠬᠤᠶᠢᠯᠠᠯ ᠪᠠ ᠵᠠᠭᠤᠴᠢ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/4/15
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ  ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠵᠠᠭᠤᠴᠢᠯᠠᠬᠤ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠳᠥᠭᠦᠮᠴᠢᠯᠡᠨ᠎ᠡ︶ ᠶᠢ ᠣᠶᠢᠷ᠎ᠠ ᠳᠤ ᠳᠠᠷᠤᠮᠠᠯᠯᠠᠨ ᠲᠠᠷᠬᠠᠭᠠᠵᠤ᠂ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠤᠢ᠃    ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠳᠤ ᠰᠠᠭᠤᠷᠢ ᠮᠡᠳᠡᠭᠡ ᠵᠠᠩᠭᠢ᠂ ᠢᠲᠡᠭᠡᠮᠵᠢ ᠰᠠᠶᠢᠵᠢᠷᠠᠭᠰᠠᠨ ᠮᠡᠳᠡᠭᠡ ᠵᠠᠩᠭᠢ ᠪᠠ ᠢᠲᠡᠭᠡᠮᠵᠢ ᠠᠯᠳᠠᠭᠰᠠᠨ ᠮᠡᠳᠡᠭᠡ ᠵᠠᠩᠭᠢ ᠪᠠᠭᠲᠠᠨ᠎ᠠ᠃ ︽ᠠᠷᠭ᠎ᠠ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠪᠦᠭᠦ ᠣᠷᠣᠨ ᠤ ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠵᠠᠭᠤᠴᠢᠯᠠᠬᠤ ᠪᠠᠶᠢᠭᠤᠯᠤᠮᠵᠢ ᠶᠢᠨ ᠢᠲᠡᠭᠡᠮᠵᠢ ᠶᠢᠨ ᠬᠠᠮᠢᠶᠠᠷᠤᠯᠲᠠ ᠳᠤ ᠬᠥᠳᠡᠯᠦᠩᠭᠦᠢ ᠦᠨᠡᠯᠡᠯᠲᠡ ᠶᠢ ᠬᠡᠷᠡᠭᠵᠢᠭᠦᠯᠵᠦ᠂ ᠢᠲᠡᠭᠡᠮᠵᠢ ᠶᠢᠨ ᠬᠤᠪᠢ ᠲᠡᠮᠳᠡᠭᠯᠡᠬᠦ ᠳᠦᠷᠢᠮ ᠢ ᠬᠡᠷᠡᠭᠵᠢᠭᠦᠯᠦᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠤᠪᠢ ᠶᠢᠨ ᠥᠷᠲᠡᠭ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠵᠠᠭᠤᠴᠢᠯᠠᠬᠤ ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠤᠪᠢ ᠲᠣᠭᠲᠠᠭᠠᠬᠤ ᠪᠠᠷᠢᠮᠵᠢᠶ᠎ᠠ︾ ᠪᠠᠷ ᠦᠨᠳᠦᠰᠦᠯᠡᠯ ᠪᠤᠯᠭᠠᠵᠤ ᠲᠣᠭᠲᠠᠭᠠᠨ᠎ᠠ᠃ ︽ᠠᠷᠭ᠎ᠠ︾ ᠳᠤ ᠢᠲᠡᠭᠡᠮᠵᠢ ᠶᠢᠨ ᠵᠡᠷᠭᠡ ᠳᠡᠰ ᠢ A᠂ B᠂ C᠂ D ᠳᠥᠷᠪᠡᠨ ᠵᠡᠷᠭᠡ ᠳᠡᠰ ᠬᠤᠪᠢᠶᠠᠬᠤ ᠶᠢᠨ ᠬᠠᠮᠲᠤ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠵᠠᠭᠤᠴᠢᠯᠠᠬᠤ ᠪᠠᠶᠢᠭᠤᠯᠤᠮᠵᠢ ᠶᠢᠨ ᠠᠳᠠᠯᠢ ᠪᠤᠰᠤ ᠢᠲᠡᠭᠡᠮᠵᠢ ᠶᠢᠨ ᠵᠡᠷᠭᠡ ᠳᠡᠰ ᠲᠤ ᠴᠢᠭᠯᠡᠭᠦᠯᠦᠨ᠂ ᠬᠠᠷᠢᠯᠴᠠᠨ ᠲᠣᠬᠢᠷᠠᠯᠴᠠᠭᠰᠠᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠲᠣᠭᠲᠠᠭᠠᠵᠠᠢ᠃    ︽ᠠᠷᠭ᠎ᠠ︾ ᠨᠢ᠂ ᠪᠦᠭᠦ ᠣᠷᠣᠨ ᠤ ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠵᠠᠭᠤᠴᠢᠯᠠᠬᠤ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠬᠢᠵᠠᠭᠠᠷᠯᠠᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠯᠢᠳᠡᠭ ᠰᠠᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠦᠷᠢᠯᠳᠦᠭᠦᠯᠦᠨ᠂ ᠢᠲᠡᠭᠡᠮᠵᠢ ᠪᠠᠷ ᠰᠠᠭᠤᠷᠢ ᠪᠤᠯᠭᠠᠬᠰᠠᠨ ᠰᠢᠨ᠎ᠡ ᠭᠡᠯᠪᠡᠷᠢ ᠶᠢᠨ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠭᠡᠷ ᠭᠠᠵᠠᠷ ᠤᠨ ᠬᠥᠷᠥᠩᠭᠡ  ᠶᠢᠨ ᠨᠡᠭᠡᠭᠡᠨ ᠬᠥᠭᠵᠢᠭᠦᠯᠬᠦ ᠡᠵᠡᠩᠨᠡᠯᠲᠡ ᠪᠠ ᠭᠡᠷ ᠭᠠᠵᠠᠷ ᠤᠨ ᠬᠥᠷᠥᠩᠭᠡ ᠶᠢᠨ ᠵᠠᠭᠤᠴᠢᠯᠠᠬᠤ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠬᠤ ᠳᠤ ᠠᠰᠢᠭᠲᠠᠢ ᠶᠤᠮ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号