ᠡᠵᠡᠨ᠎ᠡ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠭᠠᠶᠢᠯᠢ ᠶᠢᠨ ᠪᠤᠰᠤ ᠣᠷᠣᠯᠭ᠎ᠠ ᠶᠢ ᠬᠤᠷᠢᠶᠠᠨ ᠲᠤᠰᠢᠶᠠᠯᠭᠠᠬᠤ ᠡᠯᠧᠺᠲᠷᠣᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/4/16
      ᠨᠢᠭᠡ ᠳᠤ᠂ ᠶᠠᠪᠤᠴᠠ ᠶᠢ ᠳᠥᠭᠦᠮᠴᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠶᠢ ᠪᠦᠬᠦ ᠶᠠᠪᠤᠴᠠ ᠳᠤ ᠨᠡᠪᠲᠡᠷᠡᠭᠦᠯᠪᠡ᠃ ᠭᠠᠶᠢᠯᠢ ᠶᠢᠨ ᠪᠤᠰᠤ ᠲᠤᠰᠢᠶᠠᠯᠲᠠ ᠵᠢᠴᠢ ᠡᠳ᠋ ᠤᠨ ᠵᠠᠰᠠᠭ ᠤᠨ ᠪᠠᠷᠢᠮᠲᠠ ᠶᠢᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ᠂ ᠰᠦᠢᠳᠬᠡᠯ ᠲᠤᠰᠢᠶᠠᠬᠤ ᠴᠤᠪᠤᠷᠠᠯ ᠢ ᠴᠣᠮᠬᠠᠳᠬᠠᠵᠤ᠂ ᠳᠠᠩ ᠭᠠᠭᠴᠠ ᠰᠦᠢᠳᠬᠡᠯ ᠲᠤᠰᠢᠶᠠᠬᠤ ᠠᠷᠭ᠎ᠠ ᠵᠠᠮ ᠠᠴᠠ ᠪᠠᠨ ᠲᠤᠬᠠᠶ ᠶᠢᠨ ᠲᠠᠯᠠᠪᠠᠢ ᠳᠤ ᠺᠣᠳ᠋ ᠰᠢᠷᠪᠢᠬᠦ᠂ ᠸᠢᠴᠠᠲ ᠢᠶᠠᠷ ᠲᠣᠭᠠᠴᠠᠭ᠎ᠠ ᠬᠢᠬᠦ ᠵᠡᠷᠭᠡ ᠣᠯᠠᠨ ᠵᠠᠮ ᠮᠥᠷ ᠢᠶᠠᠷ ᠰᠦᠢᠳᠬᠡᠯ ᠲᠤᠰᠢᠶᠠᠬᠤ ᠶᠢ ᠳᠡᠮᠵᠢᠬᠦ ᠵᠠᠭᠪᠤᠷ ᠪᠣᠯᠭᠠᠨ ᠬᠤᠪᠢᠷᠠᠭᠤᠯᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠪᠡᠶᠡᠯᠡᠭᠦᠯᠪᠡ᠃ ᠬᠤᠶᠠᠷ ᠲᠤ᠂ ᠴᠢᠩᠭ᠎ᠠ ᠬᠠᠮᠢᠶᠠᠷᠤᠨ ᠡᠵᠡᠮᠳᠡᠵᠦ᠂ ᠬᠠᠮᠢᠶᠠᠷᠤᠯᠲᠠ ᠶᠢ ᠵᠢᠷᠤᠮᠵᠢᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ᠃ ᠡᠬᠢ ᠡᠭᠦᠰᠦᠯ ᠠᠴᠠ ᠨᠢ ᠬᠠᠮᠢᠶᠠᠷᠬᠤ ᠶᠢ ᠪᠠᠷᠢᠮᠲᠠᠯᠠᠨ᠂ ᠰᠦᠢᠳᠬᠡᠯ ᠬᠤᠷᠢᠶᠠᠬᠤ ᠨᠢᠭᠡᠴᠡ ᠶᠢᠨ ᠰᠦᠢᠳᠬᠡᠯ ᠬᠤᠷᠢᠶᠠᠬᠤ ᠲᠥᠷᠥᠯ ᠵᠦᠢᠯ᠂ ᠪᠠᠷᠢᠮᠵᠢᠶ᠎ᠠ ᠶᠢ ᠲᠣᠭᠲᠠᠭᠠᠬᠤ ᠪᠠᠷ ᠳᠠᠮᠵᠢᠭᠤᠯᠤᠨ᠂ ᠬᠢᠨᠠᠨ ᠬᠠᠮᠢᠶᠠᠷᠤᠯᠲᠠ ᠶᠢᠨ ᠪᠣᠭᠤᠮᠲᠠ ᠶᠢ ᠤᠷᠤᠭᠰᠢᠯᠠᠭᠤᠯᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠦᠵᠡᠭᠳᠡᠯ ᠢ ᠡᠬᠢ ᠡᠭᠦᠰᠦᠯ ᠠᠴᠠ ᠨᠢ ᠰᠡᠷᠭᠡᠶᠢᠯᠡᠪᠡ᠃ ᠭᠤᠷᠪᠠ ᠳᠤ᠂ ︽ᠢᠨᠲ᠋ᠧᠷ ᠰᠦᠯᠵᠢᠶ᠎ᠡ + ᠭᠠᠶᠢᠯᠢ ᠶᠢᠨ ᠪᠤᠰᠤ ᠰᠦᠢᠳᠬᠡᠯ ᠲᠤᠰᠢᠶᠠᠬᠤ︾ ᠶᠢ ᠢᠳᠡᠪᠬᠢᠲᠡᠶ ᠠᠬᠢᠭᠤᠯᠪᠠ᠃ ᠭᠠᠶᠢᠯᠢ ᠶᠢᠨ ᠪᠤᠰᠤ ᠣᠷᠣᠯᠭ᠎ᠠ ᠶᠢ ᠬᠤᠷᠢᠶᠠᠨ ᠲᠤᠰᠢᠶᠠᠯᠭᠠᠬᠤ  ᠡᠯᠧᠺᠲᠷᠤᠨᠴᠢᠯᠠᠭᠰᠠᠨ ᠰᠦᠯᠵᠢᠶᠡᠨ ᠪᠠᠩᠬᠢ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠭᠦᠢᠴᠡᠳᠭᠡᠬᠦ ᠨᠢᠭᠡᠴᠡ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠬᠤᠷᠢᠶᠠᠨ ᠴᠤᠭᠯᠠᠭᠤᠯᠵᠤ᠂  ᠦᠢᠯᠡᠴᠢᠯᠡᠭᠡᠨ ᠤ ᠶᠠᠰᠤ ᠴᠢᠨᠠᠷ ᠢ ᠬᠥᠳᠡᠯᠦᠩᠭᠦᠶ ᠪᠠᠷ ᠳᠡᠭᠡᠭᠰᠢᠯᠡᠭᠦᠯᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号