ᠰᠦᠨ ᠱᠤᠤ ᠴᠧᠩ ᠸᠠᠩ ᠯᠢ ᠰᠢᠶᠠ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠦᠦ ᠹᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/15
    4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠦᠦ ᠹᠠᠩ ᠲᠠᠢ ᠠᠭᠤᠯᠵᠠᠪᠠ᠃    ᠰᠦᠨ ᠱᠤᠤ ᠴᠧᠩ ᠶᠢᠨ ᠪᠦᠦ ᠹᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠪᠣᠯᠤᠨ ᠭᠤᠤᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢ ᠲᠤᠰᠬᠠᠶᠢᠯᠠᠨ ᠪᠠᠶᠢᠭᠤᠯᠤᠭᠰᠠᠨ ᠨᠢ ᠭᠤᠤᠯᠳᠠᠭᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠨᠠᠩ ᠰᠠᠶᠢᠲᠤᠷ ᠬᠠᠷᠢᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠳᠤ ᠦᠢᠯᠡᠴᠢᠯᠡᠬᠦ ᠶᠢᠨ ᠲᠥᠯᠥᠭᠡ ᠶᠤᠮ᠂ ᠨᠡᠷᠡᠰ ᠲᠤ ᠵᠢᠭᠰᠠᠭᠠᠭᠳᠠᠭᠰᠠᠨ ᠭᠤᠤᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠠᠢ ᠠᠳᠠᠯᠢᠬᠠᠨ ᠬᠠᠷᠠᠭᠠᠯᠵᠠᠯ ᠭᠥᠷᠳᠡᠨ᠎ᠡ᠃ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠦᠷᠭᠦᠯᠵᠢᠯᠡᠨ ᠥᠪᠥᠷ ᠮᠣᠩᠭᠤᠯ ᠳᠤ ᠭᠦᠨᠵᠡᠭᠡᠶᠢᠷᠡᠵᠦ᠂ ᠬᠤᠶᠠᠷ ᠲᠠᠯ᠎ᠠ ᠪᠠᠷ ᠢᠶᠠᠨ ᠲᠤᠰᠬᠠᠶ ᠠᠵᠢᠯᠲᠡᠨ ᠲᠣᠮᠢᠯᠠᠨ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠵᠦᠢᠯᠡᠰ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ ᠬᠤᠯᠪᠣᠭᠳᠠᠯ ᠪᠥᠬᠦᠶ ᠲᠠᠯ᠎ᠠ ᠶᠢᠨ ᠬᠢᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ ᠶᠠᠪᠤᠴᠠ ᠳᠤ ᠠᠵᠤ ᠠᠬᠤᠶᠢᠯᠠᠯ ᠳᠤ ᠬᠢᠭᠰᠡᠨ ᠠᠮᠠᠯᠠᠯᠲᠠ ᠪᠠᠨ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠡᠢ᠃    ᠶᠢᠨ ᠪᠦᠦ ᠹᠠᠩ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠥᠩᠭᠡᠷᠡᠯᠲᠡ ᠪᠣᠯᠤᠨ ᠥᠪᠥᠷ ᠮᠣᠩᠭᠤᠯ ᠳᠠᠬᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠬᠢᠨ ᠥᠪᠥᠷ ᠮᠣᠩᠭᠤᠯ ᠳᠠᠬᠢ ᠪᠠᠯᠠ ᠣᠷᠣᠭᠤᠯᠤᠯᠲᠠ ᠪᠠ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠬᠡᠯᠬᠢᠶ᠎ᠡ ᠶᠢᠨ ᠭᠤᠤᠯ ᠠᠵᠤ ᠠᠬᠤᠶᠢᠯᠠᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠯᠤᠭ᠎ᠠ ᠬᠡᠷᠡᠯᠴᠢ ᠴᠡᠨᠡᠭ ᠤᠨ ᠦᠢᠯᠡᠳᠭᠡᠯ ᠪᠠ ᠬᠡᠷᠡᠭᠯᠡᠭᠡ ᠵᠡᠷᠭᠡ ᠲᠠᠯ᠎ᠠ ᠶᠢᠨ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠠᠯᠠ ᠨᠡᠶᠢᠯᠡᠭᠦᠯᠦᠭᠰᠡᠨ ᠠᠵᠤ ᠠᠬᠤᠶᠢᠯᠠᠯ ᠢ ᠰᠠᠶᠢᠲᠤᠷ ᠡᠷᠭᠢᠯᠡᠵᠦ᠂ ᠪᠠᠯᠠ ᠣᠷᠣᠭᠤᠯᠤᠭᠰᠠᠨ ᠲᠥᠷᠥᠯ ᠵᠦᠢᠯ ᠢ ᠰᠠᠶᠢᠲᠤᠷ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠶ᠊ ᠡᠶ᠎ᠡ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号