ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/16
      4 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ︽ᠪᠥᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠠᠶᠢᠮᠠᠭ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠪᠠ ︽ᠠᠵᠢᠯ ᠤᠨ ᠡᠭᠦᠷᠭᠡ ᠶᠢᠨ ᠬᠤᠪᠢᠶᠠᠷᠢᠯᠠᠯ︾ ᠢ ᠬᠢᠨᠠᠨ ᠵᠥᠪᠯᠡᠵᠦ᠂ ᠮᠠᠨ ᠤ ᠠᠶᠢᠮᠠᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠤᠸᠠᠩ ᠶᠠ ᠯᠢ ᠬᠤᠷᠠᠯ ᠢ ᠡᠷᠭᠢᠯᠡᠪᠡ᠃      ᠬᠤᠷᠠᠯ ᠠᠴᠠ᠂ ᠪᠦᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠮᠥᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠦᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠷ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠰᠠᠬᠢᠯᠭ᠎ᠠ ᠪᠠᠲᠤ ᠪᠠ ᠶᠣᠰᠣ ᠲᠦᠷᠢᠮ ᠢ ᠦᠨᠡᠨᠬᠦ ᠲᠣᠭᠲᠠᠭᠠᠵᠤ᠂ ᠴᠢᠩᠭᠠᠳᠬᠠᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ᠂ ᠬᠠᠷᠠᠯᠲᠠ ᠱᠠᠭᠠᠷᠳᠠᠯᠭ᠎ᠠ ᠪᠣᠯᠤᠨ ᠰᠤᠷᠤᠯᠴᠠᠯᠭ᠎ᠠ ᠶᠢᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠲᠦᠷᠢᠮ ᠪᠣᠯᠭᠠᠨ ᠵᠤᠷᠪᠤᠰ ᠳᠠᠷᠠᠭᠠᠯᠠᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠲᠤᠰᠬᠠᠢ ᠰᠡᠳᠦᠪᠲᠦ ᠪᠣᠯᠪᠠᠰᠤᠷᠠᠯ ᠪᠣᠯᠤᠨ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ ᠶᠢ ᠰᠠᠶᠢᠲᠤᠷ ᠠᠳᠬᠤᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠬᠢᠨᠠᠮᠠᠭᠠᠢ ᠰᠤᠷᠤᠯᠴᠠᠵᠦ᠂ ᠲᠡᠭᠦᠨ ᠤ ᠭᠤᠣᠯ ᠵᠣᠷᠢᠯᠲᠠ ᠴᠢᠬᠤᠯᠠ ᠠᠭᠤᠯᠭ᠎ᠠ ᠪᠣᠯᠤᠨ ᠲᠣᠭᠲᠠᠭᠠᠯ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠳᠡᠷᠭᠡᠳᠡᠬᠢ ᠬᠥᠮᠦᠨ᠂ ᠳᠡᠷᠭᠡᠳᠡᠬᠢ ᠶᠠᠪᠤᠳᠠᠯ ᠢᠶᠠᠨ ᠪᠡᠶ᠎ᠡ ᠪᠠᠷ ᠨᠢ ᠢᠯᠡᠳᠬᠡᠬᠦ ᠶᠢ ᠴᠢᠬᠤᠯᠠᠴᠢᠯᠠᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠥᠨ ᠵᠢᠯᠣᠭᠤᠳᠴᠤ ᠪᠠᠶᠢᠭᠠᠳ ᠶᠠᠭᠤ ᠶᠢ ᠬᠢᠵᠦ ᠪᠣᠯᠬᠤ᠂ ᠶᠠᠭᠤ ᠶᠢ ᠬᠢᠵᠦ ᠪᠣᠯᠬᠤ ᠦᠭᠡᠢ ᠶᠢ ᠤᠢᠢᠯᠠᠭᠠᠭᠤᠯᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠳᠣᠲᠣᠭᠠᠳᠤ ᠳᠠᠭᠠᠨ ᠡᠳᠦᠷ ᠲᠤᠳᠤᠮ ᠤᠨ ᠬᠡᠷᠡᠭᠯᠡᠭᠡᠨ ᠳᠤ ᠦᠯᠦ ᠮᠡᠳᠡᠭᠳᠡᠬᠦ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠴᠠᠭ ᠢᠮᠠᠭᠲᠠ ᠦᠭᠡᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠪᠠ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠡᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠨᠢᠭᠲᠠ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ᠂ ᠨᠢᠭᠡ ᠴᠤᠭᠴᠠᠵᠢᠭᠤᠯᠤᠨ ᠠᠬᠢᠭᠤᠯᠵᠤ᠂ ᠤᠨᠢᠨ ᠳᠡᠭᠡᠷ᠎ᠡ ᠨᠢ ᠬᠦᠴᠦᠯᠡᠵᠦ᠂ ᠬᠡᠯᠪᠡᠷᠢᠴᠢ ᠦᠵᠡᠯ ᠪᠣᠯᠤᠨ ᠱᠠᠳᠤ ᠱᠠᠳᠤ ᠪᠠᠷ ᠨᠡᠮᠡᠬᠦ ᠶᠢ ᠴᠢᠩᠭ᠎ᠠ ᠰᠡᠷᠭᠡᠶᠢᠯᠡᠵᠦ᠂ ᠤᠬᠠᠭᠤᠯᠵᠤ ᠬᠦᠳᠦᠯᠥᠨ ᠵᠢᠯᠣᠭᠤᠳᠬᠤ ᠶᠢ ᠦᠨᠡᠨ ᠬᠦ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号